ᠰᠢᠭᠤᠶᠢᠲᠤ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠢᠳᠡᠭᠡᠨ ᠤ ᠠᠮᠤᠷ ᠲᠦᠪᠰᠢᠨ ᠪᠠ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/5/14
       《 ᠵᠠᠬ᠎ᠠ ᠳᠡᠯᠭᠡᠭᠦᠷ ᠤᠨ ᠬᠢᠨᠠᠯᠲᠠ ᠲᠠᠯᠪᠢᠬᠤ ᠶᠡᠷᠦᠩᠬᠡᠶ ᠲᠣᠪᠴᠢᠶ᠎ᠠ ᠶᠢᠨ ᠠᠯᠪᠠᠨ ᠲᠢᠩᠬᠢᠮ᠂ ᠰᠤᠷᠭᠠᠨ ᠬᠥᠮᠦᠵᠢᠯ ᠤᠨ ᠶᠠᠮᠤᠨ ᠤ ᠠᠯᠪᠠᠨ ᠲᠢᠩᠬᠢᠮ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠠᠯᠪᠠᠨ ᠲᠢᠩᠬᠢᠮ᠂ ᠳᠣᠲᠣᠭᠠᠳᠤ ᠶᠢ ᠬᠠᠮᠠᠭᠠᠯᠠᠬᠤ ᠶᠠᠮᠤᠨ ᠤ ᠠᠯᠪᠠᠨ ᠲᠢᠩᠬᠢᠮ ᠤᠨ 2021 ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠰᠤᠷᠭᠠᠭᠤᠯᠢ ᠶᠢᠨ ᠢᠳᠡᠭᠡᠨ ᠤ ᠠᠮᠤᠷ ᠲᠦᠪᠰᠢᠨ ᠤ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ 》 ᠤᠨ ᠵᠣᠷᠢᠭ ᠰᠠᠨᠠᠭ᠎ᠠ ᠵᠢᠴᠢ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠬᠡᠷᠡᠭᠴᠡᠭᠡ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠃ 《 ᠨᠠᠮ ᠤᠨ ᠲᠡᠦᠬᠡ ᠶᠢ ᠰᠤᠷᠤᠯᠴᠠᠵᠤ᠂ ᠦᠶᠯᠡᠳᠦᠯᠭᠡᠵᠢᠭᠦᠯᠬᠦ ᠠᠵᠢᠯᠯᠠᠭ᠎ᠠ 》 ᠶᠢᠨ ᠠᠵᠢᠯᠯᠠᠭ᠎ᠠ ᠲᠠᠢ ᠤᠶᠠᠯᠳᠤᠭᠤᠯᠤᠨ᠂ ᠰᠢᠭᠤᠶᠢᠲᠤ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ 5 ᠳ᠋ᠤᠭᠠᠷ ᠰᠠᠷ᠎ᠠ ᠶᠢᠨ 11 ᠤ ᠡᠳᠦᠷ ᠠᠴᠠ 12 ᠤᠨ ᠡᠳᠦᠷ ᠪᠣᠯᠲᠠᠯ᠎ᠠ ᠤᠷᠢᠳ ᠬᠤᠵᠢᠳ ᠪᠥᠬᠦ ᠣᠷᠣᠨ ᠤ 6 ᠰᠤᠷᠭᠠᠭᠤᠯᠢ᠂ 3 ᠬᠡᠦᠬᠡᠳ ᠰᠠᠭᠠᠲᠠᠭᠤᠯᠬᠤ ᠪᠠᠶᠢᠭᠤᠯᠤᠮᠵᠢ ᠳᠤ ᠬᠦᠷᠴᠦ ᠢᠳᠡᠭᠡᠨ  ᠤ ᠠᠮᠤᠷ ᠲᠦᠪᠰᠢᠨ ᠵᠢᠴᠢ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠬᠢᠪᠠ  ᠃ ᠲᠣᠰ ᠤᠳᠠᠭᠠᠨ ᠤ ᠠᠵᠢᠯᠯᠠᠭ᠎ᠠ ᠳᠤ᠂ ᠤᠬᠠᠭᠤᠯᠭ᠎ᠠ ᠶᠢᠨ ᠬᠠᠭᠤᠳᠠᠰᠤ ᠨᠢᠭᠡ ᠶᠢ ᠵᠣᠬᠢᠶᠠᠵᠤ᠂ ᠨᠡᠶᠢᠲᠡ 200 ᠭᠠᠷᠤᠶ ᠬᠤᠪᠢ ᠤᠬᠠᠭᠤᠯᠭ᠎ᠠ ᠶᠢᠨ ᠬᠠᠭᠤᠳᠠᠰᠤ ᠲᠠᠷᠬᠠᠭᠠᠵᠤ᠂ ᠤᠬᠠᠭᠤᠯᠭ᠎ᠠ ᠶᠢᠨ ᠱᠤᠭᠤᠮ 1150 ᠪᠣᠯᠪᠠ᠃

       ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠰᠤᠷᠭᠠᠭᠤᠯᠢ ᠶᠢᠨ ᠡᠷᠡᠭᠦᠯ

ᠮᠡᠨᠳᠦ ᠶᠢᠨ ᠬᠥᠮᠦᠵᠢᠯ ᠤᠨ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠪᠠᠭᠰᠢ ᠰᠤᠷᠤᠭᠴᠢᠳ ᠤᠨ ᠢᠳᠡᠭᠡᠨ

 ᠤ ᠠᠮᠤᠷ ᠲᠦᠪᠰᠢᠨ ᠬᠢᠭᠡᠳ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠦᠵᠡᠯ ᠤᠬᠠᠮᠰᠠᠷ ᠢ

ᠴᠢᠩᠭᠠᠷᠠᠭᠤᠯᠵᠤ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠬᠢᠭᠡᠳ ᠬᠠᠯᠳᠠᠪᠤᠷᠢᠲᠤ

ᠡᠪᠡᠳᠴᠢᠨ ᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠬᠤ ᠳᠤ ᠢᠳᠡᠪᠬᠢᠲᠡᠶ ᠠᠬᠢᠭᠤᠯᠬᠤ ᠦᠶᠯᠡᠳᠦᠯ ᠦᠵᠡᠭᠦᠯᠪᠡ᠃

 
ᠢᠷᠡᠯᠲᠡ᠄ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号