ᠰᠢᠭᠤᠶᠢᠲᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠵᠠᠷᠯᠠᠯ
ᠨᠡᠶᠢᠲᠡᠯᠡᠭᠰᠡᠨ ᠴᠠᠭ᠄
2021/5/16
ᠰᠢᠭᠤᠶᠢᠲᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠮᠡᠳᠡᠭᠳᠡᠯ ( 4 ᠳ᠋ᠦᠭᠡᠷ ᠲᠣᠭᠠᠲᠤ )        ᠣᠶᠢᠷ᠎ᠠ ᠳᠤ᠂ ᠤᠯᠤᠰ ᠤᠨ ᠳᠣᠲᠣᠭᠠᠳᠤ ᠶᠢᠨ ᠠᠨᠾᠦ᠋ᠢ ᠮᠤᠵᠢ ᠶᠢᠨ ᠾᠧᠹᠸᠢ ᠬᠤᠲᠠ᠂ ᠯᠢᠦ ᠠᠨ ᠬᠤᠲᠠ᠂ ᠯᠢᠶᠣᠤᠨᠢᠩ ᠮᠤᠵᠢ ᠶᠢᠨ ᠶᠢᠩᠺᠧᠦ ᠬᠤᠲᠠ ᠳᠤ ᠲᠣᠰ ᠭᠠᠵᠠᠷ ᠤᠨ ᠬᠢᠵᠢᠭ ᠤᠨ ᠪᠠᠶᠢᠳᠠᠯ ᠵᠠᠯᠭᠠᠭ᠎ᠠ ᠪᠠᠷ ᠢᠯᠡᠷᠡᠪᠡ᠃ ᠣᠳᠣᠬᠠᠨ ᠳᠤ᠂ ᠠᠨᠾᠦ᠋ᠢ ᠮᠤᠵᠢ ᠶᠢᠨ ᠾᠧᠹᠧᠢ ᠬᠤᠲᠠ ᠶᠢᠨ ᠹᠸᠢ ᠰᠢ ᠰᠢᠶᠠᠨ ᠤ ᠱᠠᠩ ᠫᠠᠢ ᠪᠠᠯᠭᠠᠰᠤ ᠶᠢᠨ ᠸᠧᠶ ᠰᠢᠩ ᠨᠡᠶᠢᠭᠡᠮ ᠲᠣᠭᠤᠷᠢᠭ ᠤᠨ ᠶᠢᠨ ᠶᠦᠨ ᠣᠯᠠᠨ ᠤᠯᠤᠰ ᠤᠨ ᠬᠤᠳᠠᠯᠳᠤᠭᠠᠨ ᠤ ᠣᠷᠣᠨ ᠰᠠᠭᠤᠴᠠ ᠶᠢᠨ ᠠᠰᠠᠷ᠂ ᠯᠢᠦ ᠠᠨ ᠬᠤᠲᠠ ᠶᠢᠨ ᠶᠢᠨ ᠠᠨ ᠲᠣᠭᠤᠷᠢᠭ ᠤᠨ ᠵᠧᠵᠢᠶᠠᠩ ᠤᠨ ᠵᠡᠭᠦᠨ ᠬᠡᠰᠡᠭ ᠤᠨ ᠠᠷᠠᠯᠵᠢᠶ᠎ᠠ ᠬᠤᠳᠠᠯᠳᠤᠭᠠᠨ ᠤ ᠬᠤᠲᠠ᠂ ᠢᠦ᠋ᠶ ᠠᠨ ᠲᠣᠭᠤᠷᠢᠭ ᠤᠨ ᠪᠠᠶ ᠴᠤᠸᠠᠨ ᠮᠢᠩ ᠲᠢᠩ ᠰᠠᠭᠤᠭᠠᠯᠢ ᠠᠷᠠᠳ  ᠤᠨ ᠲᠣᠭᠤᠷᠢᠭ᠂ ᠯᠢᠶᠣᠤᠨᠢᠩ ᠮᠤᠵᠢ ᠶᠢᠨ ᠶᠢᠩᠺᠧᠦ ᠬᠤᠲᠠ ᠶᠢᠨ ᠴᠧᠨ ᠳᠦᠨ ᠪᠠᠯᠭᠠᠰᠤ ᠶᠢᠨ ᠶᠠᠩ ᠳ᠋ᠢᠶᠠᠨ ᠲᠣᠰᠬᠤᠨ᠂ ᠢᠦ᠋ᠶ ᠢᠦ᠋ᠶ ᠢᠦ᠋ᠶ ᠲᠣᠭᠤᠷᠢᠭ ᠤᠨ ᠰᠢᠶᠦ᠋ᠩ ᠶᠤᠸᠠᠢ ᠪᠠᠯᠭᠠᠰᠤ ᠶᠢᠨ ᠢ ᠴᠧᠩ ᠨᠡᠶᠢᠭᠡᠮ ᠲᠣᠭᠤᠷᠢᠭ ᠂ ᠢᠦ᠋ᠶ ᠢᠦ᠋ᠶ ᠲᠣᠭᠤᠷᠢᠭ ᠤᠨ ᠾᠧ ᠫᠢᠩ ᠨᠡᠶᠢᠭᠡᠮ ᠲᠣᠭᠤᠷᠢᠭ᠂ ᠢᠦ᠋ᠶ ᠢᠦ᠋ᠶ ᠢᠦ᠋ᠶ ᠲᠣᠭᠤᠷᠢᠭ ᠤᠨ ᠥᠷᠲᠡᠭᠡᠨ ᠡᠮᠦᠨᠡᠬᠢ ᠨᠡᠶᠢᠭᠡᠮ ᠲᠣᠭᠤᠷᠢᠭ᠂ ᠢᠦ᠋ᠶ ᠢᠦ᠋ᠶ ᠢᠦ᠋ᠶ ᠲᠣᠭᠤᠷᠢᠭ ᠤᠨ ᠪᠧᠶ ᠭᠤᠸᠠᠨ ᠨᠡᠶᠢᠭᠡᠮ ᠲᠣᠭᠤᠷᠢᠭ᠂ ᠢᠦ᠋ᠶ ᠢᠦ᠋ᠶ ᠢᠦ᠋ᠶ ᠲᠣᠭᠤᠷᠢᠭ ᠤᠨ ᠵᠣᠯ ᠵᠢᠷᠭᠠᠯᠲᠤ ᠨᠡᠶᠢᠭᠡᠮ ᠲᠣᠭᠤᠷᠢᠭ᠂ ᠢᠦ᠋ᠶ ᠢᠦ᠋ᠶ ᠢᠦ᠋ᠶ ᠢᠦ᠋ᠶ ᠲᠣᠭᠤᠷᠢᠭ ᠤᠨ ᠱᠧᠩ ᠯᠢ ᠬᠤᠸᠠ ᠲᠣᠰᠬᠤᠨ᠂ ᠢᠦ᠋ᠶ ᠢᠦ᠋ᠶ ᠢᠦ᠋ᠶ ᠲᠣᠭᠤᠷᠢᠭ ᠤᠨ ᠯᠢ ᠬᠤᠸᠠ ᠲᠣᠰᠬᠤᠨ᠂ ᠢᠦ᠋ᠶ ᠢᠦ᠋ᠶ ᠢᠦ᠋ᠶ ᠲᠣᠭᠤᠷᠢᠭ ᠤᠨ ᠯᠢ ᠮᠢᠩ ᠲᠣᠰᠬᠤᠨ᠃ ᠮᠠᠨ ᠤ ᠣᠷᠣᠨ ᠤ 《 ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠵᠦ᠂ ᠳᠣᠲᠣᠭᠠᠳᠤ ᠳᠠᠭᠠᠨ ᠳᠠᠬᠢᠨ ᠡᠭᠦᠰᠬᠦ ᠶᠢ ᠰᠡᠷᠭᠡᠶᠢᠯᠡᠬᠦ 》 ᠪᠠᠶᠢᠩᠭᠤᠵᠢᠭᠰᠠᠨ ᠰᠡᠷᠭᠡᠶᠢᠯᠡᠨ ᠡᠵᠡᠮᠳᠡᠬᠦ ᠠᠷᠭ᠎ᠠ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠠᠯᠳᠠᠪᠤᠷᠢᠯᠠᠨ ᠣᠷᠣᠵᠤ ᠢᠷᠡᠬᠦ ᠴᠢᠨᠠᠷᠲᠠᠶ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠣᠨᠣᠴᠠᠲᠠᠶ ᠰᠠᠶᠢᠲᠤᠷ ᠬᠢᠵᠦ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠬᠠᠯᠳᠠᠪᠤᠷᠢᠯᠠᠨ ᠣᠷᠣᠵᠤ ᠢᠷᠡᠬᠦ ᠪᠠ ᠳᠠᠷᠬᠠᠨ ᠳᠡᠯᠭᠡᠷᠡᠬᠦ ᠶᠢ ᠴᠢᠩᠭ᠎ᠠ ᠰᠡᠷᠭᠡᠶᠢᠯᠡᠬᠦ ᠶᠢᠨ ᠲᠤᠰᠠᠳᠠ᠂ ᠡᠳᠦᠭᠡ ᠬᠤᠯᠪᠣᠭᠳᠠᠯ ᠪᠥᠬᠦᠶ ᠤᠴᠢᠷ ᠢ ᠳᠣᠤᠷᠠᠬᠢ ᠮᠡᠲᠦ ᠵᠠᠷᠯᠠᠪᠠ᠄          ᠨᠢᠭᠡ᠂ ᠰᠠᠭᠤᠭᠠᠯᠢ ᠠᠷᠠᠳ ᠬᠢᠵᠢᠭ ᠤᠨ ᠪᠠᠶᠢᠳᠠᠯ ᠢ ᠳᠡᠭᠡᠳᠦ ᠬᠡᠮᠵᠢᠶ᠎ᠡ ᠪᠠᠷ ᠠᠩᠬᠠᠷᠴᠤ᠂ ᠤᠯᠤᠰ ᠤᠨ ᠳᠣᠲᠣᠭᠠᠳᠤ ᠶᠢᠨ ᠬᠢᠵᠢᠭ ᠤᠨ ᠪᠠᠶᠢᠳᠠᠯ ᠤᠨ ᠠᠶᠤᠯ ᠲᠦᠭᠰᠢᠭᠦᠷᠢ ᠶᠢᠨ ᠵᠡᠷᠭᠡ ᠳᠡᠰ ᠢ ᠴᠠᠭ ᠲᠤᠬᠠᠶ ᠳᠤᠨᠢ ᠣᠶᠢᠯᠠᠭᠠᠭᠠᠷᠠᠶ  ᠃ 5 ᠳ᠋ᠤᠭᠠᠷ ᠰᠠᠷ᠎ᠠ ᠶᠢᠨ 14 ᠤ ᠡᠳᠦᠷ ᠠᠴᠠ ᠨᠠᠭᠠᠰᠢ ᠳᠡᠭᠡᠷ᠎ᠡ ᠳᠤᠷᠠᠳᠤᠭᠰᠠᠨ ᠬᠢᠵᠢᠭ ᠤᠨ ᠪᠠᠶᠢᠳᠠᠯ ᠳᠠᠬᠢ ᠠᠶᠤᠯ ᠲᠦᠭᠰᠢᠭᠦᠷᠢᠲᠡᠶ ᠭᠠᠵᠠᠷ ᠣᠷᠣᠨ ᠠᠴᠠ ᠮᠠᠨ ᠤ ᠣᠷᠣᠨ ᠳᠤ ᠣᠷᠣᠵᠤ ᠢᠷᠡᠭᠰᠡᠨ ᠬᠥᠮᠦᠰ᠂ 7 ᠡᠳᠦᠷ ᠤᠨ ᠳᠣᠲᠣᠷᠠᠬᠢ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠨᠢ ᠪᠢᠯᠢᠭ ᠴᠢᠨᠠᠷ ᠤᠨ ᠭᠡᠷᠡᠴᠢ ᠲᠠᠢ ᠪᠤᠶᠤ 7 ᠡᠳᠦᠷ ᠤᠨ ᠳᠣᠲᠣᠷ᠎ᠠ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠨᠢ ᠪᠢᠯᠢᠭ ᠴᠢᠨᠠᠷ ᠤᠨ ᠮᠡᠳᠡᠭᠡ ᠵᠠᠩᠭᠢ ᠶᠢ ᠪᠠᠭᠲᠠᠭᠠᠭᠰᠠᠨ ᠡᠷᠡᠭᠦᠯ ᠮᠡᠨᠳᠦ ᠶᠢᠨ ᠨᠡᠪᠲᠡᠷᠡᠯ ᠤᠨ ᠺᠣᠳ᠋ ᠢᠶᠠᠨ ᠭᠠᠷᠭᠠᠨ ᠦᠵᠡᠭᠦᠯᠵᠦ᠂ ᠪᠡᠶ᠎ᠡ ᠶᠢᠨ ᠬᠠᠯᠠᠭᠤᠨ ᠢ  ᠨᠢ ᠬᠡᠮᠵᠢᠭᠡᠳ ᠬᠡᠪ ᠤᠨ ᠪᠠᠶᠢᠬᠤ ᠮᠥᠷᠲᠡᠭᠡᠨ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠭᠰᠡᠨ ᠤᠷᠢᠲᠠᠯ ᠳᠣᠤᠷ᠎ᠠ ᠴᠢᠯᠥᠭᠡᠲᠡᠶ ᠡᠮᠬᠢ ᠵᠢᠷᠤᠮ ᠲᠠᠢ ᠪᠠᠷ ᠶᠠᠪᠤᠵᠤ ᠰᠠᠭᠤᠵᠤ ᠪᠣᠯᠤᠨ᠎ᠠ  ᠃ ᠬᠡᠷᠪᠡ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠪᠢᠯᠢᠭ ᠴᠢᠨᠠᠷ ᠤᠨ ᠮᠡᠳᠡᠭᠡ ᠵᠠᠩᠭᠢ ᠶᠢ ᠬᠠᠩᠭᠠᠵᠤ ᠳᠡᠶᠢᠯᠬᠦ ᠥᠬᠡᠶ ᠪᠤᠶᠤ ᠬᠠᠷᠠᠬᠠᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠭᠡᠳᠦᠶ ᠪᠠᠶᠢᠪᠠᠯ᠂ ᠲᠡᠷᠡ ᠳᠠᠷᠤᠶ ᠳᠤᠨᠢ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠵᠦ᠂ 24 ᠴᠠᠭ ᠤᠨ ᠳᠣᠲᠣᠷ᠎ᠠ ᠰᠢᠨ᠎ᠡ ᠲᠢᠲᠢᠮᠯᠢᠭ ᠸᠢᠷᠦ᠋ᠰ ᠤᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢ ᠪᠡᠶᠡᠯᠡᠭᠦᠯᠵᠦ᠂ ᠰᠢᠯᠭᠠᠨ ᠪᠠᠶᠢᠴᠠᠭᠠᠯᠲᠠ ᠶᠢᠨ ᠦᠷ᠎ᠡ ᠳ᠋ᠦᠩ ᠳᠤ ᠪᠢᠯᠢᠭ ᠴᠢᠨᠠᠷ ᠲᠠᠢ ᠪᠣᠯ ᠪᠡᠶ᠎ᠡ ᠶᠢᠨ ᠬᠠᠯᠠᠭᠤᠨ ᠢ ᠨᠢ ᠬᠡᠮᠵᠢᠭᠡᠳ ᠬᠡᠪ ᠤᠨ ᠪᠠᠶᠢᠬᠤ ᠮᠥᠷᠲᠡᠭᠡᠨ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠭᠰᠡᠨ ᠤᠷᠢᠲᠠᠯ ᠳᠣᠤᠷ᠎ᠠ ᠴᠢᠯᠥᠭᠡᠲᠡᠶ ᠡᠮᠬᠢ ᠵᠢᠷᠤᠮ ᠲᠠᠢ ᠪᠠᠷ ᠶᠠᠪᠤᠵᠤ ᠰᠠᠭᠤᠵᠤ ᠪᠣᠯᠤᠨ᠎ᠠ᠃        ᠬᠤᠶᠠᠷ᠂ 4 ᠳ᠋ᠦ᠋ᠭᠡᠷ ᠰᠠᠷ᠎ᠠ ᠶᠢᠨ 30 ᠤ ᠡᠳᠦᠷ ᠠᠴᠠ ᠨᠠᠰᠢ ᠳᠡᠭᠡᠷ᠎ᠡ ᠳᠤᠷᠠᠳᠤᠭᠰᠠᠨ ᠬᠢᠵᠢᠭ ᠤᠨ ᠪᠠᠶᠢᠳᠠᠯ ᠳᠠᠬᠢ ᠲᠦᠭᠰᠢᠭᠦᠷᠢ ᠲᠠᠢ ᠭᠠᠵᠠᠷ ᠣᠷᠣᠨ ᠠᠴᠠ ᠮᠠᠨ ᠤ ᠣᠷᠣᠨ ᠳᠤ ᠢᠷᠡᠭᠰᠡᠨ ᠬᠥᠮᠦᠰ ᠰᠠᠨᠠᠭᠠᠴᠢᠯᠠᠭ᠎ᠠ  ᠠᠴᠠ ᠪᠠᠨ ᠪᠠᠶᠢᠭ᠎ᠠ ᠰᠤᠮᠤ ᠪᠠᠯᠭᠠᠰᠤ ( ᠵᠡᠭᠡᠯᠢ ᠭᠤᠳᠤᠮᠵᠢ ) ᠪᠣᠯᠤᠨ ᠭᠠᠴᠠᠭ᠎ᠠ ᠲᠣᠰᠬᠤᠨ ( ᠨᠡᠶᠢᠭᠡᠮ ᠲᠣᠭᠤᠷᠢᠭ )᠂ ᠨᠢᠭᠡᠴᠢ᠂ ᠪᠠᠭᠤᠳᠠᠯ ᠳᠤ ᠣᠷᠣᠵᠤ ᠰᠠᠭᠤᠬᠤ ᠪᠠᠷ ᠭᠤᠶᠤᠴᠢᠯᠠᠨ ᠮᠡᠳᠡᠭᠦᠯᠵᠦ᠂ ᠪᠦᠬᠦᠨ ᠢ ᠨᠡᠶᠢᠭᠡᠮ ᠲᠣᠭᠤᠷᠢᠭ  ᠤᠨ ᠡᠷᠡᠭᠦᠯ ᠮᠡᠨᠳᠦ ᠶᠢᠨ ᠬᠠᠮᠢᠶᠠᠷᠤᠯᠲᠠ ᠳᠤ ᠣᠷᠣᠭᠤᠯᠤᠨ᠂ ᠬᠠᠯᠠᠭᠤᠷᠠᠬᠤ᠂ ᠬᠠᠨᠢᠶᠠᠬᠤ ᠵᠡᠷᠭᠡ ᠰᠡᠵᠢᠭᠯᠡᠯᠲᠡᠶ ᠡᠪᠡᠳᠴᠢᠨ ᠤ ᠪᠠᠶᠢᠳᠠᠯ ᠢᠯᠡᠷᠡᠪᠡᠯ ᠳᠠᠷᠤᠶ ᠲᠦᠷᠭᠡᠨ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠪᠣᠯᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠲᠤ ᠮᠡᠳᠡᠭᠦᠯᠵᠦ᠂ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠴᠠᠭ ᠲᠤᠬᠠᠶ ᠳᠤᠨᠢ ᠬᠦᠷᠴᠦ ᠵᠢᠭᠰᠠᠭᠠᠨ ᠪᠠᠶᠢᠴᠠᠭᠠᠬᠤ ᠬᠡᠷᠡᠭᠲᠡᠶ᠃        ᠭᠤᠷᠪᠠ᠂ 4 ᠳ᠋ᠦ᠋ᠭᠡᠷ ᠰᠠᠷ᠎ᠠ ᠶᠢᠨ 30 ᠤ ᠡᠳᠦᠷ ᠠᠴᠠ ᠨᠠᠰᠢ ᠳᠡᠭᠡᠷ᠎ᠡ ᠳᠤᠷᠠᠳᠤᠭᠰᠠᠨ ᠬᠢᠵᠢᠭ ᠤᠨ ᠪᠠᠶᠢᠳᠠᠯ ᠠᠴᠠ ᠪᠣᠯᠵᠣ ᠲᠦᠭᠰᠢᠭᠦᠷᠢ ᠲᠠᠢ ᠭᠠᠵᠠᠷ ᠣᠷᠣᠨ ᠠᠴᠠ ᠪᠤᠴᠠᠵᠤ ᠢᠷᠡᠭᠰᠡᠨ ᠬᠥᠮᠦᠰ ᠲᠠᠢ ᠣᠶᠢᠷᠠᠲᠤᠵᠤ ᠥᠩᠭᠡᠷᠡᠭᠰᠡᠨ ᠴᠢᠯᠠᠭᠤᠨ ᠳᠡᠭᠡᠷ᠎ᠡ ᠪᠠᠶᠢᠭ᠎ᠠ ᠬᠥᠮᠦᠰ ᠬᠡᠷᠪᠡ ᠬᠠᠯᠠᠭᠤᠷᠠᠬᠤ᠂ ᠬᠠᠨᠢᠶᠠᠬᠤ᠂ ᠠᠮᠢᠰᠬᠤᠯ ᠳᠠᠪᠬᠤᠴᠠᠬᠤ ᠵᠡᠷᠭᠡ ᠡᠪᠡᠳᠴᠢᠨ ᠤ ᠪᠠᠶᠢᠳᠠᠯ ᠢᠯᠡᠷᠡᠪᠡᠯ᠂ ᠳᠠᠷᠤᠶ ᠲᠦᠷᠭᠡᠨ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠲᠤ ᠮᠡᠳᠡᠭᠦᠯᠵᠦ ᠂ ᠵᠢᠷᠤᠮᠵᠢᠯ ᠤᠨ ᠱᠠᠭᠠᠷᠳᠠᠯᠭ᠎ᠠ ᠶᠣᠰᠣᠭᠠᠷ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠬᠦᠷᠴᠦ ᠵᠢᠭᠰᠠᠭᠠᠨ ᠪᠠᠶᠢᠴᠠᠭᠠᠬᠤ ᠬᠡᠷᠡᠭᠲᠡᠶ᠃        ᠳᠥᠷᠪᠡ᠂ ᠥᠷᠭᠡᠨ ᠣᠯᠠᠨ ᠰᠠᠭᠤᠭᠠᠯᠢ ᠠᠷᠠᠳ ᠪᠣᠯᠤᠨ ᠯᠠᠶ ᠱᠢ ᠠᠵᠢᠯᠲᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠳᠡᠮᠵᠢᠨ ᠬᠠᠮᠵᠢᠯᠴᠠᠵᠤ᠂ 4 ᠳ᠋ᠦ᠋ᠭᠡᠷ ᠰᠠᠷ᠎ᠠ ᠶᠢᠨ 30 ᠤ ᠡᠳᠦᠷ ᠠᠴᠠ ᠨᠠᠰᠢᠬᠢ ᠳᠡᠭᠡᠷ᠎ᠡ ᠳᠤᠷᠠᠳᠤᠭᠰᠠᠨ ᠬᠢᠵᠢᠭ ᠤᠨ ᠪᠠᠶᠢᠳᠠᠯ ᠳᠠᠬᠢ ᠲᠦᠭᠰᠢᠭᠦᠷᠢ ᠲᠠᠢ ᠭᠠᠵᠠᠷ ᠣᠷᠣᠨ ᠠᠴᠠ ᠮᠠᠨ ᠤ ᠣᠷᠣᠨ ᠳᠤ ᠣᠷᠣᠵᠤ ᠢᠷᠡᠭᠰᠡᠨ ᠬᠥᠮᠦᠰ ᠤᠨ ᠮᠡᠳᠡᠭᠡ ᠵᠠᠩᠭᠢ ᠶᠢ ᠡᠵᠡᠮᠰᠢᠭᠰᠡᠨ ᠪᠣᠯ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ᠂ ᠰᠤᠮᠤ ᠪᠠᠯᠭᠠᠰᠤ ( ᠵᠡᠭᠡᠯᠢ ᠭᠤᠳᠤᠮᠵᠢ ) ᠪᠣᠯᠤᠨ ᠭᠠᠴᠠᠭ᠎ᠠ ᠲᠣᠰᠬᠤᠨ ( ᠨᠡᠶᠢᠭᠡᠮ ᠲᠣᠭᠤᠷᠢᠭ ) ᠳᠤ ᠳᠠᠷᠤᠶ ᠲᠦᠷᠭᠡᠨ ᠮᠡᠳᠡᠭᠦᠯᠬᠦ ᠬᠡᠷᠡᠭᠲᠡᠶ᠃ ᠳᠡᠭᠡᠷ᠎ᠡ ᠳᠤᠷᠠᠳᠤᠭᠰᠠᠨ ᠬᠢᠵᠢᠭ  ᠤᠨ ᠪᠠᠶᠢᠳᠠᠯ ᠳᠠᠬᠢ ᠠᠶᠤᠯ ᠲᠦᠭᠰᠢᠭᠦᠷᠢ ᠲᠠᠢ ᠭᠠᠵᠠᠷ ᠣᠷᠣᠨ ᠠᠴᠠ ᠮᠠᠨ ᠤ ᠣᠷᠣᠨ ᠳᠤ ᠢᠷᠡᠭᠰᠡᠨ ( ᠪᠤᠴᠠᠵᠤ ᠢᠷᠡᠭᠰᠡᠨ ) ᠬᠥᠮᠦᠨ ᠪᠦᠬᠦᠨ ᠡᠷᠬᠡᠪᠰᠢ ᠮᠠᠨ ᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠯᠪᠣᠭᠳᠠᠯ ᠪᠥᠬᠦᠶ ᠲᠣᠭᠲᠠᠭᠠᠯ ᠢ ᠴᠢᠩᠭ᠎ᠠ ᠵᠢᠷᠤᠮᠯᠠᠵᠤ᠂ ᠬᠠᠩᠭᠠᠭᠰᠠᠨ ᠡᠷᠡᠭᠦᠯ ᠮᠡᠨᠳᠦ ᠶᠢᠨ ᠺᠣᠳ᠋ ᠪᠣᠯᠤᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠭᠡᠷᠡᠴᠢ ᠨᠢ ᠦᠨᠡᠨ ᠪᠣᠳᠠᠲᠠᠶ ᠢᠲᠡᠭᠡᠮᠵᠢᠲᠡᠶ᠂ ᠮᠡᠳᠡᠭᠦᠯᠬᠦ ᠥᠬᠡᠶ ᠨᠢᠭᠤᠬᠤ᠂ ᠬᠤᠳᠠᠯ ᠢᠶᠠᠷ ᠮᠡᠳᠡᠭᠦᠯᠦᠭᠰᠡᠨ ᠬᠥᠮᠦᠨ ᠵᠣᠬᠢᠬᠤ ᠬᠠᠤᠯᠢ ᠴᠠᠭᠠᠵᠠ ᠶᠢᠨ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠶ᠃        ᠲᠠᠪᠤ᠂ ᠰᠠᠭᠤᠭᠠᠯᠢ ᠠᠷᠠᠳ ᠡᠷᠬᠡᠪᠰᠢ ᠰᠣᠨᠣᠷ ᠰᠡᠷᠡᠮᠵᠢ ᠪᠠᠨ ᠳᠡᠭᠡᠭᠰᠢᠯᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡ ᠬᠦ ᠬᠥᠪᠴᠢ ᠶᠢ ᠴᠠᠭ ᠢᠮᠠᠭᠲᠠ ᠴᠢᠩᠭᠠᠯᠠᠵᠤ᠂ ᠬᠥᠮᠦᠨ ᠪᠦᠬᠦᠨ ᠥᠪᠡᠷ ᠤᠨ ᠡᠷᠡᠭᠦᠯ ᠮᠡᠨᠳᠦ ᠶᠢᠨ ᠢᠶᠠᠨ ᠨᠢᠭᠡᠳᠦᠭᠡᠷ ᠬᠠᠷᠢᠭᠤᠴᠠᠯᠭᠠᠲᠠᠨ ᠪᠣᠯᠬᠤ ᠶᠢ ᠪᠠᠲᠤ ᠴᠡᠭᠡᠵᠢᠯᠡᠬᠦ ᠬᠡᠷᠡᠭᠲᠡᠢ᠃ ᠠᠮᠠᠪᠴᠢ ᠵᠡᠭᠦᠬᠦ᠂ ᠨᠡᠶᠢᠭᠡᠮ ᠤᠨ ᠬᠠᠷᠢᠯᠴᠠᠭᠠᠨ ᠤ ᠵᠠᠢ᠂ ᠬᠤᠪᠢ ᠬᠥᠮᠦᠨ ᠤ ᠡᠷᠡᠭᠦᠯ ᠬᠠᠮᠠᠭᠠᠯᠠᠯ ᠤᠨ ᠬᠢᠵᠢᠭ ᠢ ᠰᠡᠷᠭᠡᠶᠢᠯᠡᠬᠦ 《 ᠭᠤᠷᠪᠠᠨ ᠢᠵᠢ 》 ᠶᠢ ᠦᠷᠭᠦᠯᠵᠢᠯᠡᠨ ᠪᠠᠷᠢᠮᠲᠠᠯᠠᠨ᠎ᠠ︔ ᠰᠡᠷᠭᠡᠶᠢᠯᠡᠨ ᠬᠠᠮᠠᠭᠠᠯᠠᠬᠤ ᠠᠮᠠᠪᠴᠢ ᠶᠢ ᠦᠷᠭᠦᠯᠵᠢᠯᠡᠨ ᠵᠡᠭᠦᠵᠦ᠂ ᠬᠤᠶᠠᠷ ᠭᠠᠷ ᠢᠶᠠᠨ ᠦᠷᠭᠦᠯᠵᠢ ᠤᠬᠢᠶᠠᠵᠤ᠂ ᠨᠡᠶᠢᠭᠡᠮ ᠤᠨ ᠬᠠᠷᠢᠯᠴᠠᠭᠠᠨ ᠤ ᠵᠠᠶ ᠶᠢ ᠦᠯᠡᠳᠡᠭᠡᠵᠦ᠂ ᠴᠣᠩᠬᠤ ᠪᠠᠨ ᠠᠯᠢ ᠴᠢᠳᠠᠬᠤ ᠪᠠᠷ ᠨᠡᠭᠡᠭᠡᠵᠦ᠂ ᠬᠠᠨᠢᠶᠠᠪᠠᠯ ᠪᠠᠰᠠ ᠬᠠᠯᠬᠠᠯᠠᠬᠤ 《 ᠲᠠᠪᠤ ᠶᠢ ᠬᠠᠮᠠᠭᠠᠯᠠᠬᠤ ᠬᠡᠷᠡᠭᠲᠡᠶ 》᠃        ᠵᠢᠷᠭᠤᠭ᠎ᠠ᠂ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠬᠢᠬᠦ ᠪᠣᠯ ᠣᠳᠣᠬᠠᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠤᠭ ᠤᠨ ᠪᠦᠲᠦᠮᠵᠢᠲᠡᠶ ᠠᠷᠭ᠎ᠠ ᠪᠠᠷᠢᠯ ᠮᠥᠨ᠂ ᠸᠠᠺᠼᠢᠨ ᠤ ᠲᠠᠷᠢᠯᠭ᠎ᠠ ᠬᠢᠬᠦ ᠪᠠᠷ ᠳᠠᠮᠵᠢᠭᠤᠯᠤᠨ ᠬᠥᠮᠦᠰ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠳᠤ ᠬᠠᠯᠳᠠᠪᠤᠷᠢᠯᠠᠭᠳᠠᠬᠤ ᠠᠶᠤᠯ ᠲᠦᠭᠰᠢᠭᠦᠷᠢ ᠶᠢ ᠪᠦᠲᠦᠮᠵᠢᠲᠡᠶ ᠪᠠᠭᠤᠷᠠᠭᠤᠯᠵᠤ ᠴᠢᠳᠠᠨ᠎ᠠ᠂ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠬᠢᠬᠦ ᠨᠥᠬᠦᠴᠡᠯ ᠳᠤ ᠨᠡᠶᠢᠴᠡᠬᠦ ᠥᠷᠭᠡᠨ ᠣᠯᠠᠨ ᠰᠠᠭᠤᠭᠠᠯᠢ ᠠᠷᠠᠳ 《 ᠸᠠᠺᠼᠢᠨ ᠤ ᠲᠠᠷᠢᠯᠭ᠎ᠠ ᠶᠢ ᠪᠦᠬᠦᠨ ᠢ ᠬᠢᠬᠦ 》 ᠱᠠᠭᠠᠷᠳᠠᠯᠭ᠎ᠠ ᠶᠣᠰᠣᠭᠠᠷ ᠸᠠᠺᠼᠢᠨ ᠤ ᠲᠠᠷᠢᠯᠭ᠎ᠠ ᠬᠢᠬᠦ ᠠᠵᠢᠯ ᠢ ᠰᠠᠶᠢᠲᠤᠷ ᠬᠢᠬᠦ ᠬᠡᠷᠡᠭᠲᠡᠶ︔ ᠴᠢᠬᠤᠯᠠ ᠪᠤᠰᠤ ᠴᠤᠭᠯᠠᠷᠠᠯ ᠤᠨ ᠴᠢᠨᠠᠷᠲᠠᠢ ᠠᠵᠢᠯᠯᠠᠭ᠎ᠠ ᠶᠢ ᠪᠠᠭᠠᠰᠬᠠᠵᠤ᠂ ᠶᠠᠪᠤᠵᠤ ᠰᠠᠭᠤᠬᠤ ᠶᠢ ᠵᠣᠬᠢᠰᠲᠠᠢ ᠲᠤᠬᠢᠷᠠᠭᠤᠯᠵᠤ᠂ ᠤᠢᠢᠷ᠎ᠠ ᠶᠢᠨ ᠬᠤᠭᠤᠴᠠᠭᠠᠨ ᠳᠤ ᠴᠢᠬᠤᠯᠠ ᠪᠤᠰᠤ ᠬᠢᠵᠢᠭ ᠤᠨ ᠪᠠᠶᠢᠳᠠᠯ ᠳᠠᠬᠢ ᠠᠶᠤᠯ ᠲᠦᠭᠰᠢᠭᠦᠷᠢ ᠲᠠᠢ ᠭᠠᠵᠠᠷ ᠣᠷᠣᠨ ᠳᠤ ᠣᠴᠢᠬᠤ ᠦᠭᠡᠢ ᠪᠠᠶᠢᠬᠤ ᠬᠡᠷᠡᠭᠲᠡᠢ᠃ᠰᠢᠭᠤᠶᠢᠲᠤ ᠲᠣᠭᠤᠷᠢᠭ ᠤᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ 2021 ᠣᠨ ᠤ 5 ᠳ᠋ᠤᠭᠠᠷ ᠰᠠᠷ᠎ᠠ ᠶᠢᠨ 15 ᠤ ᠡᠳᠦᠷ
 
ᠢᠷᠡᠯᠲᠡ᠄ ᠰᠢᠭᠤᠶᠢᠲᠤ ᠲᠣᠭᠤᠷᠢᠭ ᠤᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号