ᠰᠢᠭᠤᠶᠢᠲᠤ ᠲᠣᠭᠤᠷᠢᠭ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ 《 ᠬᠠᠭᠠᠰ ᠬᠥᠪᠥᠩ ᠬᠥᠨᠵᠢᠯᠡ 》 ᠺᠢᠨᠣ᠋ ᠶᠢ ᠦᠵᠡᠬᠦ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/5/17
       5 ᠳ᠋ᠤᠭᠠᠷ ᠰᠠᠷ᠎ᠠ ᠶᠢᠨ 14 ᠤ ᠡᠳᠦᠷ ᠤᠨ ᠦᠳᠡ ᠶᠢᠨ ᠬᠤᠶᠢᠨ᠎ᠠ ᠰᠢᠭᠤᠶᠢᠲᠤ ᠣᠷᠣᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠵᠦ ᠨᠠᠮ  ᠤᠨ ᠭᠡᠰᠢᠭᠦᠨ ᠪᠣᠯᠤᠨ ᠺᠠᠳ᠋ᠷ ᠠᠵᠢᠯᠲᠠᠨ ᠠᠵᠢᠯᠴᠢᠨ ᠢ ᠵᠣᠬᠢᠶᠠᠨ ᠪᠠᠶᠢᠭᠤᠯᠵᠤ 《 ᠬᠠᠭᠠᠰ ᠬᠥᠪᠥᠩ ᠬᠥᠨᠵᠢᠯᠡ 》 ᠭᠡᠬᠦ ᠺᠢᠨᠣ᠋ ᠶᠢ ᠬᠠᠮᠲᠤ ᠪᠠᠷ ᠰᠣᠨᠢᠷᠬᠠᠭᠤᠯᠵᠤ᠂ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠬᠢᠵᠦ᠂ ᠨᠠᠮᠴᠢ ᠴᠢᠨᠠᠷ ᠤᠨ ᠲᠠᠨᠢᠯᠲᠠ ᠪᠠᠨ ᠳᠡᠭᠡᠭᠰᠢᠯᠡᠭᠦᠯᠵᠦ᠂ ᠣᠯᠠᠨ ᠢᠶᠠᠷ ᠢᠶᠠᠨ ᠺᠢᠨᠣ᠋ ᠦᠵᠡᠬᠦ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠨᠠᠷᠢᠨ ᠬᠢᠨᠠᠮᠠᠭᠠᠶ ᠰᠤᠷᠤᠯᠴᠠᠨ ᠪᠣᠳᠣᠯᠬᠢᠯᠠᠵᠤ᠂ ᠶᠡᠬᠡᠳᠡ ᠵᠣᠷᠢᠭᠵᠢᠪᠠ᠃

       1934 ᠣᠨ ᠳᠤ᠂ ᠤᠯᠠᠭᠠᠨ ᠴᠡᠷᠢᠭ ᠤᠷᠳᠤ ᠵᠠᠮ ᠤᠨ ᠠᠶᠠᠨ ᠲᠠᠶᠢᠨ ᠳᠤ ᠱᠠᠵᠸᠤ ᠲᠣᠰᠬᠤᠨ ᠢᠶᠠᠷ

ᠥᠩᠭᠡᠷᠡᠵᠦ᠂ ᠲᠤᠬᠠᠢ ᠶᠢᠨ ᠦᠶ᠎ᠡ ᠳᠤ 30 ᠭᠠᠷᠤᠢ ᠨᠠᠰᠤᠲᠠᠢ ᠲᠣᠰᠬᠤᠨ ᠤ ᠪᠦᠰᠡᠭᠦᠢ ᠰᠢᠤᠢ ᠰᠢᠶᠧ ᠰᠢᠤ ᠭᠡᠷ

 ᠤᠨ ᠢᠶᠠᠨ ᠡᠭᠦᠳᠡᠨ ᠳᠠᠬᠢ ᠬᠡᠭᠡᠷ᠎ᠡ ᠬᠤᠨᠣᠵᠤ ᠪᠠᠶᠢᠭᠰᠠᠨ 3 ᠡᠮᠡᠭᠲᠡᠢ ᠪᠠᠶᠢᠯᠳᠤᠭᠴᠢ ᠶᠢ ᠭᠡᠷ ᠲᠡᠭᠡᠨ ᠤᠷᠢᠵᠤ᠂

ᠬᠡᠳᠦᠨ ᠡᠳᠦᠷ ᠬᠠᠮᠲᠤ ᠰᠠᠭᠤᠵᠠᠢ᠃ ᠰᠠᠯᠬᠤ ᠦᠶ᠎ᠡ ᠳᠤ᠂ ᠡᠮᠡᠭᠲᠡᠢ ᠤᠯᠠᠭᠠᠨ ᠴᠡᠷᠢᠭ ᠰᠢᠤᠢ ᠰᠢᠶᠧ ᠰᠢᠤ ᠶᠢᠨ

ᠣᠷᠣ ᠳᠡᠭᠡᠷᠡᠬᠢ ᠬᠥᠪᠥᠩ ᠢ ᠦᠵᠡᠭᠡᠳ ᠬᠥᠨᠵᠢᠯᠡ ᠪᠠᠨ ᠲᠡᠭᠦᠨ ᠳᠤ ᠬᠦᠷᠭᠡᠪᠡ᠂ ᠰᠢᠤᠢ ᠰᠢᠶᠧ ᠰᠢᠤ ᠶᠠᠭᠠᠬᠢᠭᠰᠠᠨ

ᠴᠤ ᠵᠥᠪᠰᠢᠶᠡᠷᠡᠬᠦ ᠦᠭᠡᠢ ᠪᠠᠶᠢᠯ᠎ᠠ᠃ ᠨᠢᠭᠡ ᠤᠯᠠᠭᠠᠨ ᠴᠡᠷᠢᠭ ᠤᠨ ᠡᠮᠡᠭᠲᠡᠢ ᠪᠠᠶᠢᠯᠳᠤᠭᠴᠢ ᠬᠠᠶᠢᠴᠢ ᠠᠪᠴᠤ᠂

ᠬᠠᠭᠠᠰ ᠢ ᠨᠢ ᠬᠠᠶᠢᠴᠢᠯᠠᠵᠤ ᠠᠪᠤᠭᠠᠳ ᠲᠡᠭᠦᠨ ᠳᠤ ᠴᠢᠬᠢᠵᠦ ᠥᠭᠭᠦᠭᠡᠳ᠄ ᠬᠤᠪᠢᠰᠬᠠᠯ ᠢᠯᠠᠭᠰᠠᠨ ᠤ ᠲᠠᠷᠠᠭ᠎ᠠ

ᠲᠡᠭᠦᠨ ᠢ ᠡᠷᠭᠢᠵᠦ ᠢᠷᠡᠭᠡᠳ ᠰᠢᠨ᠎ᠡ ᠬᠥᠨᠵᠢᠯᠡ ᠬᠦᠷᠭᠡᠵᠦ ᠢᠷ᠎ᠡ ᠭᠡᠵᠦ ᠬᠡᠯᠡᠵᠡᠢ᠃

       2016 ᠣᠨ ᠤ 10 ᠰᠠᠷ᠎ᠠ ᠶᠢᠨ 21 ᠤ ᠡᠳᠦᠷ᠂ ᠤᠯᠠᠭᠠᠨ ᠴᠡᠷᠢᠭ ᠤᠨ ᠤᠷᠳᠤ ᠵᠠᠮ ᠤᠨ ᠠᠶᠠᠨ

ᠲᠠᠶᠢᠨ ᠤ ᠢᠯᠠᠯᠲᠠ ᠣᠯᠤᠭᠰᠠᠨ 80 ᠵᠢᠯ ᠤᠨ ᠤᠢ ᠶᠢ ᠳᠤᠷᠠᠰᠬᠠᠬᠤ ᠶᠡᠭᠡ ᠬᠤᠷᠠᠯ ᠳᠡᠭᠡᠷ᠎ᠡ᠂ ᠶᠡᠷᠦᠩᠬᠡᠢ ᠱᠦᠵᠢ

ᠰᠢ ᠶᠢᠨ ᠫᠢᠩ᠄ 《 ᠬᠠᠭᠠᠰ ᠬᠥᠪᠥᠩ ᠬᠥᠨᠵᠢᠯᠡ 》 ᠶᠢᠨ ᠦᠯᠢᠬᠡᠷ ᠢ᠄ 《 ᠬᠤᠨᠠᠨ ᠤ ᠷᠦ᠋ ᠴᠧᠩ ᠰᠢᠶᠠᠨ ᠤ

ᠱᠠ ᠵᠧᠦ ᠲᠣᠰᠬᠤᠨ ᠳᠤ᠂ 3 ᠡᠮᠡᠭᠲᠡᠢ ᠤᠯᠠᠭᠠᠨ ᠴᠡᠷᠢᠭ ᠰᠢᠤᠢ ᠰᠢᠶᠧ ᠰᠢᠤ ᠨᠠᠰᠤᠲᠠᠨ ᠤ ᠭᠡᠷ ᠲᠤ ᠬᠤᠨᠤᠭ

ᠵᠢᠭᠡᠯᠡᠵᠦ᠂ ᠶᠠᠪᠤᠬᠤ ᠳᠠᠭᠠᠨ ᠥᠪᠡᠷ ᠤᠨ ᠭᠠᠭᠴᠠᠬᠠᠨ ᠬᠥᠨᠵᠢᠯᠡ ᠶᠢᠨ ᠢᠶᠠᠨ ᠬᠠᠭᠠᠰ ᠢ ᠨᠢ ᠬᠠᠶᠢᠴᠢᠯᠠᠨ ᠠᠪᠴᠤ

ᠨᠠᠰᠤᠲᠠᠨ ᠳᠤ ᠦᠯᠡᠳᠡᠭᠡᠵᠦ ᠥᠭᠪᠡ᠃ ᠡᠪ ᠬᠠᠮᠲᠤ ᠨᠠᠮ ᠭᠡᠵᠦ ᠶᠠᠭᠤ ᠪᠤᠢ︖ ᠡᠪ ᠬᠠᠮᠲᠤ ᠨᠠᠮ ᠥᠪᠡᠷ ᠢᠶᠠᠨ

ᠨᠢᠭᠡ ᠬᠥᠨᠵᠢᠯᠡ ᠲᠠᠢ ᠪᠠᠶᠢᠭᠰᠠᠨ ᠴᠤ ᠬᠠᠭᠠᠰ ᠢ ᠨᠢ ᠬᠠᠶᠢᠴᠢᠯᠠᠨ ᠠᠪᠴᠤ ᠠᠷᠠᠳ ᠤᠯᠠᠨ ᠳᠤ ᠥᠭᠬᠦ ᠬᠡᠷᠡᠭᠲᠡᠢ᠃

《 ᠬᠠᠭᠠᠰ ᠬᠥᠪᠥᠩ ᠬᠥᠨᠵᠢᠯᠡ 》 ᠶᠢᠨ ᠦᠯᠢᠬᠡᠷ ᠪᠣᠯ ᠡᠪ ᠬᠠᠮᠲᠤᠴᠤᠳ ᠤᠨ ᠤᠬ ᠰᠠᠨᠠᠭᠠᠨ ᠤ ᠭᠡᠷᠡᠴᠢ

ᠪᠣᠯᠤᠨ᠎ᠠ᠃

       《 ᠬᠠᠭᠠᠰ ᠬᠥᠪᠥᠩ ᠬᠥᠨᠵᠢᠯᠡ 》 ᠺᠢᠨᠣ᠋ ᠶᠢ ᠦᠵᠡᠭᠰᠡᠨ ᠤ ᠳᠠᠷᠠᠭ᠎ᠠ᠂ ᠨᠠᠮ ᠤᠨ ᠭᠡᠰᠢᠭᠦᠨ ᠪᠣᠯᠤᠨ

ᠺᠠᠳ᠋ᠷ ᠠᠵᠢᠯᠲᠠᠳ᠄᠂ ᠲᠠᠯ᠎ᠠ ᠬᠥᠨᠵᠢᠯᠡ᠂ ᠬᠥᠮᠦᠨ ᠤ ᠰᠡᠳᠬᠢᠯ ᠢ ᠳᠤᠯᠠᠭᠠᠴᠠᠭᠤᠯᠬᠤ᠂ ᠤᠭ ᠰᠠᠨᠠᠭ᠎ᠠ ᠪᠠᠨ ᠶᠠᠭᠠᠬᠢᠭᠰᠠᠨ

ᠴᠤ ᠮᠠᠷᠲᠠᠬᠤ ᠦᠭᠡᠢ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ᠂ ᠠᠷᠠᠳ ᠲᠦᠮᠡᠨ ᠢᠶᠠᠷ ᠭᠤᠤᠯ ᠪᠣᠯᠭᠠᠬᠤ

ᠬᠥᠭᠵᠢᠯᠲᠡ ᠶᠢᠨ ᠵᠠᠮ ᠳᠡᠭᠡᠷ᠎ᠡ 《 ᠬᠠᠭᠠᠰ ᠬᠥᠪᠥᠩ ᠬᠥᠨᠵᠢᠯᠡ 》 ᠶᠢᠨ ᠵᠣᠷᠢᠭ ᠰᠠᠨᠠᠭ᠎ᠠ ᠶᠢ ᠰᠠᠶᠢᠲᠤᠷ

ᠤᠯᠠᠮᠵᠢᠯᠠᠨ ᠵᠠᠯᠭᠠᠮᠵᠢᠯᠠᠬᠤ ᠬᠡᠷᠡᠭᠲᠡᠶ᠂ ᠥᠨᠥᠳᠦᠷ ᠣᠨ ᠬᠢᠯᠪᠠᠷ ᠪᠤᠰᠤ ᠪᠠᠷ ᠢᠷᠡᠭᠰᠡᠨ ᠰᠠᠶᠢᠨ ᠰᠠᠶᠢᠬᠠᠨ ᠵᠣᠯ

ᠵᠢᠷᠭᠠᠯᠲᠤ ᠠᠮᠢᠳᠤᠷᠠᠯ ᠢᠶᠠᠨ ᠬᠤᠪᠢ ᠳᠠᠬᠢᠨ ᠨᠠᠨᠳᠢᠩᠨᠠᠬᠤ ᠬᠡᠷᠡᠭᠲᠡᠶ᠂ ᠡᠭᠦᠷᠭᠡ ᠬᠠᠷᠢᠭᠤᠴᠠᠯᠭ᠎ᠠ ᠪᠠᠨ ᠵᠣᠷᠢᠭᠲᠠᠶ

ᠡᠭᠦᠷᠭᠡᠯᠡᠬᠦ᠂ ᠨᠠᠩ ᠣᠷᠭᠢᠯᠤᠮ᠎ᠠ ᠬᠠᠯᠠᠭᠤᠨ ᠰᠡᠳᠬᠢᠯᠭᠡ ᠪᠠᠷ ᠡᠯ᠎ᠡ ᠵᠦᠶᠯ ᠤᠨ ᠠᠵᠢᠯ ᠳᠤ ᠣᠷᠣᠯᠴᠠᠬᠤ᠂ ᠦᠵᠡᠯ

ᠰᠠᠨᠠᠭᠠᠨ ᠤ ᠲᠠᠯ᠎ᠠ ᠪᠠᠷ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠶ ᠪᠠᠶᠢᠬᠤ ᠬᠡᠷᠡᠭᠲᠡᠶ᠂ 《

ᠬᠤᠶᠠᠷ ᠢ ᠬᠠᠮᠠᠭᠠᠯᠠᠬᠤ 》 ᠶᠢ ᠪᠡᠶᠡᠯᠡᠭᠦᠯᠦᠨ᠎ᠡ᠂ ᠠᠵᠢᠯ ᠶᠢᠨ ᠲᠠᠯ᠎ᠠ ᠪᠠᠷ ᠪᠡᠶ᠎ᠡ ᠪᠠᠷ ᠢᠶᠠᠨ ᠬᠡᠪ ᠳᠦᠷᠢᠮ ᠪᠣᠯᠬᠤ᠂

ᠡᠭᠦᠷᠭᠡ ᠲᠤᠰᠢᠶᠠᠯ ᠳᠠᠭᠠᠨ ᠦᠨᠡᠨᠴᠢ ᠰᠢᠳᠤᠷᠭᠤ ᠪᠠᠶᠬᠤ ᠬᠡᠷᠡᠭᠲᠡᠶ᠂ ᠡᠩ ᠤᠨ ᠠᠵᠢᠯ ᠤᠨ ᠪᠠᠢᠷᠢ ᠳᠡᠭᠡᠷ᠎ᠡ ᠶᠡᠷᠦ ᠪᠤᠰᠤ

 ᠶᠢᠨ ᠥᠪᠡᠷ ᠤᠨ ᠪᠡᠶ᠎ᠡ ᠪᠠᠨ ᠬᠢᠨ᠎ᠡ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ

ᠳᠤᠮᠳᠠᠳᠤ ᠤᠯᠤᠰ ᠤᠨ ᠵᠡᠭᠦᠳᠦ ᠶᠢ ᠪᠡᠶᠡᠯᠡᠭᠦᠯᠬᠦ ᠶᠢᠨ ᠲᠥᠯᠥᠭᠡ ᠴᠥᠬᠦᠷᠡᠰᠢ ᠦᠭᠡᠢ ᠲᠡᠮᠡᠴᠡᠵᠡᠭᠡᠶ᠎ᠡ᠃

 
ᠢᠷᠡᠯᠲᠡ᠄ ᠰᠢᠭᠤᠶᠢᠲᠤ ᠲᠣᠭᠤᠷᠢᠭ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号