ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ | ᠬᠤᠷᠢᠶᠠᠨ ᠤ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ | ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠵᠣᠷᠢᠭ ᠰᠠᠨᠠᠭ᠎ᠠ ᠪᠣᠯᠤᠨ | ᠦᠨᠳᠦᠰᠦᠲᠡᠨ ᠨᠦᠭᠦᠳ ᠤᠨ ᠶᠡᠭᠡ ᠪᠦᠯᠬᠦᠮᠳᠡᠯ ᠶᠡᠭᠡ ᠬᠥᠭᠵᠢᠯᠲᠡ ᠶᠡᠭᠡ ᠴᠡᠴᠡᠭᠯᠡᠯ ᠤᠨ ᠭᠤᠤᠯ ᠬᠥᠭ ᠠᠶᠠᠰ ᠢ | ᠶᠡᠭᠡ ᠪᠠᠷ ᠪᠠᠳᠠᠷᠠᠭᠤᠯᠵᠤ᠂ 《 ᠭᠤᠷᠪᠠᠨ ᠰᠠᠯᠵᠤ ᠪᠣᠯᠤᠰᠢ ᠥᠬᠡᠶ 》 《 ᠲᠠᠪᠤᠨ ᠬᠠᠮᠲᠤ ᠶᠢᠨ ᠲᠠᠨᠢᠯᠲᠠ 》 | ᠶᠢᠨ ᠦᠵᠡᠯ ᠰᠠᠨᠠᠭ᠎ᠠ ᠶᠢ ᠪᠠᠲᠤ ᠪᠣᠶ ᠪᠣᠯᠭᠠᠵᠤ᠂ 《 ᠲᠠᠪᠤᠨ ᠨᠢᠭᠡ 》 ᠶᠢᠨ ᠠᠵᠢᠯᠯᠠᠭ᠎ᠠ ᠶᠢ | ᠨᠠᠶᠢᠳᠠᠪᠤᠷᠢᠵᠢᠭᠤᠯᠬᠤ ᠪᠠᠷ ᠠᠴᠢᠶᠠᠯᠠᠪᠤᠷᠢ ᠪᠣᠯᠭᠠᠵᠤ᠂ ᠺᠠᠳ᠋ᠷ ᠠᠵᠢᠯᠲᠠᠨ ᠠᠵᠢᠯᠴᠢᠨ ᠪᠣᠯᠤᠨ ᠣᠯᠠᠨ ᠲᠦᠮᠡᠨ ᠤ | ᠦᠨᠳᠦᠰᠦᠲᠡᠨ ᠤ ᠪᠦᠯᠬᠦᠮᠳᠡᠯ ᠤᠨ ᠤᠬᠠᠮᠰᠠᠷ ᠢ ᠴᠢᠩᠭᠠᠳᠬᠠᠬᠤ ᠶᠢᠨ ᠲᠥᠯᠥᠭᠡ᠂ 5 ᠳ᠋ᠤᠭᠠᠷ ᠰᠠᠷ᠎ᠠ ᠶᠢᠨ 19 ᠤ | ᠡᠳᠦᠷ ᠤᠨ ᠦᠳᠡ ᠶᠢᠨ ᠡᠮᠦᠨ᠎ᠡ᠂ ᠰᠢᠭᠤᠶᠢᠲᠤ ᠣᠷᠣᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ | ᠵᠢᠶ ᠮᠤᠤ ᠶᠣᠣ ᠽᠢ ᠲᠣᠰᠬᠤᠨ ᠳᠤ ᠭᠦᠨᠵᠡᠭᠡᠶᠢᠷᠡᠨ 《 ᠦᠨᠳᠦᠰᠦᠲᠡᠨ ᠨᠦᠭᠦᠳ ᠪᠦᠯᠬᠦᠮᠳᠡᠨ ᠨᠢᠭᠡ ᠬᠡᠷ ᠪᠦᠯᠢ | 》 ᠪᠠᠷ ᠡᠷᠬᠢᠨ ᠦᠵᠡᠵᠦ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ᠃ | | | | | ᠸᠠᠩ ᠸᠧᠨ ᠭᠦᠸᠧ ᠳᠡᠳ᠋ ᠲᠣᠪᠴᠢᠶᠠᠨ ᠳᠠᠷᠤᠭ᠎ᠠ ᠪᠣᠯᠤᠨ ᠺᠧᠤ ᠶᠤᠸᠠᠨ ᠡᠷᠬᠢᠯᠡᠭᠴᠢ ᠶᠢᠨ ᠳᠠᠭᠠᠭᠤᠯᠭ᠎ᠠ | ᠳᠣᠤᠷ᠎ᠠ᠂ ᠮᠠᠨ ᠤ ᠲᠣᠪᠴᠢᠶ᠎ᠠ ᠶᠢᠨ ᠺᠠᠳ᠋ᠷ ᠠᠵᠢᠯᠲᠠᠨ ᠠᠵᠢᠯᠴᠢᠨ ᠵᠢᠶ ᠮᠤᠤ ᠶᠣᠣ ᠽᠢ ᠲᠣᠰᠬᠤᠨ ᠤ 3 | ᠬᠦᠴᠢᠷᠳᠡᠯᠲᠡᠶ ᠣᠯᠠᠨ ᠲᠦᠮᠡᠨ ᠤ ᠬᠡᠷ ᠲᠤ ᠬᠦᠷᠴᠦ ᠲᠣᠬᠤᠨᠢᠭᠤᠯᠵᠤ᠂ ᠬᠦᠴᠢᠷᠳᠡᠯᠲᠡᠶ ᠣᠯᠠᠨ ᠲᠦᠮᠡᠨ ᠳᠤ ᠠᠮᠤ | ᠪᠤᠳᠠᠭ᠎ᠠ᠂ ᠭᠤᠯᠢᠷ᠂ ᠲᠣᠰᠣ ᠵᠡᠷᠭᠡ ᠲᠣᠬᠤᠨᠢᠭᠤᠯᠬᠤ ᠪᠣᠳᠠᠰ ᠬᠦᠷᠭᠡᠪᠡ᠃ ᠲᠣᠬᠤᠨᠢᠭᠤᠯᠬᠤ ᠶᠠᠪᠤᠴᠠ ᠳᠤ᠂ ᠮᠠᠨ ᠤ | ᠲᠣᠪᠴᠢᠶ᠎ᠠ ᠶᠢᠨ ᠤᠳᠤᠷᠢᠳᠬᠤ ᠺᠠᠳ᠋ᠷ ᠬᠦᠴᠢᠷᠳᠡᠯᠲᠡᠶ ᠣᠯᠠᠨ ᠲᠦᠮᠡᠨ ᠲᠠᠢ ᠳᠣᠲᠣᠨᠣ ᠪᠠᠷ ᠨᠢᠭᠤᠷᠳᠠᠨ ᠶᠠᠷᠢᠯᠴᠠᠵᠤ᠂ | ᠲᠡᠳᠡᠨ ᠤ ᠬᠡᠷ ᠪᠦᠯᠢ ᠶᠢᠨ ᠪᠠᠶᠢᠳᠠᠯ ᠪᠣᠯᠤᠨ ᠣᠷᠣᠰᠢᠵᠤ ᠪᠠᠶᠢᠭ᠎ᠠ ᠬᠦᠴᠢᠷᠳᠡᠯ ᠢ ᠨᠢ ᠣᠶᠢᠯᠠᠭᠠᠵᠤ᠂ ᠨᠠᠮ ᠤᠨ | ᠭᠡᠰᠢᠭᠦᠨ ᠺᠠᠳ᠋ᠷ ᠪᠣᠯᠤᠨ ᠬᠤᠤᠰᠯᠠᠯ ᠪᠣᠯᠵᠣ ᠶᠠᠳᠠᠭᠤ ᠬᠦᠴᠢᠷᠳᠡᠯᠲᠡᠶ ᠡᠷᠦᠬᠡ ᠶᠢ ᠬᠠᠪᠰᠤᠷᠤᠨ ᠲᠡᠳᠬᠦᠬᠦ ᠬᠠᠶᠢᠷ᠎ᠠ | ᠰᠡᠳᠬᠢᠯᠭᠡ ᠶᠢ ᠨᠢ ᠪᠦᠲᠦᠮᠵᠢᠲᠡᠶ ᠨᠡᠮᠡᠭᠳᠡᠭᠦᠯᠬᠦ ᠶᠢᠨ ᠬᠠᠮᠲᠤ ᠬᠠᠪᠰᠤᠷᠤᠨ ᠲᠡᠳᠬᠦᠬᠦ ᠠᠵᠢᠯ ᠤᠨ ᠠᠷᠭ᠎ᠠ ᠬᠡᠮᠵᠢᠶ᠎ᠡ | ᠶᠢ ᠪᠣᠳᠠᠲᠠᠶ ᠳᠤ ᠨᠠᠶᠢᠳᠠᠪᠤᠷᠢᠵᠢᠭᠤᠯᠵᠤ᠂ ᠶᠠᠳᠠᠭᠤ ᠬᠦᠴᠢᠷᠳᠡᠯᠲᠡᠶ ᠣᠯᠠᠨ ᠲᠦᠮᠡᠨ ᠳᠤ ᠨᠠᠮ ᠪᠣᠯᠤᠨ ᠵᠠᠰᠠᠭ ᠤᠨ | ᠣᠷᠳᠣᠨ ᠤ ᠬᠠᠶᠢᠷ᠎ᠠ ᠬᠠᠯᠠᠮᠵᠢ ᠶᠢ ᠦᠨᠡᠨ ᠬᠦ ᠮᠡᠳᠡᠷᠡᠭᠦᠯᠪᠡ᠃ | | | | | ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠮᠠᠨ ᠤ ᠲᠣᠪᠴᠢᠶ᠎ᠠ ᠶᠢᠨ ᠪᠥᠬᠦ ᠺᠠᠳ᠋ᠷ ᠠᠵᠢᠯᠲᠠᠨ | ᠠᠵᠢᠯᠴᠢᠨ 《 ᠭᠤᠷᠪᠠᠨ ᠰᠠᠯᠵᠤ ᠴᠢᠳᠠᠬᠤ ᠥᠬᠡᠶ 》 ᠦᠵᠡᠯ ᠰᠠᠨᠠᠭᠠᠨ ᠤ ᠴᠢᠬᠤᠯᠠ ᠴᠢᠨᠠᠷ ᠢ ᠭᠦᠨᠵᠡᠭᠡᠶ | ᠣᠶᠢᠯᠠᠭᠠᠵᠤ᠂ ᠺᠠᠳ᠋ᠷ ᠠᠵᠢᠯᠲᠠᠨ ᠠᠵᠢᠯᠴᠢᠨ ᠪᠠ ᠣᠯᠠᠨ ᠲᠦᠮᠡᠨ ᠤ ᠦᠨᠳᠦᠰᠦᠲᠡᠨ ᠤ ᠪᠦᠯᠬᠦᠮᠳᠡᠯ ᠤᠨ ᠤᠬᠠᠮᠰᠠᠷ ᠢ | ᠤᠯᠠᠮ ᠨᠢᠭᠡ ᠠᠯᠬᠤᠮ ᠴᠢᠩᠭᠠᠳᠬᠠᠪᠠ᠃ ᠬᠥᠮᠦᠨ ᠨᠢᠭᠡᠪᠦᠷᠢ ᠭᠠᠷ ᠭᠠᠷ ᠢᠶᠠᠨ ᠬᠤᠯᠪᠣᠯᠴᠠᠨ᠂ ᠦᠨᠳᠦᠰᠦᠲᠡᠨ ᠤ | ᠪᠦᠯᠬᠦᠮᠳᠡᠯ ᠢ ᠨᠠᠨᠳᠢᠩᠨᠠᠵᠤ᠂ ᠦᠨᠳᠦᠰᠦᠲᠡᠨ ᠤ ᠪᠦᠯᠬᠦᠮᠳᠡᠯ ᠳᠤ ᠠᠰᠢᠭᠲᠠᠢ ᠶᠠᠪᠤᠳᠠᠯ ᠢ ᠢᠯᠡᠭᠦᠬᠡᠨ ᠬᠢᠳᠡᠭ ᠯᠡ | ᠶᠤᠮ ᠪᠣᠯ ᠮᠠᠨ ᠤ ᠦᠨᠳᠦᠰᠦᠲᠡᠨ ᠤ ᠬᠦᠴᠦᠨ ᠳᠠᠷᠤᠢ ᠨᠢᠭᠡ ᠳᠣᠣᠷ᠎ᠠ ᠨᠢᠭᠲᠠᠷᠠᠵᠤ᠂ ᠮᠠᠨ ᠤ ᠠᠭᠤᠤ ᠶᠡᠭᠡ ᠡᠭᠡ | ᠣᠷᠣᠨ ᠳᠡᠯᠡᠬᠡᠢ ᠶᠢᠨ ᠦᠨᠳᠦᠰᠦᠲᠡᠨ ᠤ ᠡᠩᠨᠡᠭᠡᠨ ᠳᠤ ᠰᠢᠨ᠎ᠡ ᠳᠦᠷᠰᠦ ᠪᠠᠶᠢᠳᠠᠯ ᠢᠶᠠᠷ ᠰᠡᠬᠦᠶᠢᠨ ᠰᠦᠨᠳᠡᠷᠯᠡᠬᠦ | ᠪᠣᠯᠤᠨ᠎ᠠ ᠭᠡᠳᠡᠭ ᠢ ᠪᠢᠳᠡ ᠪᠠᠲᠤ ᠢᠲᠡᠭᠡᠵᠦ ᠪᠠᠶᠢᠨ᠎ᠠ᠃ | |