ᠨᠡᠶᠢᠭᠡᠮ ᠲᠣᠭᠤᠷᠢᠭ ᠠᠴᠠ ᠨᠣᠮ ᠬᠠᠨᠳᠢᠪᠯᠠᠵᠤ ᠠᠩᠬᠢᠯᠤᠮ᠎ᠠ ᠦᠨᠦᠷ ᠦᠯᠡᠳᠡᠭᠡᠬᠦ
ᠨᠡᠶᠢᠲᠡᠯᠡᠭᠰᠡᠨ ᠴᠠᠭ᠄
2021/5/21
       ᠨᠣᠮ ᠪᠢᠴᠢᠭ ᠪᠣᠯ ᠬᠥᠮᠦᠨ ᠲᠥᠷᠥᠯᠬᠢᠲᠡᠨ ᠤ ᠳᠠᠪᠰᠢᠯᠲᠠ ᠶᠢᠨ ᠱᠠᠲᠤ᠂ ᠣᠶᠤᠨ ᠤᠬᠠᠭᠠᠨ ᠢ ᠨᠡᠭᠡᠭᠡᠬᠦ ᠲᠦᠯᠬᠢᠭᠦᠷ᠃ ᠰᠠᠶᠢᠨ ᠨᠣᠮ ᠪᠣᠯ ᠳᠡᠯᠡᠬᠡᠢ ᠳᠤ ᠬᠠᠨᠳᠤᠭᠰᠠᠨ ᠴᠣᠩᠬᠤ᠂ ᠦᠨᠡᠨ ᠰᠠᠶᠢᠨ ᠰᠠᠶᠢᠬᠠᠨ ᠳᠤ ᠨᠡᠪᠲᠡᠷᠡᠬᠦ ᠵᠠᠮ ᠮᠥᠨ᠃ ᠶᠡᠷᠦᠩᠬᠡᠢ ᠱᠦᠵᠢ ᠰᠢ ᠶᠢᠨ ᠫᠢᠩ᠄ 《 ᠨᠣᠮ ᠤᠩᠰᠢᠬᠤ ᠨᠢ ᠬᠥᠮᠦᠨ ᠢ ᠦᠵᠡᠯ ᠰᠠᠨᠠᠭᠠᠨ ᠤ ᠠᠮᠢᠵᠢᠷᠠᠯ ᠤᠨ ᠬᠦᠴᠦᠨ ᠲᠠᠢ ᠪᠠᠶᠢᠯᠭᠠᠵᠤ᠂ ᠤᠶᠤᠨ ᠤᠬᠠᠭᠠᠨ ᠤ ᠰᠡᠩᠬᠡᠷᠡᠭᠦᠯᠦᠯ ᠲᠠᠢ ᠪᠣᠯᠭᠠᠵᠤ᠂ ᠲᠥᠪ ᠴᠢᠬᠡᠴᠢ ᠵᠣᠷᠢᠭ ᠰᠠᠨᠠᠭ᠎ᠠ ᠲᠠᠢ ᠪᠣᠯᠭᠠᠵᠤ ᠴᠢᠳᠠᠨ᠎ᠠ 》 ᠭᠡᠵᠦ ᠵᠢᠭᠠᠵᠤ ᠭᠠᠷᠭᠠᠪᠠ᠃ 5 ᠰᠠᠷ᠎ᠠ ᠶᠢᠨ 13 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠯᠪᠠᠨ ᠭᠡᠷ ᠰᠢᠭᠤᠶᠢᠲᠤ ᠨᠡᠶᠢᠭᠡᠮ ᠲᠣᠭᠤᠷᠢᠭ ᠲᠤ ᠬᠦᠷᠴᠦ᠂ 《 ᠪᠢ ᠤᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠭᠦᠨ᠎ᠡ 》 ᠨᠡᠶᠢᠭᠡᠮ ᠲᠣᠭᠤᠷᠢᠭ ᠲᠤ ᠨᠣᠮ ᠬᠠᠨᠳᠢᠪᠯᠠᠬᠤ ᠠᠵᠢᠯᠯᠠᠭ᠎ᠠ ᠥᠷᠨᠢᠭᠦᠯᠵᠦ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠪᠣᠯᠤᠨ ᠨᠡᠶᠢᠭᠡᠮ ᠲᠣᠭᠤᠷᠢᠭ  ᠤᠨ ᠠᠵᠢᠯᠲᠠᠳ ᠲᠤ ᠡᠷᠬᠢᠮ ᠨᠠᠨᠳᠢᠨ ᠤᠶᠤᠨ ᠤ ᠲᠡᠵᠢᠭᠡᠯ ᠬᠦᠷᠭᠡᠪᠡ᠃ ᠰᠢᠭᠤᠶᠢᠲᠤ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢ ᠰᠢᠦ ᠹᠠᠩ᠂ ᠳ᠋ᠠ ᠹᠠ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶᠠᠨ ᠤ ᠱᠦᠵᠢ ᠯᠢᠦ ᠪᠢᠨ ᠬᠤᠸᠠ᠂ ᠳᠡᠳ᠋ ᠱᠦᠵᠢ ᠯᠢ ᠯᠢ ᠨᠠ ᠬᠠᠨᠳᠢᠪᠯᠠᠬᠤ ᠶᠣᠰᠣᠯᠠᠯ ᠳᠤ ᠣᠷᠣᠯᠴᠠᠪᠠ᠃

       ᠲᠣᠰ ᠤᠳᠠᠭ᠎ᠠ ᠬᠠᠨᠳᠢᠪᠯᠠᠭᠰᠠᠨ ᠨᠣᠮ ᠪᠢᠴᠢᠭ ᠲᠤ ᠤᠯᠤᠰ ᠤᠨ ᠲᠡᠦᠬᠡ ᠨᠠᠮ ᠤᠨ ᠲᠡᠦᠬᠡ ᠶᠢᠨ

ᠬᠥᠮᠦᠵᠢᠯ᠂ ᠬᠠᠤᠯᠢ ᠲᠦᠭᠡᠮᠡᠯᠵᠢᠭᠦᠯᠬᠦ ᠬᠥᠮᠦᠵᠢᠯ᠂ ᠶᠣᠰᠣ ᠮᠣᠷᠠᠯ ᠤᠨ ᠬᠥᠮᠦᠵᠢᠯ᠂ ᠰᠣᠩᠭᠤᠳᠠᠭ ᠤᠳᠬ᠎ᠠ

ᠵᠣᠬᠢᠶᠠᠯ ᠤᠨ ᠠᠯᠳᠠᠷᠲᠤ ᠪᠦᠲᠦᠭᠡᠯ᠂ ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠦᠪᠡᠭᠴᠢᠯᠡᠯ ᠵᠡᠷᠭᠡ ᠡᠯ᠎ᠡ ᠲᠥᠷᠥᠯ

 ᠤᠨ ᠨᠣᠮ ᠪᠢᠴᠢᠭ ᠢ ᠵᠠᠭᠤ ᠭᠠᠷᠤᠶ ᠳᠡᠪᠲᠡᠷ ᠪᠠᠭᠲᠠᠭᠠᠵᠤ᠂ ᠠᠭᠤᠯᠭ᠎ᠠ ᠨᠢ ᠭᠤᠶᠢᠳᠠ ᠪᠠᠶᠠᠯᠢᠭ᠂ ᠲᠥᠷᠥᠯ ᠵᠦᠶᠯ ᠨᠢ

ᠣᠯᠠᠨ ᠶᠠᠩᠵᠤ ᠶᠢᠨ ᠪᠠᠶᠢᠳᠠᠭ᠃ ᠨᠡᠶᠢᠭᠡᠮ ᠲᠣᠭᠤᠷᠢᠭ ᠤᠨ ᠬᠠᠷᠢᠭᠤᠴᠠᠯᠭᠠᠲᠠᠨ ᠪᠡᠯᠡᠭᠯᠡᠨ ᠬᠦᠷᠭᠡᠭᠰᠡᠨ ᠨᠣᠮ ᠪᠢᠴᠢᠭ

 ᠢ ᠬᠦᠯᠢᠶᠡᠨ ᠠᠪᠤᠭᠰᠠᠨ ᠪᠥᠭᠡᠳ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠪᠠ ᠨᠡᠶᠢᠭᠡᠮ ᠲᠣᠭᠤᠷᠢᠭ ᠤᠨ

ᠠᠵᠢᠯᠲᠠᠨ ᠢ ᠲᠥᠯᠥᠭᠡᠯᠡᠨ ᠬᠤᠲᠠ ᠶᠢᠨ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠯᠪᠠᠨ ᠭᠡᠷ ᠤᠨ

ᠪᠡᠯᠡᠭᠯᠡᠨ ᠬᠦᠷᠭᠡᠭᠰᠡᠨ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ ᠢᠯᠡᠳᠬᠡᠪᠡ᠃

       ᠨᠣᠮ ᠬᠠᠨᠳᠢᠪᠯᠠᠬᠤ ᠠᠵᠢᠯᠯᠠᠭ᠎ᠠ ᠪᠣᠯ ᠠᠷᠠᠳ ᠲᠦᠮᠡᠨ ᠳᠤ ᠠᠰᠢᠭ ᠬᠦᠷᠲᠡᠭᠡᠬᠦ᠂ ᠤᠯᠠᠨ ᠲᠦᠮᠡᠨ ᠳᠤ

ᠦᠨᠡᠨ ᠬᠦ ᠪᠣᠳᠠᠲᠤ ᠶᠠᠪᠤᠳᠠᠯ ᠬᠢᠵᠦ ᠥᠭᠬᠦ ᠠᠴᠢ ᠬᠤᠯᠪᠣᠭᠳᠠᠯ ᠲᠠᠢ ᠠᠵᠢᠯᠯᠠᠭ᠎ᠠ ᠪᠣᠯᠤᠨ᠎ᠠ᠂ ᠬᠤᠶᠢᠰᠢᠳᠠ᠂

ᠰᠢᠭᠤᠶᠢᠲᠤ ᠨᠡᠶᠢᠭᠡᠮ ᠲᠣᠭᠤᠷᠢᠭ ᠨᠠᠮ ᠤᠨ ᠲᠡᠦᠬᠡ ᠶᠢᠨ ᠬᠥᠮᠦᠵᠢᠯ ᠢ ᠰᠤᠷᠤᠯᠴᠠᠬᠤ ᠪᠠᠷ ᠠᠵᠠ ᠲᠣᠬᠢᠶᠠᠯ ᠪᠣᠯᠭᠠᠵᠤ

᠂ ᠥᠷᠭᠡᠨ ᠤᠯᠠᠨ ᠨᠠᠮ ᠤᠨ ᠭᠡᠰᠢᠭᠦᠨ᠂ ᠤᠯᠠᠨ ᠲᠦᠮᠡᠨ ᠢ ᠨᠣᠮ ᠪᠢᠴᠢᠭ ᠤᠩᠰᠢᠬᠤ ᠪᠠᠷ ᠳᠠᠮᠵᠢᠨ ᠨᠠᠮ ᠤᠨ

ᠲᠡᠦᠬᠡ ᠶᠢ ᠰᠤᠷᠤᠯᠴᠠᠭᠤᠯᠵᠤ᠂ ᠨᠠᠮ ᠤᠨ ᠵᠠᠭᠤᠨ ᠵᠢᠯ ᠤᠨ ᠲᠡᠮᠡᠴᠡᠯ ᠤᠨ ᠲᠡᠦᠬᠡᠨ ᠶᠠᠪᠤᠴᠠ ᠠᠴᠠ ᠦᠷᠭᠦᠯᠵᠢᠯᠡᠨ

ᠤᠷᠤᠭᠰᠢᠯᠠᠬᠤ ᠤᠶᠤᠨ ᠤᠬᠠᠭᠠᠨ ᠪᠠ ᠬᠦᠴᠦᠨ ᠴᠢᠳᠠᠯ ᠢ ᠰᠢᠩᠭᠡᠭᠡᠨ ᠠᠪᠴᠤ᠂ ᠬᠤᠪᠢᠰᠬᠠᠯ ᠤᠨ ᠭᠧᠨ ᠢ

ᠤᠯᠠᠮᠵᠢᠯᠠᠨ ᠵᠠᠯᠭᠠᠮᠵᠢᠯᠠᠵᠤ᠂ ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ

ᠴᠡᠭᠡᠵᠢᠯᠡᠵᠦ᠂ ᠨᠠᠮ ᠤᠨ ᠭᠡᠰᠢᠭᠦᠨ᠂ ᠤᠯᠠᠨ ᠲᠦᠮᠡᠨ ᠢ ᠰᠡᠳᠬᠢᠯ ᠵᠢᠷᠦᠬᠡᠨ ᠳᠡᠭᠡᠨ ᠭᠦᠨ ᠬᠠᠳᠠᠩᠰᠢᠭᠤᠯᠵᠤ᠂ 《

ᠨᠠᠮ ᠤᠨ ᠲᠡᠦᠬᠡ ᠶᠢ ᠰᠤᠷᠤᠯᠴᠠᠵᠦ᠂ ᠦᠵᠡᠯ ᠰᠠᠨᠠᠭ᠎ᠠ ᠪᠠᠨ ᠣᠶᠢᠯᠠᠭᠠᠵᠤ᠂ ᠪᠣᠳᠠᠲᠤ ᠶᠠᠪᠤᠳᠠᠯ ᠬᠢᠵᠦ᠂ ᠰᠢᠨ᠎ᠡ

ᠪᠠᠶᠢᠳᠠᠯ ᠢ ᠡᠭᠦᠳᠬᠦ 》 ᠶᠢ ᠦᠨᠡᠨ ᠬᠦ ᠪᠡᠶᠡᠯᠡᠭᠦᠯᠵᠦ᠂ ᠳᠤᠮᠳᠠᠳᠤ ᠤᠯᠤᠰ ᠤᠨ ᠡᠪ ᠬᠠᠮᠲᠤ ᠨᠠᠮ

ᠪᠠᠶᠢᠭᠤᠯᠤᠭᠳᠠᠭᠰᠠᠨ 100 ᠵᠢᠯ ᠤᠨ ᠣᠶ ᠶᠢ ᠤᠭᠲᠤᠶ᠎ᠠ᠃

 
ᠢᠷᠡᠯᠲᠡ᠄ ᠳ᠋ᠡ ᠹᠡ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号