ᠰᠢᠭᠤᠶᠢᠲᠤ ᠲᠣᠭᠤᠷᠢᠭ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ 《 ᠠᠷᠭ᠎ᠠ ᠪᠣᠳᠣᠯᠭ᠎ᠠ ᠶᠢ ᠠᠷᠠᠳ ᠠᠴᠠ ᠠᠰᠠᠭᠤᠬᠤ᠂ ᠬᠡᠷᠡᠭᠴᠡᠭᠡ ᠶᠢ ᠠᠷᠠᠳ ᠠᠴᠠ ᠠᠰᠠᠭᠤᠬᠤ᠂ ᠵᠠᠰᠠᠭ ᠤᠨ ᠶᠠᠪᠤᠳᠠᠯ ᠢ ᠠᠷᠠᠳ ᠠᠴᠠ ᠠᠰᠠᠭᠤᠬᠤ 》 ᠭᠤᠷᠪᠠᠨ ᠠᠰᠠᠭᠤᠯᠲᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2021/5/20
       ᠶᠡᠷᠦᠩᠬᠡᠶ ᠱᠦᠵᠢ ᠰᠢ ᠶᠢᠨ ᠫᠢᠩ ᠤᠨ ᠲᠥᠪ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠳᠠᠶᠢᠴᠢᠯᠠᠯᠲᠠ ᠶᠢᠨ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ᠂ ᠰᠢᠭᠤᠶᠢᠲᠤ ᠣᠷᠣᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠪᠠᠶᠢᠷᠢᠯᠠᠭᠤᠯᠤᠯᠲᠠ ᠪᠠ 《 ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠭᠦᠨ᠎ᠡ 》 ᠭᠡᠬᠦ ᠦᠶᠯᠡᠳᠦᠯᠭᠡ ᠶᠢᠨ ᠠᠵᠢᠯᠯᠠᠭ᠎ᠠ ᠶᠢᠨ ᠲᠣᠬᠢᠷᠠᠭᠤᠯᠤᠯᠲᠠ ᠶᠣᠰᠣᠭᠠᠷ᠂ 2021 ᠣᠨ ᠤ 5 ᠰᠠᠷ᠎ᠠ ᠶᠢᠨ 19 ᠤ ᠡᠳᠦᠷ᠂ ᠰᠢᠭᠤᠶᠢᠲᠤ ᠣᠷᠣᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ ᠺᠠᠳ᠋ᠷ ᠠᠵᠢᠯᠲᠠᠨ ᠢ ᠵᠣᠬᠢᠶᠠᠨ ᠪᠠᠶᠢᠭᠤᠯᠵᠤ ᠵᠢᠶ ᠮᠤᠤ ᠶᠣᠣ ᠽᠢ ᠲᠣᠰᠬᠤᠨ ᠳᠤ 《 ᠠᠷᠭ᠎ᠠ ᠪᠣᠳᠣᠯᠭ᠎ᠠ ᠶᠢ ᠠᠷᠠᠳ ᠠᠴᠠ ᠠᠰᠠᠭᠤᠬᠤ᠂ ᠬᠡᠷᠡᠭᠴᠡᠭᠡ ᠶᠢ ᠠᠷᠠᠳ ᠠᠴᠠ ᠠᠰᠠᠭᠤᠬᠤ᠂ ᠵᠠᠰᠠᠭ ᠤᠨ ᠶᠠᠪᠤᠳᠠᠯ  ᠢ ᠠᠷᠠᠳ ᠠᠴᠠ ᠠᠰᠠᠭᠤᠬᠤ 》 ᠭᠤᠷᠪᠠᠨ ᠠᠰᠠᠭᠤᠯᠲᠠ ᠶᠢᠨ ᠠᠵᠢᠯᠯᠠᠭ᠎ᠠ ᠥᠷᠨᠢᠭᠦᠯᠪᠡ᠃

       《 ᠭᠤᠷᠪᠠ ᠶᠢ ᠠᠰᠠᠭᠤᠬᠤ 》 ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠭᠠᠰᠢ᠂ ᠮᠠᠨ ᠤ ᠲᠣᠪᠴᠢᠶ᠎ᠠ

《 ᠠᠷᠭ᠎ᠠ ᠪᠣᠳᠣᠯᠭ᠎ᠠ ᠶᠢ ᠠᠷᠠᠳ ᠠᠴᠠ ᠠᠰᠠᠭᠤᠬᠤ᠂ ᠬᠡᠷᠡᠭᠴᠡᠭᠡ ᠶᠢ ᠠᠷᠠᠳ ᠠᠴᠠ ᠠᠰᠠᠭᠤᠬᠤ᠂ ᠵᠠᠰᠠᠭ ᠤᠨ

ᠶᠠᠪᠤᠳᠠᠯ ᠢ ᠠᠷᠠᠳ ᠠᠴᠠ ᠠᠰᠠᠭᠤᠬᠤ 》 ᠰᠠᠨᠠᠯ ᠬᠤᠷᠢᠶᠠᠬᠤ ᠬᠠᠶᠢᠷᠴᠠᠭ ᠭᠠᠷᠭᠠᠵᠤ᠂ ᠭᠦᠨᠵᠡᠭᠡᠶ ᠰᠤᠷᠪᠤᠯᠵᠢᠯᠠᠨ

ᠪᠠᠶᠢᠴᠠᠭᠠᠨ ᠰᠤᠳᠤᠯᠬᠤ ᠵᠡᠷᠭᠡ ᠬᠡᠯᠪᠡᠷᠢ ᠪᠠᠷ ᠣᠯᠠᠨ ᠲᠦᠮᠡᠨ ᠤ ᠰᠠᠨᠠᠯ ᠰᠠᠨᠠᠭᠤᠯᠭ᠎ᠠ ᠶᠢ ᠥᠷᠭᠡᠨ ᠢᠶᠠᠷ ᠰᠣᠨᠣᠰᠴᠤ᠂

ᠦᠨᠳᠦᠰᠦᠨ ᠱᠠᠲᠤ ᠪᠠ ᠣᠯᠠᠨ ᠲᠦᠮᠡᠨ ᠤ ᠰᠠᠨᠠᠭᠠᠰᠢᠷᠠᠵᠤ ᠪᠠᠶᠢᠭ᠎ᠠ ᠶᠠᠪᠤᠳᠠᠯ᠂ ᠲᠦᠪᠡᠭᠳᠡᠵᠦ ᠪᠠᠶᠢᠭ᠎ᠠ ᠶᠠᠪᠤᠳᠠᠯ᠂

ᠲᠦᠪᠡᠭᠳᠡᠵᠦ ᠪᠠᠶᠢᠭ᠎ᠠ ᠶᠠᠪᠤᠳᠠᠯ ᠢ ᠣᠨᠣᠪᠴᠢᠲᠠᠶ ᠪᠠᠶᠢᠴᠠᠭᠠᠨ ᠳᠣᠲᠣᠯᠠᠪᠠ᠃ ᠲᠤᠰ ᠤᠳᠠᠭ᠎ᠠ ᠵᠢᠢ ᠮᠤᠤ ᠶᠣᠣ ᠽᠢ

ᠲᠣᠰᠬᠤᠨ ᠳᠤ ᠭᠦᠨᠵᠡᠭᠡᠶᠢᠷᠡᠵᠦ᠂ 《 ᠠᠷᠭ᠎ᠠ ᠪᠤᠳᠤᠯᠭ᠎ᠠ ᠶᠢ ᠠᠷᠠᠳ ᠠᠴᠠ ᠠᠰᠠᠭᠤᠬᠤ᠂ ᠬᠡᠷᠡᠭᠴᠡᠭᠡ ᠶᠢ ᠠᠷᠠᠳ

 ᠠᠴᠠ ᠠᠰᠠᠭᠤᠬᠤ᠂ ᠵᠠᠰᠠᠭ ᠤᠨ ᠶᠠᠪᠤᠳᠠᠯ ᠢ ᠠᠷᠠᠳ ᠠᠴᠠ ᠠᠰᠠᠭᠤᠬᠤ 》 ᠭᠤᠷᠪᠠᠨ ᠠᠰᠠᠭᠤᠯᠲᠠ ᠶᠢᠨ ᠠᠵᠢᠯᠯᠠᠭ᠎ᠠ

 ᠶᠢᠨ ᠰᠠᠨᠠᠯ ᠬᠤᠷᠢᠶᠠᠬᠤ ᠬᠦᠰᠦᠨᠦᠭᠲᠦ ᠶᠢ ᠨᠡᠶᠢᠳᠡ 20 ᠬᠤᠪᠢ ᠲᠠᠷᠬᠠᠭᠠᠵᠤ᠂ ᠰᠢᠨ᠎ᠡ ᠬᠥᠭᠵᠢᠯᠲᠡ ᠶᠢᠨ

ᠤᠢᠢᠯᠠᠭᠠᠭᠳᠠᠬᠤᠨ ᠢ ᠲᠤᠭᠤᠰᠢᠯᠠᠭᠤᠯᠬᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ

ᠪᠦᠲᠦᠭᠡᠯ ᠢ ᠪᠠᠬᠢᠵᠢᠭᠦᠯᠬᠦ᠂ ᠦᠨᠳᠦᠰᠦᠨ ᠠᠷᠠᠳ ᠤᠨ ᠠᠮᠢᠳᠤᠷᠠᠯ ᠤᠨ ᠬᠡᠷᠡᠭᠴᠡᠭᠡ ᠶᠢ ᠪᠠᠲᠤᠯᠠᠬᠤ᠂ ᠵᠠᠰᠠᠭ ᠤᠨ

ᠶᠠᠪᠤᠳᠠᠯ ᠤᠨ ᠦᠢᠯᠡᠴᠢᠯᠡᠭᠡᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠦᠨᠳᠦᠰᠦᠨ ᠱᠠᠲᠤᠨ ᠤ ᠵᠠᠰᠠᠯᠲᠠ ᠶᠢ

ᠠᠬᠢᠭᠤᠯᠬᠤ ᠵᠡᠷᠭᠡ ᠲᠠᠪᠤᠨ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠵᠦ ᠤᠯᠠᠨ ᠲᠦᠮᠡᠨ ᠠᠴᠠ ᠰᠠᠨᠠᠯ ᠬᠤᠷᠢᠶᠠᠪᠠ᠃

       《 ᠠᠷᠭ᠎ᠠ ᠪᠣᠳᠣᠯᠭ᠎ᠠ ᠶᠢ ᠠᠷᠠᠳ ᠠᠴᠠ ᠠᠰᠠᠭᠤᠬᠤ᠂ ᠬᠡᠷᠡᠭᠴᠡᠭᠡ ᠶᠢ ᠠᠷᠠᠳ ᠠᠴᠠ ᠠᠰᠠᠭᠤᠬᠤ᠂

ᠵᠠᠰᠠᠭ ᠤᠨ ᠶᠠᠪᠤᠳᠠᠯ ᠢ ᠠᠷᠠᠳ ᠠᠴᠠ ᠠᠰᠠᠭᠤᠬᠤ 》 ᠠᠵᠢᠯᠯᠠᠭ᠎ᠠ ᠥᠷᠨᠢᠭᠦᠯᠬᠦ ᠪᠣᠯ ᠨᠠᠮ ᠤᠨ ᠲᠡᠦᠬᠡ ᠶᠢᠨ

ᠰᠤᠷᠤᠯᠴᠠᠯᠭ᠎ᠠ ᠬᠥᠮᠦᠵᠢᠯ ᠤᠨ 《 ᠪᠢ ᠣᠯᠠᠨ ᠲᠦᠮᠡᠨ ᠤ ᠳᠤᠮᠳᠠ ᠪᠣᠳᠠᠲᠤ ᠶᠠᠪᠤᠳᠠᠯ ᠬᠢᠬᠦ 》 ᠦᠶᠯᠡᠳᠦᠯᠭᠡ

 ᠶᠢᠨ ᠠᠵᠢᠯᠯᠠᠭ᠎ᠠ ᠶᠢᠨ ᠴᠢᠬᠤᠯᠠ ᠠᠭᠤᠯᠭ᠎ᠠ ᠪᠣᠯᠤᠨ᠎ᠠ᠂ ᠬᠤᠶᠢᠰᠢᠳᠠ ᠶᠢᠨ ᠠᠵᠢᠯ ᠤᠨ ᠳᠤᠮᠳᠠ᠂ ᠰᠢᠭᠤᠶᠢᠲᠤ

ᠣᠷᠣᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ ᠦᠷᠭᠦᠯᠵᠢᠯᠡᠨ ᠦᠨᠡᠨ ᠪᠣᠳᠠᠲᠠᠶ ᠪᠠᠷ ᠡᠨᠡᠬᠦ

ᠠᠵᠢᠯᠯᠠᠭ᠎ᠠ ᠶᠢ ᠥᠷᠨᠢᠭᠦᠯᠵᠦ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠥᠭᠡᠷᠡᠴᠢᠯᠡᠯᠲᠡ ᠶᠢ ᠬᠦᠴᠦᠯᠡᠨ

ᠭᠦᠨᠵᠡᠭᠡᠶᠢᠷᠡᠭᠦᠯᠵᠦ ᠠᠷᠠᠳ ᠲᠤ ᠲᠥᠬᠦᠮ ᠦᠵᠡᠭᠦᠯᠦᠨ ᠪᠣᠳᠠᠲᠤ ᠶᠠᠪᠤᠳᠠᠯ ᠬᠢᠵᠦ᠂ ᠠᠷᠠᠳ ᠤᠨ ᠪᠠᠶᠢᠳᠠᠯ ᠢ

ᠪᠠᠶᠢᠴᠠᠭᠠᠵᠤ ᠠᠷᠠᠳ ᠤᠨ ᠰᠠᠨᠠᠭ᠎ᠠ ᠶᠢ ᠰᠤᠷᠪᠤᠯᠵᠢᠯᠠᠬᠤ᠂ ᠣᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠢ

ᠡᠵᠡᠮᠳᠡᠬᠦ ᠶᠢ ᠪᠣᠳᠠᠲᠤ ᠶᠠᠪᠤᠳᠠᠯ ᠬᠢᠬᠦ ᠨᠢᠭᠡᠳᠦᠭᠡᠷ ᠠᠯᠬᠤᠮ ᠪᠣᠯᠭᠠᠵᠤ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ

ᠴᠢᠳᠠᠪᠤᠷᠢ ᠪᠠ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠦᠨ᠎ᠡ᠃

 
ᠢᠷᠡᠯᠲᠡ᠄ ᠰᠢᠭᠤᠶᠢᠲᠤ ᠲᠣᠭᠤᠷᠢᠭ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号