《 ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠡᠳᠦᠷ 》 ᠤᠨ ᠤᠬᠠᠭᠤᠯᠭ᠎ᠠ ᠶᠢᠨ ᠠᠵᠢᠯᠯᠠᠭ᠎ᠠ ᠨᠡᠶᠢᠭᠡᠮ ᠲᠣᠭᠤᠷᠢᠭ ᠲᠤ ᠶᠠᠪᠤᠭᠳᠠᠪᠠ
ᠨᠡᠶᠢᠲᠡᠯᠡᠭᠰᠡᠨ ᠴᠠᠭ᠄
2021/5/13
       5 ᠳ᠋ᠤᠭᠠᠷ ᠰᠠᠷ᠎ᠠ ᠶᠢᠨ 12 ᠤᠨ ᠡᠳᠦᠷ ᠪᠣᠯ ᠮᠠᠨ ᠤ ᠤᠯᠤᠰ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠡᠳᠦᠷ ᠪᠣᠯᠤᠨ᠎ᠠ᠂ ᠭᠠᠵᠠᠷ ᠬᠥᠳᠡᠯᠦᠯᠲᠡ ᠶᠢ ᠰᠡᠷᠭᠡᠶᠢᠯᠡᠨ ᠭᠠᠮᠰᠢᠭ ᠢ ᠪᠠᠭᠠᠰᠬᠠᠬᠤ ᠮᠡᠳᠡᠯᠭᠡ ᠶᠢᠨ ᠤᠬᠠᠭᠤᠯᠭ᠎ᠠ ᠶᠢᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ 《 ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ 》 ᠦᠶᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠰᠠᠭᠤᠭᠠᠯᠢ ᠠᠷᠠᠳ ᠤᠨ ᠭᠠᠵᠠᠷ ᠬᠥᠳᠡᠯᠦᠯᠲᠡ ᠶᠢ ᠰᠡᠷᠭᠡᠶᠢᠯᠡᠨ ᠭᠠᠮᠰᠢᠭ ᠢ ᠪᠠᠭᠠᠰᠬᠠᠬᠤ ᠦᠵᠡᠯ ᠤᠬᠠᠮᠰᠠᠷ ᠢ ᠳᠡᠭᠡᠭᠰᠢᠯᠡᠭᠦᠯᠬᠦ ᠶᠢᠨ ᠲᠤᠰᠠᠳᠠ  ᠃ ᠣᠶᠢᠷ᠎ᠠ ᠳᠤ᠂ ᠰᠢᠭᠤᠶᠢᠲᠤ ᠵᠡᠭᠡᠯᠢ ᠭᠤᠳᠤᠮᠵᠢ ᠶᠢᠨ ᠰᠢᠨ ᠸᠠᠩ ᠨᠡᠶᠢᠭᠡᠮ ᠲᠣᠭᠤᠷᠢᠭ ᠭᠠᠵᠠᠷ ᠬᠥᠳᠡᠯᠦᠯᠲᠡ ᠶᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠮᠡᠳᠡᠯᠭᠡ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃

       ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ 《 ᠭᠠᠵᠠᠷ ᠬᠥᠳᠡᠯᠦᠯᠲᠡ ᠶᠢ ᠰᠡᠷᠭᠡᠶᠢᠯᠡᠵᠦ ᠭᠠᠮᠰᠢᠭ ᠢ

ᠪᠠᠭᠠᠰᠬᠠᠬᠤ ᠭᠠᠷ ᠠᠪᠤᠯᠭ᠎ᠠ ᠶᠢ ᠲᠠ ᠦᠵᠡᠭᠡᠷᠡᠶ᠂ ᠭᠠᠮᠰᠢᠭ ᠲᠣᠬᠢᠶᠠᠯᠳᠤᠪᠠᠯ ᠡᠷᠲᠡᠬᠡᠨ ᠠᠷᠢᠯᠭᠠᠵᠤ ᠪᠣᠯᠤᠨ᠎ᠠ 》

ᠭᠡᠬᠦ ᠤᠬᠠᠭᠤᠯᠭ᠎ᠠ ᠶᠢᠨ ᠦᠭᠡ ᠳᠤ᠂ ᠠᠵᠢᠯᠲᠠᠳ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠤᠬᠠᠭᠤᠯᠭ᠎ᠠ

 ᠶᠢᠨ ᠭᠠᠷ ᠠᠪᠤᠯᠭ᠎ᠠ ᠲᠠᠷᠬᠠᠭᠠᠵᠤ᠂ ᠪᠠᠶᠢᠭᠠᠯᠢ ᠶᠢᠨ ᠭᠠᠮᠰᠢᠭ ᠵᠢᠴᠢ ᠦᠶᠯᠡᠳᠪᠦᠷᠢᠯᠡᠯ ᠤᠨ ᠠᠮᠤᠷ ᠲᠦᠪᠰᠢᠨ᠂ ᠭᠠᠯ

 ᠤᠨ ᠠᠶᠤᠯ᠂ ᠰᠢᠲᠠᠮᠠᠬᠠᠶ ᠬᠡᠶ ᠶᠢᠨ ᠯᠡᠪᠡᠷᠡᠯᠲᠡ ᠵᠡᠷᠭᠡ ᠮᠡᠳᠡᠯᠭᠡ ᠪᠠ ᠰᠡᠷᠭᠡᠶᠢᠯᠡᠬᠦ ᠠᠷᠭ᠎ᠠ ᠬᠡᠮᠵᠢᠶ᠎ᠡ ᠶᠢ

ᠲᠦᠭᠡᠮᠡᠯᠵᠢᠭᠦᠯᠵᠦ᠂ ᠣᠯᠠᠨ ᠤ ᠭᠠᠮᠰᠢᠭ ᠤᠨ ᠠᠶᠤᠯ ᠲᠦᠭᠰᠢᠭᠦᠷᠢ ᠶᠢ ᠰᠡᠷᠭᠡᠶᠢᠯᠡᠬᠦ ᠦᠵᠡᠯ ᠤᠬᠠᠮᠰᠠᠷ ᠢ

ᠴᠢᠩᠭᠠᠷᠠᠭᠤᠯᠪᠠ᠃

       ᠲᠣᠰ ᠤᠳᠠᠭᠠᠨ ᠤ ᠤᠬᠠᠭᠤᠯᠭ᠎ᠠ ᠪᠠᠷ ᠳᠠᠮᠵᠢᠭᠤᠯᠤᠨ᠂ ᠰᠠᠭᠤᠭᠠᠯᠢ ᠠᠷᠠᠳ ᠲᠤ ᠭᠠᠮᠰᠢᠭ ᠢ ᠰᠡᠷᠭᠡᠶᠢᠯᠡᠵᠦ

ᠭᠠᠮᠰᠢᠭ ᠢ ᠪᠠᠭᠠᠰᠬᠠᠬᠤ ᠶᠢᠨ ᠲᠣᠰ ᠪᠡᠶ᠎ᠡ ᠶᠢᠨ ᠠᠮᠢᠳᠤᠷᠠᠯ ᠳᠤ ᠦᠵᠡᠭᠦᠯᠬᠦ ᠴᠢᠬᠤᠯᠠ ᠴᠢᠨᠠᠷ ᠵᠢᠴᠢ ᠭᠠᠮᠰᠢᠭ

ᠡᠭᠦᠰᠬᠦ ᠦᠶ᠎ᠡ ᠶᠢᠨ ᠰᠢᠶᠳᠪᠦᠷᠢᠯᠡᠬᠦ ᠠᠷᠭ᠎ᠠ ᠮᠠᠶ᠋ᠢᠭ ᠢ ᠭᠦᠶᠴᠡᠳ ᠲᠠᠨᠢᠭᠤᠯᠵᠤ᠂ ᠬᠠᠷᠢᠶᠠᠲᠤ ᠣᠷᠣᠨ ᠤ ᠰᠠᠭᠤᠭᠠᠯᠢ

ᠠᠷᠠᠳ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠪᠠ ᠭᠠᠮᠰᠢᠭ ᠠᠴᠠ ᠵᠠᠶᠢᠯᠠᠵᠤ ᠥᠪᠡᠷ ᠢ ᠪᠠᠨ

ᠠᠪᠤᠷᠬᠠᠤ ᠴᠢᠳᠠᠪᠤᠷᠢ ᠶᠢ ᠨᠢ ᠳᠡᠭᠡᠭᠰᠢᠯᠡᠭᠦᠯᠪᠡ᠃

 
ᠢᠷᠡᠯᠲᠡ᠄ ᠰᠢᠭᠤᠶᠢᠲᠤ ᠵᠡᠭᠡᠯᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号