ᠬᠤᠲᠠ ᠶᠢᠨ ᠠᠷᠠᠳ ᠲᠤ ᠮᠡᠳᠡᠭᠦᠯᠬᠦ ᠨᠢ ᠤᠯᠤᠰ ᠤᠨ ᠥᠮᠴᠢᠯᠡᠯ ᠤᠨ ᠡᠳ᠋ ᠬᠥᠷᠥᠩᠭᠡ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ
ᠨᠡᠶᠢᠲᠡᠯᠡᠭᠰᠡᠨ ᠴᠠᠭ᠄
2021/5/21
       ᠲᠦᠷᠦᠭᠦᠬᠡᠨ᠂ ᠰᠢᠭᠤᠶᠢᠲᠤ ᠣᠷᠣᠨ ᠤ ᠤᠯᠤᠰ ᠤᠨ ᠥᠮᠴᠢᠯᠡᠯ ᠤᠨ ᠡᠳ᠋ ᠬᠥᠷᠥᠩᠭᠡ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠭᠤᠤᠯᠳᠠᠯᠭ᠎ᠠ ᠲᠠᠢ ᠠᠵᠢᠯ ᠤᠨ ᠪᠠᠶᠢᠳᠠᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠰᠢᠭᠤᠶᠢᠲᠤ ᠣᠷᠣᠨ ᠤ ᠰᠣᠨᠢᠨ ᠮᠡᠳᠡᠭᠡ ᠨᠡᠶᠢᠲᠡᠯᠡᠬᠦ ᠲᠥᠪ ᠲᠤ ᠶᠠᠪᠤᠭᠳᠠᠪᠠ᠃

       ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠣᠷᠣᠨ ᠤ ᠤᠯᠤᠰ ᠤᠨ ᠥᠮᠴᠢᠯᠡᠯ ᠤᠨ ᠡᠳ᠋ ᠬᠥᠷᠥᠩᠭᠡ

᠎ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠰᠣᠨᠢᠨ ᠮᠡᠳᠡᠭᠡᠨ ᠤ ᠥᠭᠦᠯᠡᠭᠴᠢ ᠠᠴᠠ ᠤᠯᠤᠰ ᠤᠨ ᠥᠮᠴᠢᠯᠡᠯ

᠎ ᠤᠨ ᠡᠳ᠋ ᠬᠥᠷᠥᠩᠭᠡ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ

ᠵᠢᠴᠢ ᠮᠥᠩᠭᠦᠨ ᠭᠦᠶᠯᠭᠡᠭᠡᠨ ᠤ ᠦᠶᠯᠡᠴᠢᠯᠡᠭᠡᠨ ᠤ ᠠᠵᠢᠯ ᠤᠨ ᠪᠠᠶᠢᠳᠠᠯ ᠤᠨ ᠲᠤᠬᠠᠶ ᠰᠣᠨᠢᠨ ᠮᠡᠳᠡᠭᠡ ᠨᠡᠶᠢᠲᠡᠯᠡᠬᠦ

᠎ ᠶᠢᠨ ᠬᠠᠮᠲᠤ ᠤᠯᠤᠰ ᠤᠨ ᠥᠮᠴᠢᠯᠡᠯ ᠤᠨ ᠡᠳ᠋ ᠬᠥᠷᠥᠩᠭᠡ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ

ᠥᠭᠡᠷᠡᠴᠢᠯᠡᠯᠲᠡ ᠶᠢᠨ ᠭᠠᠵᠠᠷ ᠣᠷᠣᠨ ᠳᠤ ᠦᠵᠡᠭᠦᠯᠦᠭᠰᠡᠨ ᠨᠥᠯᠥᠭᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ

᠎ ᠤᠨ ᠰᠢᠨ᠎ᠡ ᠶᠢ ᠡᠭᠦᠳᠬᠦ ᠰᠠᠭᠤᠷᠢ ᠮᠥᠩᠭᠦ ᠶᠢᠨ ᠬᠡᠪᠴᠢᠶ᠎ᠡ ᠵᠢᠴᠢ ᠲᠡᠳᠬᠦᠵᠦ ᠪᠠᠶᠢᠭ᠎ᠠ ᠠᠵᠤ ᠦᠶᠯᠡᠰ ᠤᠨ ᠪᠠᠶᠢᠳᠠᠯ

᠂ ᠣᠷᠣᠨ ᠤ ᠬᠠᠷᠢᠶ᠎ᠠ ᠪᠥᠬᠦᠶ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠺᠠᠳ᠋ᠷ ᠢ ᠰᠣᠩᠭᠤᠨ ᠲᠣᠮᠢᠯᠠᠵᠤ

ᠭᠠᠳᠠᠭᠠᠳᠤ ᠳᠤ ᠲᠤᠰᠢᠶᠠᠯ ᠡᠭᠦᠷᠭᠡᠯᠡᠭᠦᠯᠬᠦ ᠵᠡᠷᠭᠡ ᠠᠰᠠᠭᠤᠳᠠᠯ ᠤᠨ ᠲᠤᠬᠠᠶ ᠰᠤᠷᠪᠤᠯᠵᠢᠯᠠᠭᠴᠢ ᠶᠢᠨ ᠠᠰᠠᠭᠤᠯᠲᠠ ᠶᠢ

ᠬᠠᠷᠢᠭᠤᠯᠪᠠ᠃

ᠪᠤᠭᠤᠲᠤ ᠶᠢᠨ ᠡᠳᠦᠷ ᠤᠨ ᠰᠣᠨᠢᠨ᠂ ᠪᠤᠭᠤᠲᠤ ᠶᠢᠨ ᠷᠠᠳᠢᠣ᠋ ᠨᠡᠪᠲᠡᠷᠡᠭᠦᠯᠭᠡ ᠶᠢᠨ ᠬᠤᠷᠢᠶ᠎ᠠ᠂ ᠪᠤᠭᠤᠲᠤ ᠶᠢᠨ ᠣᠷᠣᠶ

᠎ ᠶᠢᠨ ᠰᠣᠨᠢᠨ᠂ ᠪᠤᠭᠤᠲᠤ ᠶᠢᠨ ᠰᠣᠨᠢᠨ ᠮᠡᠳᠡᠭᠡᠨ ᠤ ᠰᠦᠯᠵᠢᠶ᠎ᠡ᠂ ᠰᠢᠭᠤᠶᠢᠲᠤ ᠲᠣᠭᠤᠷᠢᠭ ᠤᠨ ᠬᠠᠮ ᠵᠠᠭᠤᠴᠢᠯᠠᠭᠤᠷ

᠎ ᠤᠨ ᠲᠥᠪ᠂ ᠪᠠᠭ᠋ᠠᠷᠠᠯᠲᠤ ᠰᠢᠭᠤᠶᠢᠲᠤ᠂ ᠦᠵᠡᠰᠬᠦᠯᠡᠩᠲᠦ ᠰᠢᠭᠤᠶᠢᠲᠤ᠂ ᠰᠢᠭᠤᠶᠢᠲᠤ ᠵᠡᠷᠭᠡ ᠰᠣᠨᠢᠨ ᠮᠡᠳᠡᠭᠡᠨ ᠤ

ᠵᠠᠭᠤᠴᠢᠯᠠᠭᠤᠷ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠪᠠ᠃

       ᠣᠶᠢᠷ᠎ᠠ ᠶᠢᠨ ᠵᠢᠯ ᠤᠨ ᠲᠤᠷᠰᠢ᠂ ᠰᠢᠭᠤᠶᠢᠲᠤ ᠣᠷᠣᠨ ᠤᠯᠤᠰ ᠤᠨ ᠥᠮᠴᠢᠯᠡᠯ ᠤᠨ ᠡᠳ᠋ ᠬᠥᠷᠥᠩᠭᠡ

ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂

ᠪᠠᠶᠢᠭᠤᠯᠤᠮᠵᠢ ᠶᠢᠨ ᠥᠭᠡᠷᠡᠴᠢᠯᠡᠯᠲᠡ ᠪᠠᠷ ᠠᠵᠠ ᠲᠣᠬᠢᠶᠠᠯ ᠪᠣᠯᠭᠠᠨ᠂ ᠪᠤᠭᠤᠲᠤ ᠬᠤᠲᠠ ᠳᠤ ᠤᠯᠤᠰ ᠤᠨ

ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠢ ᠤᠷᠢᠳ ᠢᠶᠠᠷ ᠲᠤᠰᠠᠭᠠᠷ

ᠪᠠᠶᠢᠭᠤᠯᠵᠤ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ

ᠥᠭᠡᠷᠡᠴᠢᠯᠡᠯᠲᠡ ᠶᠢᠨ ᠡᠭᠦᠷᠭᠡ ᠶᠢ ᠭᠤᠤᠯᠳᠠᠯᠭ᠎ᠠ ᠲᠠᠢ ᠠᠬᠢᠭᠤᠯᠵᠤ᠂ ᠪᠠᠶᠢᠭᠤᠯᠤᠯ ᠢ ᠲᠡᠭᠦᠯᠳᠡᠷᠵᠢᠭᠦᠯᠬᠦ᠂ ᠪᠦᠲᠦᠴᠡ

᠎ ᠶᠢ ᠰᠢᠯᠢᠳᠡᠭᠵᠢᠭᠦᠯᠬᠦ᠂ ᠠᠮᠢᠵᠢᠷᠠᠯ ᠤᠨ ᠬᠦᠴᠦᠨ ᠢ ᠬᠥᠭᠵᠢᠭᠡᠬᠦ ᠲᠠᠯ᠎ᠠ ᠪᠠᠷ ᠢᠯᠡᠳᠲᠡ ᠦᠷ᠎ᠡ ᠪᠦᠲᠦᠮᠵᠢ ᠤᠯᠪᠠ᠃

2019 ᠣᠨ ᠪᠠ 2020 ᠣᠨ ᠳᠤ᠂ ᠥᠷᠢ ᠥᠭᠴᠡᠭᠡ ᠶᠢ ᠰᠣᠯᠢᠬᠤ᠂ ᠬᠤᠭᠤᠴᠠᠭ᠎ᠠ ᠶᠢ ᠨᠢ ᠤᠷᠲᠤᠳᠬᠠᠨ

ᠬᠡᠯᠡᠯᠴᠡᠭᠡ ᠬᠢᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠥᠷᠢ ᠥᠭᠴᠡᠭᠡ ᠶᠢᠨ ᠵᠠᠶᠢᠯᠠᠰᠢ ᠥᠬᠡᠶ ᠴᠢᠨᠠᠷᠲᠠᠶ

ᠪᠡᠯᠡᠨ ᠵᠣᠭᠤᠰ ᠰᠣᠯᠢᠵᠤ ᠥᠭᠬᠦ ᠲᠦᠭᠰᠢᠭᠦᠷᠢ ᠶᠢ ᠢᠳᠡᠪᠬᠢᠲᠡᠶ ᠠᠷᠢᠯᠭᠠᠵᠤ᠂ ᠥᠷᠢ ᠥᠭᠴᠡᠭᠡ ᠶᠢᠨ ᠬᠤᠭᠤᠴᠠᠭ᠎ᠠ

᠎ ᠶᠢ ᠤᠷᠲᠤᠳᠬᠠᠬᠤ᠂ 7.4 ᠳ᠋ᠦᠩᠰᠢᠭᠤᠷ ᠲᠥᠭᠦᠷᠢᠭ ᠰᠣᠯᠢᠬᠤ ᠶᠢ ᠨᠡᠶᠢᠲᠡ ᠪᠡᠶᠡᠯᠡᠭᠦᠯᠵᠦ᠂ ᠵᠠᠶᠢᠯᠠᠰᠢ ᠥᠬᠡᠶ

ᠴᠢᠨᠠᠷᠲᠠᠶ ᠪᠡᠯᠡᠨ ᠵᠣᠭᠤᠰ ᠰᠣᠯᠢᠵᠤ ᠥᠭᠬᠦ 83 %᠎ ᠶᠢ ᠡᠵᠡᠯᠡᠪᠡ᠃

       ᠥᠭᠡᠷᠡᠴᠢᠯᠡᠯᠲᠡ ᠬᠢᠵᠦ ᠳᠠᠬᠢᠨ ᠵᠣᠬᠢᠶᠠᠨ ᠪᠠᠶᠢᠭᠤᠯᠬᠤ ᠶᠢ ᠠᠬᠢᠭᠤᠯᠤᠨ᠂ ᠠᠵᠤ ᠠᠬᠤᠶᠢᠯᠠᠯ ᠤᠨ

ᠬᠥᠭᠵᠢᠯᠲᠡ ᠶᠢ ᠨᠠᠩ ᠶᠡᠭᠡ ᠬᠥᠳᠡᠯᠭᠡᠬᠦ ᠬᠦᠴᠦᠨ ᠲᠠᠢ ᠪᠣᠯᠭᠠᠨ᠎ᠠ

       ᠪᠥᠬᠦ ᠬᠤᠲᠠ ᠶᠢᠨ 《 ᠳᠥᠷᠪᠡᠨ ᠰᠠᠭᠤᠷᠢᠨ ᠭᠠᠵᠠᠷ ᠬᠤᠶᠠᠷ ᠲᠥᠪ ᠨᠢᠭᠡ ᠥᠨᠳᠦᠷᠯᠢᠭ ᠭᠠᠵᠠᠷ ᠨᠢᠭᠡ

ᠰᠢᠰᠲ᠋ᠧᠮᠵᠢ 》 ᠪᠠ ᠭᠠᠵᠠᠷ ᠣᠷᠣᠨ ᠤ 《 ᠳᠥᠷᠪᠡᠨ ᠵᠢᠱᠢᠶ᠎ᠡ ᠦᠵᠡᠭᠦᠯᠬᠦ ᠬᠤᠶᠠᠷ ᠰᠠᠭᠤᠷᠢᠨ ᠭᠠᠵᠠᠷ ᠨᠢᠭᠡ

ᠲᠠᠪᠴᠠᠩ 》᠎ ᠤᠨ ᠪᠥᠲᠥᠭᠡᠨ ᠪᠠᠶᠢᠭᠤᠯᠤᠯᠲᠠ ᠶᠢᠨ ᠬᠠᠷᠠᠯᠲᠠ ᠲᠠᠢ ᠨᠢᠭᠲᠠ ᠤᠶᠠᠯᠳᠤᠭᠤᠯᠤᠨ᠂ ᠣᠷᠣᠨ ᠤ ᠬᠠᠷᠢᠶ᠎ᠠ

ᠪᠥᠬᠦᠶ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠠᠬᠢᠭᠤᠯᠬᠤ ᠪᠠ ᠪᠣᠳᠠᠲᠤ

ᠴᠣᠭᠴᠠᠵᠢᠭᠰᠠᠨ ᠠᠵᠢᠯᠯᠠᠭᠠᠨ ᠤ ᠲᠥᠰᠦᠯ ᠢ ᠤᠷᠢᠳ ᠬᠤᠵᠢᠳ ᠨᠡᠶᠢᠲᠡᠯᠡᠵᠦ᠂ ᠤᠯᠤᠰ ᠤᠨ ᠥᠮᠴᠢᠯᠡᠯᠲᠦ

ᠬᠥᠷᠥᠩᠭᠡ ᠶᠢ ᠴᠢᠬᠤᠯᠠ ᠠᠵᠢᠯ ᠲᠥᠷᠥᠯ ᠪᠠ ᠵᠠᠩᠭᠢᠯᠠᠭ᠎ᠠ ᠶᠢᠨ ᠬᠦᠷᠢᠶ᠎ᠡ ᠴᠠᠷᠠᠭ᠎ᠠ ᠳᠠᠰᠢ ᠲᠥᠪᠯᠡᠷᠡᠭᠦᠯᠬᠦ ᠶᠢ

ᠳᠥᠯᠭᠢᠨ ᠠᠬᠢᠭᠤᠯᠵᠤ᠂ 1 ᠡᠬᠡ ᠺᠣᠮᠫᠠᠨᠢ᠂ 7 ᠬᠤᠪᠢᠶᠠᠷᠢ ᠺᠣᠮᠫᠠᠨᠢ ᠶᠢ ᠡᠮᠬᠢᠯᠡᠨ ᠨᠡᠶᠢᠯᠡᠭᠦᠯᠵᠦ ᠵᠣᠬᠢᠶᠠᠨ

ᠪᠠᠶᠢᠭᠤᠯᠤᠨ᠂ ᠤᠷᠢᠳ ᠬᠤᠵᠢᠳ 7 ᠪᠣᠳᠠᠲᠤ ᠴᠣᠭᠴᠠᠵᠢᠭᠰᠠᠨ ᠺᠣᠮᠫᠠᠨᠢ ᠶᠢᠨ ᠲᠦᠷᠢᠮ᠂ ᠰᠲ᠋ᠣᠺ ᠤᠨ ᠡᠷᠬᠡ᠂

ᠬᠠᠤᠯᠢ ᠪᠠᠷ ᠲᠣᠭᠲᠠᠭᠠᠭᠰᠠᠨ ᠲᠥᠯᠥᠭᠡᠯᠡᠬᠦ ᠬᠥᠮᠦᠨ ᠤ ᠬᠤᠪᠢᠷᠠᠯᠲᠠ ᠵᠢᠴᠢ ᠳᠣᠲᠣᠭᠠᠳᠤ ᠶᠢᠨ ᠲᠦᠷᠢᠮ ᠤᠨ

ᠪᠠᠶᠢᠭᠤᠯᠤᠯᠲᠠ ᠵᠡᠷᠭᠡ ᠵᠢᠷᠤᠮᠵᠢᠭᠰᠠᠨ ᠡᠵᠡᠩᠨᠡᠯᠲᠡ ᠶᠢᠨ ᠠᠵᠢᠯ ᠢ ᠪᠡᠶᠡᠯᠡᠭᠦᠯᠵᠦ᠂ ᠣᠷᠣᠨ ᠤ ᠬᠠᠷᠢᠶ᠎ᠠ ᠪᠥᠬᠦᠶ

ᠤᠯᠤᠰ ᠤᠨ ᠥᠮᠴᠢᠯᠡᠯᠲᠦ ᠠᠵᠤ ᠠᠬᠤᠶᠢᠯᠠᠯ ᠢ ᠪᠦᠬᠦᠨ ᠢ ᠵᠢᠷᠤᠮᠵᠢᠭᠤᠯᠤᠨ ᠡᠵᠡᠩᠨᠡᠭᠦᠯᠪᠡ︔ ᠳᠠᠪᠠᠭᠤᠯᠢᠭ ᠥᠬᠡᠶ

ᠭᠤᠤᠯ ᠡᠵᠡᠩᠨᠡᠯᠲᠡ ᠶᠢᠨ ᠪᠤᠰᠤ ᠲᠤᠬᠠᠶᠢᠯᠠᠭᠰᠠᠨ ᠠᠵᠢᠯ ᠪᠠ ᠦᠷ᠎ᠡ ᠠᠰᠢᠭ ᠢᠶᠠᠷ ᠳᠣᠤᠷ᠎ᠠ ᠦᠷ᠎ᠡ ᠠᠰᠢᠭ ᠥᠬᠡᠶ

ᠡᠳ᠋ ᠬᠥᠷᠥᠩᠭᠡ ᠶᠢ ᠪᠥᠬᠦ ᠲᠠᠯ᠎ᠠ ᠪᠠᠷ ᠡᠮᠬᠢᠯᠡᠨ ᠳᠢᠭᠯᠡᠵᠦ ᠪᠤᠴᠠᠭᠠᠨ ᠭᠠᠷᠭᠠᠵᠤ᠂ ᠤᠷᠢᠳ ᠬᠤᠵᠢᠳ 3 ᠺᠣᠮᠫᠠᠨᠢ ᠶᠢ

ᠤᠯᠤᠰ ᠤᠨ ᠥᠮᠴᠢᠯᠡᠯᠲᠦ ᠰᠲ᠋ᠣᠺ ᠤᠨ ᠡᠷᠬᠡ ᠠᠴᠠ ᠪᠤᠴᠠᠭᠠᠨ ᠭᠠᠷᠭᠠᠬᠤ ᠠᠵᠢᠯ ᠢ ᠪᠡᠶᠡᠯᠡᠭᠦᠯᠬᠦ ᠶᠢᠨ ᠬᠠᠮᠲᠤ᠂

ᠠᠵᠤ ᠠᠬᠤᠶᠢᠯᠠᠯ ᠤᠨ ᠰᠲ᠋ᠣᠺ ᠤᠨ ᠡᠷᠬᠡ ᠶᠢᠨ ᠪᠦᠲᠦᠴᠡ ᠶᠢ ᠳᠣᠭᠢᠷᠠᠭᠤᠯᠤᠨ ᠰᠢᠯᠢᠳᠡᠭᠵᠢᠭᠦᠯᠬᠦ ᠪᠠᠷ ᠳᠠᠮᠵᠢᠭᠤᠯᠤᠨ

᠂ ᠳᠡᠭᠡᠳᠦ ᠵᠣᠬᠢᠴᠠᠯᠳᠤᠬᠤ ᠬᠡᠮᠵᠢᠶ᠎ᠡ᠂ ᠳᠡᠭᠡᠳᠦ ᠵᠥᠪᠰᠢᠶᠡᠷᠡᠬᠦ ᠰᠡᠳᠬᠢᠯᠭᠡ᠂ ᠳᠡᠭᠡᠳᠦ ᠬᠠᠮᠵᠢᠯᠴᠠᠬᠤ ᠴᠢᠨᠠᠷ ᠪᠥᠬᠦᠶ

ᠪᠠᠶᠢᠯᠳᠤᠬᠤ ᠪᠣᠳᠣᠯᠭ᠎ᠠ ᠶᠢᠨ ᠪᠠᠯᠠ ᠣᠷᠣᠭᠤᠯᠤᠭᠴᠢ ᠶᠢ ᠢᠳᠡᠪᠬᠢᠲᠡᠶ ᠣᠷᠣᠭᠤᠯᠤᠨ ᠠᠪᠴᠢᠷᠠᠵᠤ᠂ ᠬᠤᠯᠢᠮᠠᠭ

ᠥᠮᠴᠢᠯᠡᠯ ᠤᠨ ᠰᠲ᠋ᠣᠺ ᠤᠨ ᠡᠷᠬᠡ ᠶᠢᠨ ᠪᠦᠲᠦᠴᠡ ᠶᠢ ᠨᠠᠩ ᠰᠢᠯᠢᠳᠡᠭᠵᠢᠭᠦᠯᠦᠨ᠎ᠡ︔ ᠵᠠᠰᠠᠭ ᠠᠵᠤ ᠠᠬᠤᠶᠢᠯᠠᠯ ᠢ

ᠰᠠᠯᠭᠠᠬᠤ ᠶᠢ ᠪᠠᠷᠢᠮᠲᠠᠯᠠᠵᠤ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ

ᠵᠥᠪᠯᠡᠯ ᠠᠴᠠ ᠣᠷᠣᠨ ᠤ ᠬᠠᠷᠢᠶ᠎ᠠ ᠪᠥᠬᠦᠶ ᠤᠯᠤᠰ ᠤᠨ ᠥᠮᠴᠢᠯᠡᠯᠲᠦ ᠠᠵᠤ ᠠᠬᠤᠶᠢᠯᠠᠯ᠂ ᠠᠵᠤ ᠠᠬᠤᠶᠢᠯᠠᠯ ᠢ

ᠨᠢᠭᠡᠳᠦᠯᠲᠡᠶ ᠬᠢᠨᠠᠨ ᠬᠠᠮᠢᠶᠠᠷᠴᠤ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠ ᠬᠠᠤᠯᠢ ᠶᠣᠰᠣᠭᠠᠷ ᠠᠵᠤ ᠠᠬᠤᠶᠢᠯᠠᠯ

᠎ ᠢ ᠵᠠᠰᠠᠬᠤ ᠶᠢ ᠣᠷᠭᠠᠨᠢᠭ ᠢᠶᠠᠷ ᠨᠢᠭᠡᠳᠬᠡᠬᠦ ᠶᠢ ᠪᠡᠶᠡᠯᠡᠭᠦᠯᠵᠦ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ

ᠬᠥᠳᠡᠯᠭᠡᠬᠦ ᠬᠦᠴᠦᠨ ᠪᠠ ᠠᠮᠢᠵᠢᠷᠠᠯ ᠤᠨ ᠬᠦᠴᠦᠨ ᠢ ᠬᠥᠭᠵᠢᠭᠡᠨ᠎ᠡ᠃

ᠨᠠᠮ ᠠᠴᠠ ᠶᠡᠭᠡ ᠲᠠᠯ᠎ᠠ ᠶᠢ ᠬᠠᠮᠢᠶᠠᠷᠬᠤ ᠶᠢ ᠪᠠᠷᠢᠮᠲᠠᠯᠠᠵᠤ᠂ ᠠᠵᠤ ᠠᠬᠤᠶᠢᠯᠠᠯ ᠤᠨ ᠠᠯᠬᠤᠴᠠ ᠶᠢ ᠨᠠᠩ ᠯᠠᠪᠳᠠᠭᠤᠨ

ᠪᠣᠯᠭᠠᠨ᠎ᠠ᠃

       ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠴᠢᠭᠯᠡᠯ ᠢ

ᠡᠵᠡᠮᠳᠡᠬᠦ᠂ ᠶᠡᠭᠡ ᠲᠠᠯ᠎ᠠ ᠶᠢ ᠬᠠᠮᠢᠶᠠᠷᠬᠤ᠂ ᠨᠠᠶᠢᠳᠠᠪᠤᠷᠢᠵᠢᠭᠤᠯᠤᠯᠲᠠ ᠶᠢ ᠪᠠᠲᠤᠯᠠᠬᠤ ᠤᠳᠤᠷᠢᠳᠬᠤ ᠦᠶᠯᠡᠳᠦᠯ ᠢ

ᠭᠦᠶᠴᠡᠳ ᠪᠠᠳᠠᠷᠠᠭᠤᠯᠬᠤ ᠶᠢᠨ ᠲᠥᠯᠥᠭᠡ᠂ ᠣᠷᠣᠨ ᠤ ᠬᠠᠷᠢᠶ᠎ᠠ ᠪᠥᠬᠦᠶ ᠪᠣᠶ ᠪᠥᠬᠦᠶ ᠤᠯᠤᠰ ᠤᠨ ᠥᠮᠴᠢᠯᠡᠯ ᠤᠨ

ᠠᠵᠤ ᠠᠬᠤᠶᠢᠯᠠᠯ ᠳᠤ ᠴᠥᠮ ᠨᠠᠮ ᠤᠨ ᠵᠣᠬᠢᠶᠠᠨ ᠪᠠᠶᠢᠭᠤᠯᠤᠯᠲᠠ ᠪᠠᠶᠢᠭᠤᠯᠵᠤ᠂ ᠬᠡᠷᠡᠭ ᠮᠡᠳᠡᠭᠴᠢᠳ ᠤᠨ ᠳᠠᠷᠤᠭ᠎ᠠ

ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠲᠤᠰᠢᠶᠠᠯ ᠢ ᠬᠠᠪᠰᠤᠷᠭᠠᠨ ᠡᠭᠦᠷᠭᠡᠯᠡᠵᠦ᠂ ᠨᠠᠮ ᠤᠨ

ᠪᠠᠶᠢᠭᠤᠯᠤᠯᠲᠠ ᠶᠢᠨ ᠠᠵᠢᠯ ᠤᠨ ᠱᠠᠭᠠᠷᠳᠠᠯᠭ᠎ᠠ ᠶᠢ ᠺᠣᠮᠫᠠᠨᠢ ᠶᠢᠨ ᠲᠦᠷᠢᠮ ᠳᠤ ᠪᠢᠴᠢᠨ ᠣᠷᠣᠭᠤᠯᠵᠤ᠂ ᠠᠵᠤ

ᠠᠬᠤᠶᠢᠯᠠᠯ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠴᠢᠬᠤᠯᠠ ᠶᠡᠭᠡ ᠡᠵᠡᠩᠨᠡᠯᠲᠡ ᠬᠠᠮᠢᠶᠠᠷᠤᠯᠲᠠ ᠶᠢᠨ ᠵᠦᠶᠯᠡᠰ

᠎ ᠤᠨ ᠨᠠᠷᠢᠨ ᠲᠠᠩᠰᠠ ᠶᠢ ᠲᠤᠭᠤᠰᠢᠯᠠᠭᠤᠯᠤᠨ ᠬᠡᠷᠡᠭᠵᠢᠭᠦᠯᠵᠦ᠂ ᠨᠠᠮ ᠤᠨ ᠪᠠᠶᠢᠭᠤᠯᠤᠯᠲᠠ ᠪᠣᠯᠤᠨ ᠤᠯᠤᠰ ᠤᠨ

ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢᠨ 《 ᠳᠥᠷᠪᠡ ᠶᠢ ᠢᠵᠢᠯ ᠠᠯᠬᠤᠮ ᠢᠶᠠᠷ᠂ ᠳᠥᠷᠪᠡ

᠎ ᠶᠢ ᠵᠣᠯᠭᠠᠭᠤᠯᠬᠤ 》᠎ ᠶᠢ ᠪᠡᠶᠡᠯᠡᠭᠦᠯᠵᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠥᠭᠵᠢᠯᠲᠡ ᠶᠢᠨ

ᠠᠯᠬᠤᠭ᠎ᠠ ᠶᠢ ᠨᠠᠩ ᠯᠠᠪᠳᠠᠭᠤᠨ ᠪᠠᠲᠤᠲᠠᠶ ᠪᠣᠯᠭᠠᠪᠠ  ᠃ ᠣᠷᠣᠨ ᠤ ᠨᠠᠮ ᠤᠨ ᠬᠤᠷᠢᠶᠠᠨ ᠤ ᠱᠦᠵᠢ ᠠᠵᠤ

ᠠᠬᠤᠶᠢᠯᠠᠯ ᠤᠨ ᠬᠥᠭᠵᠢᠯᠲᠡ ᠶᠢᠨ ᠰᠡᠳᠬᠢᠴᠡ ᠶᠢ ᠲᠤᠰᠬᠠᠶ ᠰᠡᠳᠦᠪ ᠢᠶᠠᠷ ᠰᠣᠨᠣᠰᠴᠤ᠂ ᠤᠯᠤᠰ ᠤᠨ ᠥᠮᠴᠢᠯᠡᠯ

᠎ ᠤᠨ ᠠᠵᠤ ᠠᠬᠤᠶᠢᠯᠠᠯ ᠤᠨ ᠶᠡᠷᠦᠩᠬᠡᠶᠢᠯᠡᠭᠰᠡᠨ ᠥᠷᠢᠰᠥᠯᠳᠦᠬᠦ ᠬᠦᠴᠦᠨ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠬᠦ

᠎ ᠳᠤ ᠬᠦᠴᠦᠨ ᠨᠡᠮᠡᠷᠢᠯᠡᠪᠡ᠃

       ᠬᠥᠮᠦᠨ ᠰᠣᠩᠭᠤᠵᠤ ᠬᠥᠮᠦᠨ ᠬᠡᠷᠡᠭᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠴᠢᠳᠠᠪᠤᠷᠢᠲᠠᠨ ᠤ ᠡᠩᠨᠡᠭᠡ

᠎ ᠶᠢ ᠨᠠᠩ ᠠᠮᠢᠵᠢᠷᠠᠯ ᠤᠨ ᠬᠦᠴᠦᠨ ᠲᠠᠢ ᠪᠣᠯᠭᠠᠨ᠎ᠠ᠃

       ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠠᠵᠢᠯᠳᠠᠨ ᠤ ᠬᠠᠮᠢᠶᠠᠷᠤᠯᠲᠠ ᠶᠢ ᠤᠯᠠᠮ ᠨᠢᠭᠡ

ᠠᠯᠬᠤᠮ ᠴᠢᠩᠭᠠᠳᠬᠠᠬᠤ ᠶᠢᠨ ᠲᠥᠯᠥᠭᠡ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠤᠳᠤᠷᠢᠳᠬᠤ

ᠬᠥᠮᠦᠰ ᠤᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠬᠥᠮᠦᠨ ᠣᠷᠣᠭᠤᠯᠵᠤ

ᠬᠠᠮᠢᠶᠠᠷᠤᠨ ᠡᠵᠡᠮᠳᠡᠬᠦ᠂ ᠳᠠᠩᠰᠠᠯᠠᠬᠤ ᠶᠢ ᠴᠢᠩᠳᠠᠯᠠᠵᠤ᠂ ᠬᠥᠮᠦᠨ ᠤ ᠬᠦᠴᠦᠨ ᠤ ᠥᠪᠡᠷ ᠤᠨ ᠦᠷᠳᠡᠭ ᠢ

ᠬᠢᠵᠠᠭᠠᠷᠯᠠᠪᠠ︔ ᠡᠵᠡᠩᠨᠡᠯᠲᠡ ᠬᠠᠮᠢᠶᠠᠷᠤᠯᠲᠠ ᠶᠢᠨ ᠲᠤᠷᠰᠢᠯᠭ᠎ᠠ ᠮᠡᠬᠦᠰ ᠪᠠᠶᠢᠬᠤ ᠠᠰᠠᠭᠤᠳᠠᠯ ᠢ ᠰᠢᠶᠳᠪᠦᠷᠢᠯᠡᠬᠦ ᠶᠢᠨ

ᠲᠥᠯᠥᠭᠡ᠂ ᠣᠷᠣᠨ ᠤ ᠬᠠᠷᠢᠶ᠎ᠠ ᠪᠥᠬᠦᠶ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠠᠷᠢᠭᠤᠴᠠᠯᠭᠠᠲᠠᠨ

ᠬᠤᠲᠠ ᠶᠢᠨ ᠲᠣᠮᠣ ᠬᠡᠯᠪᠡᠷᠢ ᠶᠢᠨ ᠤᠯᠤᠰ ᠤᠨ ᠥᠮᠴᠢᠯᠡᠯᠲᠦ ᠠᠵᠤ ᠠᠬᠤᠶᠢᠯᠠᠯ ᠳᠤ ᠣᠴᠢᠵᠤ ᠲᠤᠰᠢᠶᠠᠯ

ᠡᠭᠦᠷᠭᠡᠯᠡᠬᠦ ᠲᠦᠷᠢᠮ ᠢ ᠪᠠᠶᠢᠭᠤᠯᠪᠠ︔ ᠴᠠᠯᠢᠩ ᠬᠥᠯᠥᠰᠥ ᠶᠢᠨ ᠬᠤᠪᠢᠶᠠᠷᠢᠯᠠᠯᠲᠠ ᠶᠢ ᠬᠤᠪᠢ ᠨᠡᠮᠡᠷᠢ ᠪᠠᠷ ᠲᠣᠪᠣᠶᠢᠮ᠎ᠠ

ᠴᠢᠳᠠᠪᠤᠷᠢᠲᠠᠨ ᠪᠠ ᠨᠢᠭᠡᠳᠦᠭᠡᠷ ᠹᠷᠣᠨᠲ ᠤᠨ ᠬᠠᠲᠠᠭᠤ ᠪᠡᠷᠬᠡ ᠠᠶᠤᠯᠲᠠᠶ ᠠᠵᠢᠯ ᠤᠨ ᠪᠠᠶᠢᠷᠢ ᠳᠠᠰᠢ ᠬᠡᠯᠪᠡᠶᠢᠯᠭᠡᠬᠦ ᠶᠢ

ᠠᠬᠢᠭᠤᠯᠬᠤ ᠶᠢᠨ ᠲᠥᠯᠥᠭᠡ᠂ ᠴᠠᠯᠢᠩ ᠬᠥᠯᠥᠰᠥ ᠶᠢᠨ ᠬᠠᠮᠢᠶᠠᠷᠤᠯᠲᠠ ᠶᠢᠨ ᠲᠦᠷᠢᠮ ᠢ ᠴᠢᠩᠭ᠎ᠠ

ᠨᠠᠶᠢᠳᠠᠪᠤᠷᠢᠵᠢᠭᠤᠯᠵᠤ᠂ ᠪᠥᠬᠦ ᠠᠵᠢᠯᠲᠠᠨ ᠤ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠶᠢ

ᠬᠡᠷᠡᠭᠵᠢᠭᠦᠯᠦᠨ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠢ ᠬᠥᠲᠥᠯᠦᠨ ᠵᠢᠯᠣᠭᠤᠳᠴᠤ ᠪᠠᠶᠢᠭᠠᠳ ᠠᠰᠢᠭ

ᠣᠯᠵᠠᠪᠤᠷᠢ ᠤᠯᠬᠤ ᠴᠢᠳᠠᠪᠤᠷᠢ ᠶᠢ ᠨᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃

 
ᠢᠷᠡᠯᠲᠡ᠄ ᠰᠢᠭᠤᠶᠢᠲᠤ ᠣᠷᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号