ᠨᠠᠮ ᠤᠨ ᠪᠠᠶᠢᠭᠤᠯᠤᠯᠲᠠ ᠶᠢᠨ ᠠᠵᠢᠯ ᠤᠨ ᠬᠠᠷᠢᠯᠴᠠᠬᠤ ᠳᠦᠷᠢᠮ ᠢ ᠪᠠᠶᠢᠭᠤᠯᠵᠤ ᠵᠡᠭᠡᠯᠢ ᠭᠤᠳᠤᠮᠵᠢ ᠨᠡᠶᠢᠭᠡᠮ ᠲᠣᠭᠤᠷᠢᠭ ᠤᠨ ᠭᠤᠤᠯᠳᠠᠯᠭ᠎ᠠ ᠲᠠᠢ ᠠᠵᠢᠯ ᠢ ᠠᠬᠢᠭᠤᠯᠬᠤ ᠬᠡᠷᠡᠭᠲᠡᠶ
ᠨᠡᠶᠢᠲᠡᠯᠡᠭᠰᠡᠨ ᠴᠠᠭ᠄
2021/5/19
       5 ᠰᠠᠷ᠎ᠠ ᠶᠢᠨ 12 ᠤᠨ ᠦᠳᠡ ᠶᠢᠨ ᠬᠤᠶᠢᠨ᠎ᠠ᠂ ᠰᠢᠭᠤᠶᠢᠲᠤ ᠣᠷᠣᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠯᠢ ᠰᠢᠦ ᠹᠠᠩ ᠨᠠᠷ ᠦᠨᠳᠦᠰᠦᠨ ᠱᠠᠲᠤᠨ ᠤ ᠨᠠᠮ ᠤᠨ ᠡᠭᠦᠷ ᠤᠨ ᠠᠵᠢᠯ ᠤᠨ ᠬᠠᠷᠢᠯᠴᠠᠬᠤ ᠴᠡᠭ ᠳ᠋ᠡ ᠹᠠ ᠵᠡᠭᠡᠯᠢ ᠭᠤᠳᠤᠮᠵᠢ ᠶᠢᠨ ᠦᠶᠯᠡᠴᠢᠯᠡᠭᠡ ᠬᠠᠮᠢᠶᠠᠷᠤᠯᠲᠠ ᠶᠢᠨ ᠨᠠᠮ ᠤᠨ ᠡᠭᠦᠷ ᠲᠤ ᠭᠦᠨᠵᠡᠭᠡᠶᠢᠷᠡᠨ ᠠᠵᠢᠯ ᠤᠨ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ 《 ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠭᠦᠨ᠎ᠡ 》 ᠭᠡᠬᠦ ᠠᠷᠠᠳ ᠤᠨ ᠪᠠᠶᠢᠳᠠᠯ ᠤᠨ ᠶᠠᠷᠢᠯᠴᠠᠬᠤ ᠬᠤᠷᠠᠯ ᠬᠢᠪᠠ᠃

       ᠪᠠᠶᠢᠴᠠᠭᠠᠨ ᠰᠤᠳᠤᠯᠤᠯᠲᠠ ᠬᠢᠬᠦ ᠳᠤᠮᠳᠠ᠂ ᠳ᠋ᠠ ᠹᠠ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ

ᠬᠤᠷᠢᠶᠠᠨ ᠤ ᠱᠦᠵᠢ ᠯᠢᠦ ᠪᠢᠨ ᠬᠤᠸᠠ ᠤᠢᠢᠷ᠎ᠠ ᠶᠢᠨ ᠬᠤᠭᠤᠴᠠᠭᠠᠨ ᠤ ᠵᠡᠭᠡᠯᠢ ᠭᠤᠳᠤᠮᠵᠢ ᠶᠢᠨ ᠨᠡᠶᠢᠭᠡᠮ

ᠲᠣᠭᠤᠷᠢᠭ ᠤᠨ ᠭᠤᠣᠯᠳᠠᠯᠭ᠎ᠠ ᠲᠠᠢ ᠠᠵᠢᠯ ᠤᠨ ᠲᠣᠭᠤᠷᠢᠨ ᠳᠤ ᠨᠠᠷᠢᠨ ᠲᠠᠨᠢᠯᠴᠠᠭᠤᠯᠵᠤ᠂ ᠠᠷᠠᠳ ᠤᠨ ᠪᠠᠶᠢᠳᠠᠯ ᠤᠨ

ᠶᠠᠷᠢᠯᠴᠠᠬᠤ ᠬᠤᠷᠠᠯ ᠳᠤ ᠣᠷᠣᠯᠴᠠᠭᠰᠠᠨ ᠨᠥᠬᠦᠳ ᠲᠤᠰ ᠲᠤᠰ ᠤᠨ ᠠᠵᠢᠯ ᠤᠨ ᠪᠣᠳᠠᠲᠤ ᠪᠠᠶᠢᠳᠠᠯ ᠪᠣᠯᠤᠨ ᠤᠯᠠᠨ

ᠲᠦᠮᠡᠨ ᠤ 《 ᠪᠠᠴᠢᠮ ᠪᠠᠶᠢᠳᠠᠯ ᠬᠦᠴᠢᠷ ᠵᠣᠪᠠᠭᠤᠷᠢ ᠬᠦᠰᠡᠯ ᠡᠷᠡᠮᠡᠯᠵᠡᠯ 》 ᠤᠨ ᠠᠰᠠᠭᠤᠳᠠᠯ ᠲᠠᠢ

ᠤᠶᠠᠯᠳᠤᠭᠤᠯᠤᠨ ᠲᠤᠰ ᠲᠤᠰ ᠰᠠᠨᠠᠯ ᠢᠶᠠᠨ ᠰᠣᠯᠢᠯᠴᠠᠵᠤ ᠦᠭᠡ ᠬᠡᠯᠡᠪᠡ᠃

       ᠯᠢ ᠰᠢᠦ ᠹᠠᠩ ᠳᠡᠳ᠋ ᠲᠣᠭᠤᠷᠢᠭ ᠤᠨ ᠳᠠᠷᠤᠭ᠎ᠠ ᠳ᠋ᠠ ᠹᠠ ᠵᠡᠭᠡᠯᠢ ᠭᠤᠳᠤᠮᠵᠢ ᠶᠢᠨ ᠠᠵᠢᠯ ᠤᠨ ᠠᠮᠵᠢᠯᠲᠠ

 ᠶᠢ ᠭᠦᠢᠴᠡᠳ ᠨᠤᠲᠠᠯᠠᠵᠠᠢ᠂ ᠲᠡᠷᠡ᠂ ᠳ᠋ᠠ ᠹᠠ ᠰᠢᠭᠤᠶᠢᠲᠤ ᠣᠷᠣᠨ ᠤ ᠰᠢᠭᠤᠶᠢᠲᠤ ᠰᠢᠨ᠎ᠡ ᠲᠣᠭᠤᠷᠢᠭ ᠤᠨ

ᠰᠢᠭᠤᠶᠢᠲᠤ ᠰᠢᠨ᠎ᠡ ᠲᠣᠭᠤᠷᠢᠭ ᠤᠨ ᠭᠤᠣᠯᠳᠠᠯᠭ᠎ᠠ ᠲᠠᠢ ᠬᠤᠳᠠ ᠲᠣᠭᠤᠷᠢᠭ ᠤᠨ ᠵᠡᠭᠡᠯᠢ ᠭᠤᠳᠤᠮᠵᠢ ᠪᠣᠯᠤᠭᠰᠠᠨ ᠤ

ᠬᠤᠪᠢ ᠳᠤ᠂ ᠠᠵᠢᠯ ᠤᠨ ᠠᠭᠤᠯᠭ᠎ᠠ ᠤᠯᠠᠨ᠂ ᠡᠭᠦᠷᠭᠡ ᠬᠦᠨᠳᠦ᠂ ᠳᠠᠷᠤᠯᠲᠠ ᠶᠡᠭᠡ ᠪᠠᠶᠢᠵᠤ᠂ ᠵᠡᠭᠡᠯᠢ ᠭᠤᠳᠤᠮᠵᠢ

 ᠶᠢᠨ ᠨᠡᠶᠢᠭᠡᠮ ᠲᠣᠭᠤᠷᠢᠭ ᠤᠨ ᠤᠳᠤᠷᠢᠳᠬᠤ ᠪᠠᠭ ᠤᠨ ᠬᠢᠨ ᠬᠥᠮᠦᠨ ᠴᠥᠭᠡᠨ ᠤᠴᠢᠷ ᠶᠠᠪᠤᠳᠠᠯ ᠤᠯᠠᠨ

ᠬᠠᠷᠢᠭᠤᠴᠠᠯᠭ᠎ᠠ ᠶᠡᠭᠡ ᠪᠣᠳᠠᠲᠤ ᠬᠦᠴᠢᠷᠳᠡᠯ ᠢ ᠴᠢᠷᠮᠠᠶᠢᠨ ᠢᠯᠠᠨ ᠳᠠᠪᠠᠵᠤ᠂ ᠠᠷᠪᠠᠨ ᠬᠤᠷᠤᠭᠤ ᠪᠠᠷ ᠶᠠᠲᠤᠭ᠎ᠠ

ᠴᠢᠪᠬᠠᠳᠠᠵᠤ᠂ ᠡᠯ᠎ᠡ ᠵᠦᠢᠯ ᠤᠨ ᠠᠵᠢᠯ ᠢᠶᠠᠨ ᠰᠢᠨᠵᠢᠯᠡᠬᠦ ᠤᠬᠠᠭᠠᠨᠴᠢ ᠡᠮᠬᠢ ᠳᠢᠭᠯᠢᠮ ᠲᠠᠢ᠂ ᠵᠦᠢ ᠵᠣᠬᠢᠰᠲᠠᠢ

ᠥᠨᠳᠥᠷ ᠪᠦᠲᠦᠮᠵᠢᠲᠡᠢ ᠪᠠᠷ ᠪᠠᠶᠢᠷᠢᠯᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃

       ᠯᠢ ᠰᠢᠦ ᠹᠠᠩ᠂ ᠳ᠋ᠠ ᠹᠠ ᠵᠡᠭᠡᠯᠢ ᠭᠤᠳᠤᠮᠵᠢ ᠶᠢᠨ ᠬᠢᠨ ᠪᠥᠬᠦ ᠵᠢᠯ ᠤᠨ ᠡᠯ᠎ᠡ ᠵᠦᠶᠯ ᠤᠨ ᠬᠠᠷᠠᠯᠲᠠ

ᠡᠭᠦᠷᠭᠡ ᠶᠢᠨ ᠨᠠᠷᠢᠨ ᠲᠠᠩᠰᠠ ᠲᠠᠢ ᠬᠠᠷᠭᠤᠭᠤᠯᠵᠤ᠂ ᠠᠵᠢᠯ ᠤᠨ ᠬᠤᠭᠤᠴᠠᠭ᠎ᠠ ᠶᠢ ᠲᠣᠩᠭᠤᠷᠤᠭᠤᠯᠤᠨ ᠵᠢᠭᠰᠠᠭᠠᠵᠤ᠂

ᠪᠥᠬᠦ ᠬᠦᠴᠦᠨ ᠢᠶᠠᠷ ᠢᠶᠠᠨ ᠴᠢᠷᠮᠠᠶᠢᠵᠤ᠂ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠶ᠂

ᠢᠯᠠᠩᠭᠤᠶ᠎ᠠ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ᠂ ᠪᠥᠬᠦ ᠤᠯᠤᠰ ᠤᠨ ᠪᠣᠯᠪᠠᠰᠤᠨ ᠬᠤᠲᠠ ᠶᠢ

ᠡᠭᠦᠳᠦᠨ ᠪᠠᠶᠢᠭᠤᠯᠬᠤ᠂ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ᠂ ᠸᠠᠺᠼᠢᠨ ᠢ

ᠪᠥᠬᠦ ᠠᠷᠠᠳ ᠢᠶᠠᠷ ᠢᠶᠠᠨ ᠳᠠᠷᠢᠬᠤ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ᠂ ᠵᠠᠬᠢᠳᠠᠯ ᠰᠤᠷᠪᠤᠯᠵᠢᠯᠠᠯ ᠤᠨ

ᠲᠣᠭᠲᠠᠭᠤᠨ ᠢ ᠬᠠᠮᠠᠭᠠᠯᠠᠬᠤ ᠪᠠ ᠠᠶᠤᠯᠭᠦᠶ ᠦᠶᠯᠡᠳᠪᠦᠷᠢᠯᠡᠯ ᠵᠡᠷᠭᠡ ᠭᠤᠤᠯᠳᠠᠯᠭ᠎ᠠ ᠲᠠᠢ ᠡᠭᠦᠷᠭᠡ ᠶᠢ ᠰᠠᠶᠢᠲᠤᠷ

ᠠᠳᠬᠤᠵᠤ᠂ ᠬᠢᠯᠠᠰ ᠴᠡᠭ ᠢ ᠳᠣᠪᠣᠶᠢᠯᠭᠠᠵᠤ᠂ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠵᠤ᠂ ᠦᠨᠳᠦᠰᠦᠨ

ᠱᠠᠲᠤᠨ ᠤ ᠨᠠᠮ ᠤᠨ ᠪᠠᠶᠢᠭᠤᠯᠤᠯᠲᠠ ᠶᠢᠨ ᠳᠠᠭᠠᠭᠤᠯᠤᠭᠴᠢ ᠪᠣᠯᠬᠤ ᠪᠠᠷ ᠴᠢᠷᠮᠠᠶᠢᠬᠤ ᠬᠡᠷᠡᠭᠲᠡᠶ᠃

       《 ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠭᠦᠨ᠎ᠡ 》 ᠭᠡᠬᠦ ᠠᠷᠠᠳ ᠤᠨ ᠪᠠᠶᠢᠳᠠᠯ ᠢ

ᠦᠨᠡᠨᠴᠢ ᠪᠠᠷ ᠶᠠᠷᠢᠯᠴᠠᠬᠤ ᠬᠤᠷᠠᠯ ᠳᠡᠭᠡᠷ᠎ᠡ᠂ ᠪᠠᠰᠠ ᠬᠡᠰᠡᠭ ᠬᠠᠷᠢᠶ᠎ᠠ ᠣᠷᠣᠨ ᠤ ᠤᠯᠠᠨ ᠲᠦᠮᠡᠨ ᠤ ᠬᠠᠯᠠᠮᠵᠢᠯᠠᠵᠤ

ᠪᠠᠶᠢᠭ᠎ᠠ᠂ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ᠂ ᠬᠦᠴᠢᠷ ᠠᠰᠠᠭᠤᠳᠠᠯ ᠢ ᠴᠤᠭᠯᠠᠭᠤᠯᠵᠤ᠂ ᠯᠢ ᠰᠢᠦ ᠹᠠᠩ᠂

ᠤᠯᠠᠨ ᠲᠦᠮᠡᠨ ᠤ 《 ᠪᠠᠴᠢᠮ ᠲᠤᠯᠭᠠᠮ᠂ ᠬᠦᠴᠢᠷ ᠵᠣᠪᠠᠭᠤᠷᠢ᠂ ᠬᠦᠰᠡᠯ ᠡᠷᠡᠮᠡᠯᠵᠡᠯ 》 ᠤᠨ ᠠᠰᠠᠭᠤᠳᠠᠯ ᠢ

ᠳᠠᠷᠤᠢ ᠲᠦᠷᠭᠡᠨ ᠬᠤᠷᠢᠶᠠᠩᠭᠤᠶᠢᠯᠠᠨ ᠡᠮᠬᠢᠯᠡᠵᠦ᠂ ᠠᠵᠢᠯ ᠤᠨ ᠡᠭᠦᠷᠭᠡ ᠴᠢᠳᠠᠪᠬᠢ ᠶᠣᠰᠣᠭᠠᠷ ᠨᠠᠷᠢᠯᠢᠭᠵᠢᠭᠤᠯᠤᠨ

ᠵᠠᠳᠠᠯᠬᠤ ᠶᠢᠨ ᠬᠠᠮᠲᠤ ᠥᠨᠳᠥᠷ ᠪᠦᠲᠦᠮᠵᠢᠲᠡᠢ ᠪᠠᠷ ᠨᠠᠶᠢᠳᠠᠪᠤᠷᠢᠵᠢᠭᠤᠯᠤᠨ ᠰᠢᠢᠳᠪᠦᠷᠢᠯᠡᠬᠦ ᠶᠢ ᠠᠬᠢᠭᠤᠯᠵᠤ᠂ ᠠᠷᠠᠳ

ᠲᠦᠮᠡᠨ ᠳᠤ ᠦᠢᠯᠡᠴᠢᠯᠡᠬᠦ ᠵᠣᠷᠢᠯᠲᠠ ᠪᠠᠨ ᠪᠠᠲᠤ ᠴᠡᠭᠡᠵᠢᠯᠡᠵᠦ᠂ ᠢᠮᠠᠭᠲᠠ ᠠᠷᠠᠳ ᠤᠨ ᠲᠥᠯᠥᠭᠡ ᠪᠣᠳᠠᠲᠠᠢ

ᠶᠠᠪᠤᠳᠠᠯ ᠬᠢᠵᠦ᠂ ᠠᠷᠠᠳ ᠤᠨ ᠬᠦᠴᠢᠷᠳᠡᠯ ᠢ ᠰᠢᠢᠳᠪᠦᠷᠢᠯᠡᠵᠦ᠂ ᠠᠷᠠᠳ ᠤᠨ ᠬᠦᠴᠢᠷᠳᠡᠯ ᠢ ᠰᠢᠢᠳᠪᠦᠷᠢᠯᠡᠵᠦ᠂

ᠤᠯᠠᠨ ᠲᠦᠮᠡᠨ ᠳᠤ ᠬᠤᠪᠢᠷᠠᠯᠲᠠ ᠶᠢ ᠣᠯᠵᠤ ᠦᠵᠡᠭᠦᠯᠵᠦ᠂ ᠪᠣᠳᠠᠲᠤ ᠠᠰᠢᠭ ᠬᠦᠷᠲᠡᠭᠡᠬᠦ ᠪᠠᠷ ᠴᠢᠷᠮᠠᠶᠢᠬᠤ ᠬᠡᠷᠡᠭᠲᠡᠢ

ᠭᠡᠵᠦ ᠵᠢᠭᠠᠵᠤ ᠭᠠᠷᠭᠠᠪᠠ᠃

 
ᠢᠷᠡᠯᠲᠡ᠄ ᠳ᠋ᠡ ᠹᠡ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号