ᠪᠡᠳᠺᠡᠷ ᠵᠣᠣ ᠦᠵᠡᠮᠵᠢ ᠶᠢᠨ ᠣᠷᠣᠨ ᠠᠵᠢᠯᠲᠠᠨ ᠠᠵᠢᠯᠴᠢᠨ ᠢᠶᠠᠨ ᠵᠣᠬᠢᠶᠠᠨ ᠪᠠᠶᠢᠭᠤᠯᠵᠤ 《 ᠪᠣᠯᠪᠠᠰᠤᠨ ᠬᠤᠲᠠ ᠶᠢ ᠡᠭᠦᠳᠦᠨ ᠪᠠᠶᠢᠭᠤᠯᠵᠤ ᠦᠵᠡᠮᠵᠢ ᠶᠢᠨ ᠣᠷᠣᠨ ᠤ ᠣᠷᠴᠢᠨ ᠲᠣᠭᠤᠷᠢᠨ ᠢ ᠭᠤᠶᠣᠯᠠᠬᠤ 》 ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/5/13
       5 ᠳ᠋ᠤᠭᠠᠷ ᠰᠠᠷ᠎ᠠ ᠶᠢᠨ 12 ᠤᠨ ᠡᠳᠦᠷ᠂ ᠪᠡᠳᠺᠡᠷ ᠵᠣᠣ ᠦᠵᠡᠮᠵᠢ ᠶᠢᠨ ᠣᠷᠣᠨ ᠪᠤᠭᠤᠲᠤ ᠬᠤᠲᠠ ᠶᠢᠨ ᠰᠢᠭᠤᠶᠢᠲᠤ ᠲᠣᠭᠤᠷᠢᠭ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠳᠤ ᠢᠳᠡᠪᠬᠢᠲᠡᠶ ᠣᠷᠣᠯᠴᠠᠵᠤ᠂ ᠦᠵᠡᠮᠵᠢ ᠶᠢᠨ ᠣᠷᠣᠨ ᠤ ᠳᠦᠷᠢ ᠲᠥᠷᠬᠦ ᠶᠢ ᠳᠡᠭᠡᠭᠰᠢᠯᠡᠭᠦᠯᠦᠨ᠂ ᠦᠵᠡᠮᠵᠢ ᠶᠢᠨ ᠣᠷᠣᠨ ᠤ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠵᠤ᠂ 《 ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ 》 ᠭᠡᠬᠦ ᠠᠮᠢ ᠠᠬᠤᠶ ᠶᠢᠨ ᠣᠶᠢᠯᠠᠭᠠᠭᠳᠠᠬᠤᠨ ᠢ ᠦᠶᠯᠡᠳᠦᠯᠭᠡᠵᠢᠭᠦᠯᠵᠦ᠂ ᠪᠡᠳᠺᠡᠷ ᠵᠣᠣ ᠦᠵᠡᠮᠵᠢ ᠶᠢᠨ ᠣᠷᠣᠨ ᠠᠵᠢᠯᠲᠠᠨ ᠠᠵᠢᠯᠴᠢᠨ ᠢᠶᠠᠨ ᠵᠣᠬᠢᠶᠠᠨ ᠪᠠᠶᠢᠭᠤᠯᠵᠤ 《 ᠪᠣᠯᠪᠠᠰᠤᠨ ᠬᠤᠲᠠ ᠶᠢ ᠴᠣᠭᠴᠠᠯᠠᠨ ᠪᠠᠶᠢᠭᠤᠯᠵᠤ ᠦᠵᠡᠮᠵᠢ  ᠶᠢᠨ ᠣᠷᠣᠨ ᠤ ᠣᠷᠴᠢᠨ ᠲᠣᠭᠤᠷᠢᠨ ᠢ ᠭᠤᠶᠣᠯᠠᠬᠤ 》 ᠠᠵᠢᠯᠯᠠᠭ᠎ᠠ ᠥᠷᠨᠢᠭᠦᠯᠪᠡ᠃

       ᠪᠡᠳᠺᠡᠷ ᠵᠣᠣ ᠦᠵᠡᠮᠵᠢ ᠶᠢᠨ ᠣᠷᠣᠨ ᠤ ᠪᠥᠬᠦ ᠺᠠᠳ᠋ᠷ ᠠᠵᠢᠯᠲᠠᠨ᠂ ᠬᠤᠸᠠᠷ ᠴᠡᠴᠡᠭ ᠳᠠᠷᠢᠬᠤ ᠪᠠᠭᠠᠵᠢ

ᠠᠪᠴᠤ᠂ ᠠᠯᠪᠠᠨ ᠠᠰᠠᠷ ᠤᠨ ᠪᠠᠷᠠᠭᠤᠨ ᠲᠠᠯ᠎ᠠ ᠳᠤ᠂ ᠵᠤᠭᠠᠴᠠᠭᠰᠠᠳ ᠤᠨ ᠲᠥᠪ ᠤᠨ ᠡᠷᠬᠢᠨ ᠲᠣᠭᠤᠷᠢᠨ ᠤ

ᠴᠡᠴᠡᠭᠯᠢᠭ ᠲᠤ ᠭᠡᠰᠠᠩ ᠴᠡᠴᠡᠭ᠂ ᠲᠠᠩ ᠽᠠᠩ ᠫᠦ ᠵᠡᠷᠭᠡ ᠶᠢ ᠳᠠᠷᠢᠵᠤ᠂ ᠡᠭᠦᠨ ᠤ ᠬᠠᠮᠲᠤ ᠵᠤᠭᠠᠴᠠᠭᠰᠠᠳ ᠤᠨ

ᠲᠥᠪ ᠤᠨ ᠠᠭᠤᠳᠠᠮ ᠲᠠᠯᠠᠪᠠᠶ ᠶᠢᠨ ᠠᠮᠠᠷᠠᠬᠤ ᠲᠢᠩᠬᠢᠮ ᠢ ᠴᠡᠪᠡᠷᠯᠡᠨ ᠤᠬᠢᠶᠠᠵᠤ᠂ ᠵᠤᠭᠠᠴᠠᠭᠰᠠᠳ ᠲᠤ

ᠲᠠᠭᠠᠯᠠᠮᠵᠢᠲᠠᠶ᠂ ᠴᠡᠪᠡᠷ ᠴᠡᠮᠴᠡᠭᠡᠷ ᠵᠤᠭᠠᠴᠠᠯ ᠤᠨ ᠣᠷᠴᠢᠨ ᠲᠣᠭᠤᠷᠢᠨ ᠬᠠᠩᠭᠠᠪᠠ᠃ ᠠᠵᠢᠯᠯᠠᠭ᠎ᠠ ᠳᠤᠮᠳᠠ᠂

ᠠᠵᠢᠯᠲᠠᠨ ᠠᠵᠢᠯᠴᠢᠨ ᠣᠷᠭᠢᠯᠤᠮ᠎ᠠ ᠬᠠᠯᠠᠭᠤᠨ ᠰᠡᠳᠬᠢᠯᠭᠡ ᠲᠠᠢ᠂ ᠡᠷᠴᠢ ᠵᠣᠷᠢᠭ ᠲᠡᠭᠦᠯᠳᠡᠷ ᠪᠠᠶᠢᠵᠤ᠂ ᠦ᠋ ᠳ᠋ᠠᠩ

ᠵᠤᠤ ᠦᠵᠡᠮᠵᠢ ᠶᠢᠨ ᠣᠷᠣᠨ ᠤ ᠠᠵᠢᠯᠲᠠᠨ ᠠᠵᠢᠯᠴᠢᠨ ᠤ ᠪᠤᠵᠠᠷ ᠪᠤᠷᠲᠠᠭ ᠠᠴᠠ ᠠᠶᠤᠬᠤ ᠦᠭᠡᠢ᠂ ᠶᠠᠳᠠᠷᠠᠯ

ᠵᠦᠳᠡᠷᠡᠯ ᠠᠴᠠ ᠠᠶᠤᠬᠤ ᠦᠭᠡᠢ ᠬᠤᠪᠢ ᠨᠡᠮᠡᠷᠢ ᠦᠵᠡᠭᠦᠯᠬᠦ ᠵᠣᠷᠢᠭ ᠰᠠᠨᠠᠭ᠎ᠠ ᠶᠢ ᠭᠦᠢᠴᠡᠳ ᠪᠠᠳᠠᠷᠠᠭᠤᠯᠪᠠ  ᠃

ᠲᠣᠰ ᠤᠳᠠᠭᠠᠨ ᠤ ᠠᠵᠢᠯᠯᠠᠭ᠎ᠠ ᠪᠠᠷ ᠳᠡᠮᠵᠢᠨ᠂ ᠺᠠᠳ᠋ᠷ ᠠᠵᠢᠯᠲᠠᠨ ᠤ ᠨᠢᠭᠲᠠᠷᠠᠯ ᠤᠨ ᠬᠦᠴᠦᠨ ᠢ ᠴᠢᠩᠭᠠᠷᠠᠭᠤᠯᠵᠤ᠂

ᠣᠷᠴᠢᠨ ᠲᠣᠭᠤᠷᠢᠨ ᠢ ᠬᠠᠶᠢᠷᠠᠯᠠᠬᠤ ᠤᠬᠠᠮᠰᠠᠷ ᠢ ᠳᠡᠭᠡᠭᠰᠢᠯᠡᠭᠦᠯᠵᠦ᠂ ᠪᠤᠭᠤᠲᠤ ᠬᠤᠲᠠ ᠶᠢᠨ ᠰᠢᠭᠤᠶᠢᠲᠤ ᠣᠷᠣᠨ ᠤ

ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠳᠤ ᠬᠦᠴᠦᠨ ᠴᠢᠳᠠᠯ ᠢᠶᠠᠨ ᠡᠷᠭᠦᠪᠡ᠃

 
ᠢᠷᠡᠯᠲᠡ᠄ ᠪᠡᠳᠺᠡᠷ ᠵᠣᠣ ᠦᠵᠡᠮᠵᠢ ᠶᠢᠨ ᠣᠷᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号