ᠰᠢᠭᠤᠶᠢᠲᠤ ᠲᠣᠭᠤᠷᠢᠭ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ
ᠨᠡᠶᠢᠲᠡᠯᠡᠭᠰᠡᠨ ᠴᠠᠭ᠄
2021/5/14
        ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠷᠭ᠎ᠠ ᠬᠡᠯᠪᠡᠷᠢ ᠶᠢᠨ ᠠᠴᠢᠶᠠᠯᠠᠪᠤᠷᠢ ᠶᠢᠨ ᠰᠢᠨ᠎ᠡ ᠶᠢ ᠡᠭᠦᠳᠬᠦ ᠶᠢᠨ ᠲᠥᠯᠥᠭᠡ᠂ 2021 ᠣᠨ ᠤ 5 ᠰᠠᠷ᠎ᠠ ᠶᠢᠨ 14 ᠤ ᠡᠳᠦᠷ ᠤᠨ ᠦᠳᠡ ᠶᠢᠨ ᠡᠮᠦᠨᠡᠬᠢ 8 ᠴᠠᠭ 30 ᠮᠢᠨᠦ᠋ᠲ ᠲᠤ᠂ ᠰᠢᠭᠤᠶᠢᠲᠤ ᠣᠷᠣᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ ᠶᠢᠨ ᠠᠵᠢᠯᠲᠠᠨ ᠠᠵᠢᠯᠴᠢᠨ ᠰᠢᠭᠤᠶᠢᠲᠤ ᠣᠷᠣᠨ ᠤ ᠠᠵᠢᠯᠴᠢᠨ ᠤ ᠶᠡᠷᠦᠩᠬᠡᠶ ᠡᠪᠯᠡᠯ ᠪᠣᠯᠤᠨ ᠡᠪ ᠬᠠᠮᠲᠤ ᠵᠠᠯᠠᠭᠤᠴᠤᠳ  ᠤᠨ ᠡᠪᠯᠡᠯ ᠤᠨ ᠰᠢᠭᠤᠶᠢᠲᠤ ᠣᠷᠣᠨ ᠤ ᠬᠤᠷᠢᠶ᠎ᠠ ᠶᠢᠨ ᠡᠷᠭᠢᠯᠡᠭᠰᠡᠨ 《 ᠨᠠᠮ ᠤᠨ ᠲᠡᠦᠬᠡ ᠶᠢ ᠰᠤᠷᠤᠯᠴᠠᠵᠤ ᠨᠠᠮ  ᠢᠶᠠᠨ ᠬᠦᠴᠦᠷᠬᠡᠭᠵᠢᠭᠦᠯᠬᠦ ᠢᠲᠡᠭᠡᠯ ᠪᠢᠰᠢᠷᠡᠯ ᠢᠶᠠᠷ ᠨᠠᠮ ᠢᠶᠠᠨ ᠳᠠᠭᠠᠬᠤ 》 ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠪᠥᠬᠦ ᠣᠷᠣᠨ ᠤ ᠠᠵᠢᠯᠲᠠᠨ ᠠᠵᠢᠯᠴᠢᠨ ᠤ ᠢᠳᠡᠷᠡᠭᠦᠨ ᠠᠯᠬᠤᠭ᠎ᠠ ᠳᠤ ᠢᠳᠡᠪᠬᠢᠲᠡᠶ ᠣᠷᠣᠯᠴᠠᠪᠠ᠃

        ᠪᠦᠬᠦ ᠠᠵᠢᠯᠲᠠᠨ ᠠᠵᠢᠯᠴᠢᠨ ᠵᠤᠨ ᠤ ᠡᠬᠢᠨ ᠤ ᠰᠡᠷᠢᠭᠦᠨ ᠰᠠᠯᠬᠢ ᠶᠢ ᠳᠠᠭᠠᠯᠳᠤᠨ᠂ ᠴᠤᠭ ᠵᠢᠪᠬᠤᠭ᠎ᠠ

ᠪᠠᠳᠠᠷᠠᠨ᠂ ᠴᠤᠭ ᠵᠢᠪᠬᠤᠭ᠎ᠠ ᠪᠠᠳᠠᠷᠠᠨ᠂ ᠢᠳᠡᠷᠡᠭᠦᠨ ᠠᠯᠬᠤᠭ᠎ᠠ ᠪᠠᠷ 《 ᠴᠢᠯᠥᠭᠡᠲᠡᠶ ᠠᠯᠬᠤᠵᠤ 》᠂ ᠬᠠᠶᠠ ᠵᠠᠮ

 ᠤᠨ ᠬᠠᠵᠠᠭᠤ ᠳᠠᠬᠢ ᠦᠵᠡᠮᠵᠢ ᠶᠢ ᠰᠣᠨᠢᠷᠬᠠᠨ᠂ ᠬᠠᠶᠠ ᠠᠵᠢᠯ ᠤᠨ ᠲᠥᠷᠥᠭᠳᠡᠯ ᠢᠶᠠᠨ ᠠᠭᠤᠵᠢᠷᠠᠲᠠᠯ᠎ᠠ ᠶᠠᠷᠢᠯᠴᠠᠵᠤ᠂

ᠬᠥᠳᠡᠯᠭᠡᠭᠡᠨ ᠤ ᠠᠪᠴᠢᠷᠠᠭᠰᠠᠨ ᠡᠷᠡᠭᠦᠯ ᠮᠡᠨᠳᠦ ᠪᠠ ᠪᠠᠶᠠᠷ ᠪᠠᠶᠠᠰᠤᠯ ᠢ ᠡᠳ᠋ᠯᠡᠨ᠎ᠡ  ᠃ ᠬᠠᠮᠲᠤ ᠶᠢᠨ ᠬᠥᠳᠡᠯᠭᠡᠭᠡᠨ ᠨᠢ

ᠪᠡᠶ᠎ᠡ ᠮᠠᠬᠠᠪᠣᠳ ᠢᠶᠠᠨ ᠳᠠᠪᠲᠠᠨ ᠪᠣᠯᠪᠠᠰᠤᠷᠠᠭᠤᠯᠵᠤ᠂ ᠪᠡᠶ᠎ᠡ ᠰᠡᠳᠬᠢᠯ ᠤᠨ ᠪᠠᠶᠠᠷ ᠪᠠᠶᠠᠰᠤᠯ ᠢᠶᠠᠨ ᠪᠠᠲᠤᠯᠠᠵᠤ᠂ ᠪᠦᠬᠦ

ᠠᠷᠠᠳ ᠤᠨ ᠪᠡᠶ᠎ᠡ ᠴᠢᠭᠢᠷᠠᠭᠵᠢᠭᠤᠯᠬᠤ ᠪᠠᠶᠢᠯᠳᠤᠬᠤ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠪᠦᠬᠦ ᠣᠷᠣᠨ ᠤ ᠵᠠᠯᠠᠭᠤ

ᠺᠠᠳ᠋ᠷ ᠠᠵᠢᠯᠳᠠᠨ ᠠᠵᠢᠯᠴᠢᠨ ᠤ ᠠᠵᠢᠯ ᠤᠨ ᠬᠠᠯᠠᠭᠤᠨ ᠰᠡᠳᠬᠢᠯᠭᠡ ᠶᠢ ᠬᠥᠭᠵᠢᠭᠡᠬᠦ ᠶᠢᠨ ᠬᠠᠮᠲᠤ ᠪᠠᠰᠠ ᠰᠠᠯᠠᠭ᠎ᠠ

ᠮᠥᠴᠢᠷ ᠠᠯᠤᠰᠯᠠᠨ ᠤᠯᠤᠯᠴᠠᠨ ᠰᠣᠯᠢᠯᠴᠠᠬᠤ ᠠᠵᠠ ᠲᠣᠬᠢᠶᠠᠯ ᠢ ᠬᠠᠩᠭᠠᠵᠤ᠂ ᠪᠦᠯᠬᠦᠮ ᠨᠡᠶᠢᠲᠡ ᠶᠢᠨ

ᠬᠠᠮᠲᠤᠷᠠᠯᠴᠠᠭ᠎ᠠ ᠶᠢ ᠴᠢᠩᠭᠠᠳᠬᠠᠪᠠ᠃

        ᠤᠯᠠᠨ ᠢᠶᠠᠷ ᠢᠶᠠᠨ᠂ ᠠᠵᠢᠯᠯᠠᠭ᠎ᠠ ᠥᠷᠨᠢᠭᠦᠯᠬᠦ ᠬᠠᠯᠠᠭᠤᠨ ᠰᠡᠳᠬᠢᠯᠭᠡ ᠪᠠᠨ ᠠᠵᠢᠯ ᠤᠨ ᠪᠠᠶᠢᠷᠢ ᠳᠠᠭᠠᠨ

ᠰᠠᠭᠤᠷᠢᠯᠠᠬᠤ᠂ ᠭᠠᠪᠢᠶ᠎ᠠ ᠪᠠᠶᠢᠭᠤᠯᠵᠤ ᠦᠢᠯᠡᠰ ᠪᠦᠲᠦᠭᠡᠬᠦ ᠠᠵᠢᠯ ᠤᠨ ᠬᠥᠳᠡᠯᠭᠡᠬᠦ ᠬᠦᠴᠦᠨ ᠪᠣᠯᠭᠠᠨ

ᠬᠤᠪᠢᠷᠠᠭᠤᠯᠵᠤ᠂ ᠡᠷᠡᠭᠦᠯ ᠰᠠᠷᠠᠭᠤᠯ ᠣᠪᠣᠷ ᠪᠠᠶᠢᠳᠠᠯ᠂ ᠢᠳᠡᠪᠬᠢᠲᠡᠢ ᠰᠡᠳᠬᠢᠴᠡ ᠪᠠᠷ ᠰᠢᠨ᠎ᠡ ᠥᠷᠢᠰᠥᠯᠳᠦᠭᠡᠨ ᠢ

ᠤᠭᠲᠤᠵᠤ᠂ ᠰᠢᠨ᠎ᠡ ᠬᠠᠭᠤᠳᠠᠰᠤ ᠶᠢ ᠪᠢᠴᠢᠭᠯᠡᠨ᠎ᠡ ᠭᠡᠵᠦ ᠢᠯᠡᠳᠬᠡᠵᠡᠭᠡᠪᠡ᠃

 
ᠢᠷᠡᠯᠲᠡ᠄ ᠰᠢᠭᠤᠶᠢᠲᠤ ᠲᠣᠭᠤᠷᠢᠭ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号