ᠰᠡᠳᠬᠢᠯ ᠵᠢᠷᠦᠬᠡᠨ ᠳᠡᠭᠡᠨ ᠵᠡᠮᠳᠡᠭᠴᠦᠳ ᠢ ᠲᠤᠰᠠᠯᠠᠵᠤ
ᠨᠡᠶᠢᠲᠡᠯᠡᠭᠰᠡᠨ ᠴᠠᠭ᠄
2021/5/14
       ᠨᠠᠮ ᠪᠠᠶᠢᠭᠤᠯᠤᠭᠳᠠᠭᠰᠠᠨ 100 ᠵᠢᠯ ᠤᠨ ᠣᠶ ᠪᠣᠯᠤᠨ 31 ᠳ᠋ᠦ᠋ᠭᠡᠷ 《 ᠪᠦᠬᠦ ᠤᠯᠤᠰ ᠤᠨ ᠵᠡᠮᠳᠡᠭᠴᠦᠳ ᠢ ᠲᠤᠰᠠᠯᠠᠬᠤ ᠡᠳᠦᠷ 》 ᠢ ᠤᠭᠲᠤᠬᠤ ᠶᠢᠨ ᠲᠤᠰᠠᠳᠠ ᠳᠤᠮᠳᠠᠳᠤ ᠶᠢᠨ ᠦᠨᠳᠦᠰᠦᠲᠡᠨ ᠤ ᠪᠠᠭᠤᠷᠠᠶ  ᠶᠢ ᠬᠠᠪᠰᠤᠷᠤᠨ ᠵᠡᠮᠳᠡᠭᠴᠦᠳ ᠢ ᠲᠤᠰᠠᠯᠠᠬᠤ ᠤᠯᠠᠮᠵᠢᠯᠠᠯᠲᠤ ᠰᠠᠶᠢᠬᠠᠨ ᠰᠤᠷᠲᠠᠯ ᠢ ᠪᠠᠳᠠᠷᠠᠭᠤᠯᠤᠨ᠂ ᠪᠦᠬᠦ ᠨᠡᠶᠢᠭᠡᠮ  ᠢᠶᠠᠷ ᠢᠶᠠᠨ ᠴᠥᠮ ᠵᠡᠮᠳᠡᠭᠴᠦᠳ ᠢ ᠣᠶᠢᠯᠠᠭᠠᠬᠤ᠂ ᠬᠠᠯᠠᠮᠵᠢᠯᠠᠬᠤ ᠪᠠ ᠬᠠᠪᠰᠤᠷᠬᠤ ᠨᠡᠶᠢᠭᠡᠮ ᠤᠨ ᠣᠷᠴᠢᠨ ᠠᠬᠤᠶ ᠶᠢ ᠠᠯᠬᠤᠮ ᠠᠯᠬᠤᠮ ᠢᠶᠠᠷ ᠪᠣᠶ ᠪᠣᠯᠭᠠᠵᠤ᠂ ᠵᠡᠮᠳᠡᠭᠴᠦᠳ ᠢ ᠲᠡᠳᠬᠦᠨ ᠲᠤᠰᠠᠯᠠᠬᠤ ᠨᠡᠶᠢᠭᠡᠮ ᠤᠨ ᠬᠡᠪ ᠰᠤᠷᠲᠠᠯ ᠢ ᠪᠣᠶ ᠪᠣᠯᠭᠠᠬᠤ ᠬᠡᠷᠡᠭᠲᠡᠶ᠃

       2021 ᠣᠨ ᠤ 5 ᠳ᠋ᠤᠭᠠᠷ ᠰᠠᠷ᠎ᠠ ᠶᠢᠨ 12 ᠤᠨ ᠡᠳᠦᠷ᠂ ᠰᠢᠭᠤᠶᠢᠲᠤ ᠵᠡᠭᠡᠯᠢ ᠭᠤᠳᠤᠮᠵᠢ ᠶᠢᠨ ᠰᠠᠶᠢᠨ

ᠳᠤᠷᠠᠴᠤᠳ ᠢ ᠵᠣᠬᠢᠶᠠᠨ ᠪᠠᠶᠢᠭᠤᠯᠵᠤ 《 ᠵᠡᠮᠳᠡᠭᠴᠦᠳ ᠢ ᠲᠡᠳᠬᠦᠨ ᠲᠤᠰᠠᠯᠠᠵᠤ᠂ ᠪᠢᠳᠡ ᠪᠦᠬᠦᠨ ᠪᠠᠶᠢᠬᠤ 》

 ᠪᠠᠷ ᠭᠤᠤᠯ ᠰᠡᠳᠦᠪ ᠪᠣᠯᠭᠠᠭᠰᠠᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠠᠵᠢᠯᠯᠠᠭ᠎ᠠ ᠨᠢ LED ᠲᠣᠮᠣ

ᠳᠡᠯᠭᠡᠴᠡ ᠪᠠᠷ ᠳᠠᠮᠵᠢᠭᠤᠯᠤᠨ ᠪᠥᠬᠦ ᠤᠯᠤᠰ ᠤᠨ ᠵᠡᠮᠳᠡᠭᠴᠦᠳ ᠢ ᠲᠤᠰᠠᠯᠠᠬᠤ ᠡᠳᠦᠷ ᠤᠨ ᠭᠤᠤᠯ ᠰᠡᠳᠦᠪ ᠪᠠ

ᠤᠬᠠᠭᠤᠯᠭ᠎ᠠ ᠶᠢᠨ ᠤᠷᠢᠶ᠎ᠠ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠬᠡᠯᠪᠡᠷᠢ ᠶᠢ ᠤᠬᠠᠭᠤᠯᠵᠤ᠂

ᠵᠡᠮᠳᠡᠭ ᠪᠣᠯᠬᠤ ᠶᠢ ᠤᠷᠢᠳᠴᠢᠯᠠᠨ ᠰᠡᠷᠭᠡᠶᠢᠯᠡᠬᠦ ᠮᠡᠳᠡᠯᠭᠡ ᠵᠢᠴᠢ ᠵᠡᠮᠳᠡᠭᠴᠦᠳ ᠤᠨ ᠰᠤᠷᠭᠠᠨ ᠬᠥᠮᠦᠵᠢᠯ᠂ ᠦᠨᠡᠮᠯᠡᠯ

( ᠰᠣᠯᠢᠬᠤ ) ᠭᠦᠶᠴᠡᠳᠬᠡᠬᠦ᠂ ᠡᠷᠬᠡ ᠶᠢ ᠬᠠᠮᠠᠭᠠᠯᠠᠬᠤ ᠵᠡᠷᠭᠡ ᠡᠯ᠎ᠡ ᠲᠥᠷᠥᠯ ᠤᠨ ᠵᠡᠮᠳᠡᠭᠴᠦᠳ ᠤᠨ ᠲᠥᠷᠥ ᠶᠢᠨ

ᠪᠣᠳᠣᠯᠭ᠎ᠠ ᠶᠢ ᠢᠳᠡᠪᠬᠢᠲᠡᠶ ᠤᠬᠠᠭᠤᠯᠵᠤ᠂ ᠨᠡᠶᠢᠲᠡ 60 ᠭᠠᠷᠤᠶ ᠬᠤᠪᠢ ᠤᠬᠠᠭᠤᠯᠭ᠎ᠠ ᠶᠢᠨ ᠮᠠᠲ᠋ᠧᠷᠢᠶᠠᠯ

ᠲᠠᠷᠬᠠᠭᠠᠪᠠ᠃

       ᠲᠣᠰ ᠤᠳᠠᠭᠠᠨ ᠤ ᠠᠵᠢᠯᠯᠠᠭ᠎ᠠ ᠨᠢ ᠥᠷᠭᠡᠨ ᠣᠯᠠᠨ ᠵᠡᠮᠳᠡᠭᠴᠦᠳ ᠲᠤ ᠨᠠᠩ ᠣᠯᠠᠨ ᠠᠵᠠ ᠵᠢᠷᠭᠠᠯ ᠢ

ᠬᠦᠷᠲᠡᠭᠡᠵᠦ᠂ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ ᠪᠠ ᠠᠮᠤᠷ ᠲᠦᠪᠰᠢᠨ ᠤ ᠲᠥᠷᠥᠭᠳᠡᠯ ᠢ

ᠤᠯᠠᠮ ᠨᠢᠭᠡ ᠠᠯᠬᠤᠮ ᠨᠡᠮᠡᠭᠳᠡᠭᠦᠯᠬᠦ ᠶᠢᠨ ᠬᠠᠮᠲᠤ ᠵᠡᠮᠳᠡᠭᠴᠦᠳ ᠢ ᠲᠡᠳᠬᠦᠬᠦ᠂ ᠵᠡᠮᠳᠡᠭᠴᠦᠳ ᠢ ᠲᠤᠰᠠᠯᠠᠬᠤ ᠶᠢ

ᠰᠠᠨᠠᠭᠠᠴᠢᠯᠠᠨ ᠪᠦᠷᠢᠯᠳᠦᠭᠦᠯᠵᠦ᠂ ᠵᠡᠮᠳᠡᠭᠴᠦᠳ ᠢ ᠣᠶᠢᠯᠠᠭᠠᠬᠤ᠂ ᠬᠠᠯᠠᠮᠵᠢᠯᠠᠬᠤ ᠪᠠ ᠬᠠᠪᠰᠤᠷᠬᠤ ᠰᠠᠶᠢᠨ ᠰᠠᠶᠢᠬᠠᠨ

ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠵᠤ᠂ ᠵᠡᠮᠳᠡᠭᠴᠦᠳ ᠤᠨ ᠥᠪᠡᠷ ᠢ ᠪᠠᠨ ᠬᠦᠨᠳᠦᠳᠬᠡᠬᠦ᠂ ᠥᠪᠡᠷ ᠢ

 ᠪᠠᠨ ᠢᠲᠡᠭᠡᠬᠦ᠂ ᠪᠡᠶ᠎ᠡ ᠪᠠᠨ ᠳᠠᠭᠠᠭᠠᠬᠤ᠂ ᠥᠪᠡᠷ ᠢ ᠪᠠᠨ ᠬᠦᠴᠦᠷᠬᠡᠭᠵᠢᠭᠦᠯᠬᠦ ᠢᠲᠡᠭᠡᠯ ᠵᠣᠷᠢᠭ ᠢ ᠴᠢᠩᠭᠠᠷᠠᠭᠤᠯᠵᠤ᠂

ᠵᠡᠭᠡᠯᠢ ᠭᠤᠳᠤᠮᠵᠢ ᠶᠢᠨ ᠵᠡᠮᠳᠡᠭᠴᠦᠳ ᠢ ᠲᠡᠳᠬᠦᠬᠦ ᠵᠡᠮᠳᠡᠭᠴᠦᠳ ᠢ ᠲᠤᠰᠠᠯᠠᠬᠤ ᠬᠡᠪ ᠰᠤᠷᠲᠠᠯ ᠢ ᠤᠯᠠᠮ ᠨᠢᠭᠡ

ᠠᠯᠬᠤᠮ ᠪᠣᠶ ᠪᠣᠯᠭᠠᠬᠤ ᠶᠢ ᠠᠬᠢᠭᠤᠯᠪᠠ᠃

 
ᠢᠷᠡᠯᠲᠡ᠄ ᠰᠢᠭᠤᠶᠢᠲᠤ ᠵᠡᠭᠡᠯᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号