ᠰᠢᠭᠤᠶᠢᠲᠤ ᠵᠡᠭᠡᠯᠢ ᠭᠤᠳᠤᠮᠵᠢ 《 ᠬᠠᠯᠠᠭᠤᠨ ᠳᠤᠯᠠᠭᠠᠨ ᠨᠡᠶᠢᠭᠡᠮ ᠲᠣᠭᠤᠷᠢᠭ ᠢ ᠪᠠᠶᠢᠭᠤᠯᠵᠤ᠂ ᠡᠬᠡ  ᠶᠢᠨ ᠬᠠᠶᠢᠷ᠎ᠠ ᠳᠤ ᠲᠠᠯᠠᠷᠬᠠᠬᠤ 》 ᠺᠢᠨᠣ᠋ ᠦᠵᠡᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/5/10
      ᠡᠬᠡᠴᠦᠦᠯ ᠤᠨ ᠪᠠᠶᠠᠷ ᠤᠨ ᠡᠳᠦᠷ ᠤᠨ ᠬᠦᠷᠴᠦ ᠢᠷᠡᠭᠰᠡᠨ ᠢ ᠪᠡᠯᠭᠡᠯᠡᠬᠦ ᠶᠢᠨ ᠲᠥᠯᠥᠭᠡ᠂ ᠡᠬᠡ ᠶᠢᠨ ᠢᠶᠠᠨ ᠠᠴᠢ ᠶᠢ ᠰᠠᠨᠠᠭᠠᠯᠵᠠᠵᠤ᠂ ᠬᠥᠮᠦᠨ ᠤ ᠠᠮᠢᠳᠤᠷᠠᠯ ᠢ ᠣᠢᠯᠠᠭᠠᠨ᠎ᠠ᠃ ᠡᠬᠡᠴᠦᠦᠯ ᠤᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠰᠢᠭᠤᠶᠢᠲᠤ ᠵᠡᠭᠡᠯᠢ ᠭᠤᠳᠤᠮᠵᠢ 《 ᠬᠠᠯᠠᠭᠤᠨ ᠳᠤᠯᠠᠭᠠᠨ ᠨᠡᠶᠢᠭᠡᠮ ᠲᠣᠭᠤᠷᠢᠭ ᠢ ᠪᠠᠶᠢᠭᠤᠯᠵᠤ᠂ ᠡᠬᠡ ᠶᠢᠨ ᠬᠠᠶᠢᠷ᠎ᠠ ᠬᠠᠯᠠᠮᠵᠢ ᠳᠤ ᠲᠠᠯᠠᠷᠬᠠᠬᠤ 》 ᠭᠤᠤᠯ ᠰᠡᠳᠦᠪᠲᠦ ᠺᠢᠨᠣ᠋ ᠦᠵᠡᠬᠦ ᠠᠵᠢᠯᠯᠠᠭ᠎ᠠ ᠶᠢ ᠥᠷᠨᠢᠭᠦᠯᠵᠦ᠂ ᠨᠡᠶᠢᠭᠡᠮ ᠲᠣᠭᠤᠷᠢᠭ ᠤᠨ ᠡᠮᠡᠭᠲᠡᠶᠢᠴᠦᠳ ᠢᠶᠠᠨ ᠤᠷᠢᠵᠤ᠂ 《 ᠰᠠᠶᠢᠨ ᠪᠠᠶᠢᠨ᠎ᠠ ᠤᠣ ᠯᠢ ᠬᠤᠸᠠᠨ ᠶᠢᠩ 》 ᠢ ᠬᠠᠮᠲᠤ ᠪᠠᠷ ᠰᠣᠨᠢᠷᠬᠠᠭᠤᠯᠵᠤ᠂ ᠲᠡᠳᠡᠨ ᠢ ᠬᠠᠯᠠᠭᠤᠨ ᠳᠤᠯᠠᠭᠠᠨ᠂ ᠪᠠᠶᠠᠷ ᠬᠥᠷ ᠲᠠᠢ᠂ ᠮᠠᠷᠲᠠᠭᠳᠠᠰᠢ ᠥᠬᠡᠶ ᠡᠬᠡᠴᠦᠦᠯ ᠤᠨ ᠪᠠᠶᠠᠷ ᠢ ᠥᠩᠭᠡᠷᠡᠭᠦᠯᠪᠡ᠃

      ᠲᠡᠳᠡ ᠭᠠᠷ ᠲᠠᠬᠢ ᠠᠵᠢᠯ ᠢᠶᠠᠨ ᠲᠠᠯᠪᠢᠵᠤ᠂ ᠡᠩ ᠤᠨ ᠡᠳᠦᠷ ᠤᠨ ᠶᠠᠭᠠᠷᠠᠤ ᠠᠯᠬᠤᠴᠠ ᠪᠠᠨ ᠵᠣᠭᠰᠣᠵᠤ

ᠺᠢᠨᠣ᠋ ᠶᠢᠨ ᠣᠷᠳᠣᠨ ᠳᠤ ᠴᠤᠭᠯᠠᠷᠠᠪᠠ᠃ ᠺᠢᠨᠣ᠋ ᠨᠢ ᠡᠬᠡ ᠡᠮᠡᠭᠲᠡᠢ ᠶᠢᠨ ᠬᠤᠭᠤᠷᠣᠨᠳᠣᠬᠢ ᠳᠥᠭᠦᠮᠬᠡᠨ᠂ ᠴᠡᠪᠡᠷ᠂

ᠦᠨᠡᠨᠴᠢ ᠬᠠᠶᠢᠷ᠎ᠠ ᠰᠡᠳᠬᠢᠯᠭᠡ ᠪᠠᠷ ᠬᠥᠮᠦᠰ ᠤᠨ ᠳᠣᠲᠣᠭᠠᠳᠤ ᠰᠡᠳᠬᠢᠯ ᠤᠨ ᠵᠥᠭᠡᠯᠡᠨ ᠵᠥᠭᠡᠯᠡᠨ ᠭᠠᠵᠠᠷ ᠢ

ᠬᠥᠨᠳᠡᠵᠦ᠂ ᠦᠵᠡᠭᠴᠢᠳ ᠢ ᠳᠣᠭᠳᠣᠯᠤᠭᠤᠯᠵᠠᠢ᠂ ᠺᠢᠨᠣ᠋ ᠳᠣᠲᠣᠷᠠᠬᠢ 《 ᠯᠢ ᠬᠤᠸᠠᠨ ᠶᠢᠩ 》 ᠨᠢ ᠪᠠᠰᠠ

ᠪᠣᠳᠠᠲᠤ ᠠᠮᠢᠳᠤᠷᠠᠯ ᠳᠤᠮᠳᠠᠬᠢ ᠲᠤᠭ᠎ᠠ ᠦᠭᠡᠢ ᠣᠯᠠᠨ ᠡᠵᠢ ᠶᠢᠨ ᠬᠤᠷᠢᠶᠠᠩᠭᠤᠢ ᠳᠦᠷᠰᠦ ᠪᠣᠯᠤᠨ᠎ᠠ᠂ ᠲᠡᠳᠡ

ᠠᠳᠠᠯᠢᠬᠠᠨ ᠡᠭᠡᠯ ᠵᠢᠷ ᠤᠨ ᠮᠥᠷᠲᠡᠭᠡᠨ ᠠᠭᠤᠤ ᠶᠡᠭᠡ᠂ ᠪᠢᠳᠡᠨ ᠳᠤ ᠬᠠᠯᠠᠭᠤᠨ ᠳᠤᠯᠠᠭᠠᠨ ᠪᠠ ᠬᠦᠴᠦᠨ ᠴᠢᠳᠠᠯ

ᠣᠯᠭᠤᠵᠠᠢ᠃ ᠺᠢᠨᠣ᠋ ᠦᠵᠡᠵᠦ ᠳᠠᠭᠤᠰᠤᠭᠰᠠᠨ ᠤ ᠳᠠᠷᠠᠭ᠎ᠠ᠂ ᠣᠯᠠᠨ ᠢᠶᠠᠷ ᠢᠶᠠᠨ ᠺᠢᠨᠣ᠋ ᠦᠵᠡᠭᠰᠡᠨ ᠲᠥᠷᠥᠭᠳᠡᠯ ᠢᠶᠠᠨ

ᠰᠣᠯᠢᠯᠴᠠᠵᠤ᠂ ᠣᠲᠣ ᠠᠴᠠ ᠡᠬᠢᠯᠡᠨ᠂ ᠡᠵᠢ ᠶᠢᠨ ᠢᠶᠠᠨ ᠳᠡᠷᠭᠡᠳᠡ ᠪᠠᠶᠢᠭ᠎ᠠ ᠡᠳᠦᠷ ᠪᠣᠯᠭᠠᠨ ᠢ ᠨᠠᠨᠳᠢᠩᠨᠠᠵᠤ᠂ ᠲᠡᠷᠡ

ᠪᠢᠳᠡᠨ ᠳᠤ ᠬᠠᠶᠢᠷᠠᠲᠠᠶ ᠰᠢᠭ ᠲᠡᠭᠦᠨ ᠢ ᠨᠠᠩ ᠬᠠᠶᠢᠷᠠᠯᠠᠵᠤ᠂ ᠴᠢᠳᠠᠯ ᠤᠨ ᠬᠢᠷᠢ ᠪᠠᠷ ᠢᠶᠠᠨ ᠲᠡᠭᠦᠨ ᠳᠤ ᠬᠠᠨᠢ

ᠪᠣᠯᠵᠣ᠂ ᠲᠡᠭᠦᠨ ᠢ ᠬᠠᠯᠠᠮᠵᠢᠯᠠᠵᠤ᠂ ᠣᠶᠢᠯᠠᠭᠠᠵᠤ᠂ ᠡᠵᠢ ᠪᠠᠨ ᠰᠠᠨᠠᠭ᠎ᠠ ᠠᠮᠤᠷ ᠪᠠᠶᠢᠯᠭᠠᠨ᠎ᠠ᠃

      ᠣᠬᠤᠷᠬᠠᠨ ᠬᠤᠶᠠᠷ ᠴᠠᠭ ᠤᠨ ᠺᠢᠨᠣ᠋ ᠶᠢᠨ ᠬᠤᠭᠤᠴᠠᠭᠠᠨ ᠳᠤ᠂ ᠣᠯᠠᠨ ᠳᠤ ᠪᠠᠶᠠᠷ ᠤᠨ ᠡᠳᠦᠷ ᠤᠨ ᠪᠠᠶᠠᠷ

ᠪᠠᠭ᠋ᠠᠳᠤᠯ ᠢ ᠭᠦᠶᠴᠡᠳ ᠮᠡᠳᠡᠷᠡᠭᠦᠯᠵᠦ᠂ ᠺᠢᠨᠣ᠋ ᠶᠢᠨ ᠳᠠᠮᠵᠢᠭᠤᠯᠤᠭᠰᠠᠨ ᠬᠠᠯᠠᠭᠤᠨ ᠳᠤᠯᠠᠭᠠᠨ ᠪᠠ ᠴᠢᠩ ᠦᠨᠡᠨᠴᠢ ᠶᠢ

ᠮᠡᠳᠡᠷᠡᠭᠦᠯᠪᠡ᠃

 
ᠢᠷᠡᠯᠲᠡ᠄ ᠰᠢᠭᠤᠶᠢᠲᠤ ᠵᠡᠭᠡᠯᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号