ᠨᠠᠮ ᠪᠠ ᠣᠯᠠᠨ ᠲᠦᠮᠡᠨ ᠤ ᠬᠠᠷᠢᠴᠠᠭ᠎ᠠ᠂ ᠺᠠᠳ᠋ᠷ ᠪᠠ ᠣᠯᠠᠨ ᠲᠦᠮᠡᠨ ᠤ ᠬᠠᠷᠢᠴᠠᠭ᠎ᠠ ᠶᠢ ᠤᠯᠠᠮ ᠨᠢᠭᠡ | ᠠᠯᠬᠤᠮ ᠨᠢᠭᠲᠠᠷᠠᠭᠤᠯᠵᠤ᠂ 《 ᠬᠤᠤᠰ ᠦᠶᠯᠡᠴᠢᠯᠡᠭᠡ᠂ ᠬᠤᠤᠰ ᠲᠠᠨᠢᠯᠲᠠ 》 ᠶᠢᠨ ᠠᠵᠢᠯᠯᠠᠭ᠎ᠠ ᠥᠷᠨᠢᠭᠦᠯᠬᠦ ᠶᠢ | ᠨᠠᠶᠢᠳᠠᠪᠤᠷᠢᠵᠢᠭᠤᠯᠬᠤ ᠶᠢᠨ ᠲᠥᠯᠥᠭᠡ᠂ 5 ᠳ᠋ᠤᠭᠠᠷ ᠰᠠᠷ᠎ᠠ ᠶᠢᠨ 19 ᠤ ᠡᠳᠦᠷ ᠤᠨ ᠦᠳᠡ ᠶᠢᠨ ᠡᠮᠦᠨ᠎ᠡ᠂ | ᠰᠢᠭᠤᠶᠢᠲᠤ ᠣᠷᠣᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ ᠸᠠᠩ ᠸᠧᠨ ᠭᠦᠸᠧ ᠲᠣᠪᠴᠢᠶᠠᠨ | ᠳᠠᠷᠤᠭ᠎ᠠ ᠪᠣᠯᠤᠨᠺᠸᠤ ᠶᠤᠸᠠᠨ ᠡᠷᠬᠢᠯᠡᠭᠴᠢ ᠶᠢᠨ ᠳᠠᠭᠠᠭᠤᠯᠭ᠎ᠠ ᠳᠣᠤᠷ᠎ᠠ᠂ ᠵᠢᠶ ᠮᠤᠤ ᠶᠣᠣ ᠽᠢ ᠲᠣᠰᠬᠤᠨ ᠳᠤ | ᠠᠮᠢᠳᠤᠷᠠᠯ ᠨᠢ ᠬᠦᠴᠢᠷᠳᠡᠯᠲᠡᠶ ᠨᠠᠮ ᠤᠨ ᠭᠡᠰᠢᠭᠦᠨ ᠣᠯᠠᠨ ᠲᠦᠮᠡᠨ᠂ ᠨᠠᠰᠤᠲᠠᠶᠢᠴᠤᠳ᠂ ᠬᠡᠷ ᠲᠡᠭᠡᠨ | ᠬᠤᠴᠣᠷᠤᠭᠰᠠᠨ ᠨᠠᠰᠤᠲᠠᠶᠢᠴᠤᠳ᠂ ᠵᠡᠮᠳᠡᠭᠴᠦᠳ ᠵᠡᠷᠭᠡ ᠬᠠᠮᠲᠤᠯᠢᠭ ᠢᠶᠠᠷ ᠭᠤᠤᠯᠳᠠᠯᠭ᠎ᠠ ᠲᠠᠢ ᠡᠲᠡᠭᠡᠳ ᠪᠣᠯᠭᠠᠵᠤ᠂ | ᠡᠳ᠋ ᠪᠣᠳᠠᠰ ᠤᠨ ᠠᠵᠢᠯᠯᠠᠭ᠎ᠠ ᠬᠠᠩᠭᠠᠵᠤ᠂ ᠳᠠᠭᠠᠭᠠᠴᠢᠯᠠᠨ ᠬᠠᠷᠢᠯᠴᠠᠬᠤ ᠭᠠᠴᠠᠭ᠎ᠠ ᠲᠣᠰᠬᠤᠨ ᠳᠤ ᠦᠨᠡᠨ ᠪᠣᠳᠠᠲᠠᠶ | ᠪᠠᠷ ᠵᠠᠷᠢᠮ ᠰᠠᠶᠢᠨ ᠶᠠᠪᠤᠳᠠᠯ᠂ ᠪᠣᠳᠠᠲᠤ ᠶᠠᠪᠤᠳᠠᠯ᠂ ᠬᠦᠴᠢᠷ ᠶᠠᠪᠤᠳᠠᠯ ᠢ ᠰᠢᠶᠳᠪᠦᠷᠢᠯᠡᠵᠦ᠂ ᠠᠩᠭᠢ ᠪᠠᠶᠢᠭᠤᠯᠵᠤ | ᠬᠠᠮᠲᠤ ᠪᠠᠷ ᠪᠠᠶᠢᠭᠤᠯᠬᠤ ᠶᠠᠰᠤ ᠴᠢᠨᠠᠷ ᠢ ᠦᠨᠡᠨ ᠬᠦ ᠳᠡᠭᠡᠭᠰᠢᠯᠡᠭᠦᠯᠪᠡ᠃ | | | | | ᠮᠠᠨ ᠤ ᠲᠣᠪᠴᠢᠶ᠎ᠠ ᠲᠣᠰᠬᠤᠨ ᠤ ᠵᠥᠪᠯᠡᠯ ᠳᠤ ᠠᠯᠪᠠᠨ ᠪᠢᠴᠢᠭ ᠤᠨ ᠬᠡᠷᠡᠭᠰᠡᠯ ᠪᠠ ᠠᠯᠪᠠᠨ ᠭᠡᠷ ᠤᠨ | ᠬᠡᠷᠡᠭᠰᠡᠯ ᠠᠪᠴᠢᠷᠠᠵᠤ᠂ 《 ᠨᠢᠭᠡ ᠳᠤ ᠨᠢᠭᠡ 》 ᠬᠠᠪᠰᠤᠷᠤᠨ ᠲᠡᠳᠬᠦᠬᠦ ᠡᠲᠡᠭᠡᠳ ᠪᠠ ᠬᠦᠴᠢᠷᠳᠡᠯᠲᠡᠶ ᠣᠯᠠᠨ | ᠲᠦᠮᠡᠨ ᠳᠤ ᠠᠮᠤ ᠪᠤᠳᠠᠭ᠎ᠠ᠂ ᠭᠤᠯᠢᠷ᠂ ᠲᠣᠰᠣ ᠠᠮᠢᠳᠤᠷᠠᠯ ᠤᠨ ᠬᠡᠷᠡᠭᠰᠡᠯ ᠣᠯᠭᠤᠪᠠ᠃ ᠡᠭᠦᠨ ᠤ ᠬᠠᠮᠲᠤ᠂ | ᠬᠦᠴᠢᠷᠳᠡᠯᠲᠡᠶ ᠣᠯᠠᠨ ᠲᠦᠮᠡᠨ ᠤ ᠬᠡᠷ ᠲᠤ ᠭᠦᠨᠵᠡᠭᠡᠶᠢᠷᠡᠨ ᠠᠷᠠᠳ ᠤᠨ ᠪᠠᠶᠢᠳᠠᠯ ᠢ ᠰᠤᠷᠪᠤᠯᠵᠢᠯᠠᠵᠤ᠂ ᠠᠷᠠᠳ ᠤᠨ | ᠵᠣᠪᠠᠭᠤᠷᠢ ᠶᠢ ᠪᠠᠶᠢᠴᠠᠭᠠᠨ᠂ ᠠᠷᠠᠳ ᠤᠨ ᠬᠦᠴᠢᠷᠳᠡᠯ ᠢ ᠰᠢᠶᠳᠪᠦᠷᠢᠯᠡᠵᠦ᠂ ᠭᠠᠴᠠᠭ᠎ᠠ ᠲᠣᠰᠬᠤᠨ ᠢ ᠳᠠᠭᠠᠭᠠᠴᠢᠯᠠᠨ | ᠬᠠᠷᠢᠯᠴᠠᠬᠤ ᠦᠨᠳᠦᠰᠦᠨ ᠱᠠᠲᠤᠨ ᠤ ᠣᠯᠠᠨ ᠲᠦᠮᠡᠨ ᠢ ᠢᠳᠡᠪᠬᠢᠲᠡᠶ ᠬᠠᠪᠰᠤᠷᠤᠨ᠂ ᠦᠨᠳᠦᠰᠦᠨ ᠱᠠᠲᠤᠨ ᠤ | ᠣᠯᠠᠨ ᠲᠦᠮᠡᠨ ᠤ ᠪᠣᠳᠠᠲᠠᠶ ᠪᠥᠭᠡᠳ ᠠᠮᠠᠷᠬᠠᠨ ᠪᠡᠶᠡᠯᠡᠭᠳᠡᠬᠦ ᠥᠴᠦᠬᠡᠨ ᠬᠦᠰᠡᠯ ᠢ ᠰᠠᠨᠠᠭᠠᠴᠢᠯᠠᠭ᠎ᠠ ᠠᠴᠠ ᠪᠠᠨ | ᠮᠡᠳᠡᠷᠡᠵᠦ᠂ ᠦᠨᠳᠦᠰᠦᠨ ᠱᠠᠲᠤᠨ ᠤ ᠣᠯᠠᠨ ᠲᠦᠮᠡᠨ ᠢ ᠬᠠᠯᠠᠮᠵᠢᠯᠠᠬᠤ ᠡᠷᠴᠢᠮ ᠢᠶᠠᠨ ᠦᠨᠡᠨ ᠬᠦ ᠴᠢᠩᠭᠠᠷᠠᠭᠤᠯᠵᠤ᠂ | ᠣᠯᠠᠨ ᠲᠦᠮᠡᠨ ᠲᠠᠢ ᠬᠠᠷᠢᠯᠴᠠᠵᠤ ᠣᠯᠠᠨ ᠲᠦᠮᠡᠨ ᠳᠤ ᠦᠶᠯᠡᠴᠢᠯᠡᠬᠦ ᠱᠠᠭᠠᠷᠳᠠᠯᠭ᠎ᠠ ᠶᠢ ᠪᠣᠳᠠᠲᠠᠶ ᠳᠤ | ᠨᠠᠶᠢᠳᠠᠪᠤᠷᠢᠵᠢᠭᠤᠯᠬᠤ ᠬᠡᠷᠡᠭᠲᠡᠶ᠃ | | | | | 《 ᠬᠤᠶᠠᠷ ᠲᠤ ᠦᠶᠯᠡᠴᠢᠯᠡᠬᠦ᠂ ᠬᠤᠶᠠᠷ ᠢ ᠲᠠᠨᠢᠵᠤ ᠠᠪᠬᠤ 》 ᠠᠵᠢᠯᠯᠠᠭ᠎ᠠ ᠶᠢ ᠥᠷᠨᠢᠭᠦᠯᠬᠦ ᠪᠠᠷ | ᠳᠠᠮᠵᠢᠭᠤᠯᠤᠨ᠂ ᠪᠠᠶᠢᠭᠤᠯᠭ᠎ᠠ ᠨᠢᠭᠡᠴᠢ ᠶᠢᠨ ᠨᠠᠮ ᠤᠨ ᠭᠡᠰᠢᠭᠦᠨ ᠺᠠᠳ᠋ᠷᠴᠤᠳ ᠤᠨ ᠥᠯᠢᠭᠡᠷ ᠳᠠᠭᠤᠷᠢᠶᠠᠯ ᠪᠣᠯᠬᠤ | ᠤᠬᠠᠮᠰᠠᠷ᠂ ᠣᠯᠠᠨ ᠲᠦᠮᠡᠨ ᠳᠤ ᠦᠶᠯᠡᠴᠢᠯᠡᠬᠦ ᠤᠬᠠᠮᠰᠠᠷ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠦᠨᠳᠦᠰᠦᠨ | ᠱᠠᠲᠤᠨ ᠳᠤ ᠦᠶᠯᠡᠴᠢᠯᠡᠬᠦ ᠶᠢ ᠪᠠᠶᠢᠩᠭᠤᠵᠢᠭᠤᠯᠬᠤ᠂ ᠲᠣᠭᠲᠠᠪᠤᠷᠢᠵᠢᠭᠤᠯᠬᠤ ᠠᠷᠭ᠎ᠠ ᠮᠠᠶ᠋ᠢᠭ ᠢ ᠪᠠᠶᠢᠭᠤᠯᠵᠤ᠂ 《 | ᠬᠤᠶᠠᠷ ᠲᠤ ᠦᠶᠯᠡᠴᠢᠯᠡᠬᠦ᠂ ᠬᠤᠶᠠᠷ ᠢ ᠲᠠᠨᠢᠵᠤ ᠠᠪᠬᠤ 》 ᠠᠵᠢᠯᠯᠠᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠪᠠ᠃ | |