ᠰᠢᠭᠤᠶᠢᠲᠤ ᠣᠷᠣᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ ᠰᠢᠨ᠎ᠡ ᠠᠷᠠᠳᠴᠢᠯᠠᠭᠰᠠᠨ ᠬᠤᠪᠢᠰᠬᠠᠯ ᠤᠨ ᠦᠶ᠎ᠡ ᠶᠢᠨ ᠲᠡᠦᠬᠡ ᠶᠢᠨ ᠲᠤᠰᠬᠠᠶ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2021/6/24
       1919 ᠣᠨ ᠳᠤ ᠡᠭᠦᠰᠦᠭᠰᠡᠨ ᠲᠠᠪᠤᠨ ᠰᠠᠷ᠎ᠠ ᠶᠢᠨ ᠳᠥᠷᠪᠡᠨ ᠤ ᠬᠥᠳᠡᠯᠭᠡᠭᠡᠨ ᠪᠣᠯ ᠳᠤᠮᠳᠠᠳᠤ ᠤᠯᠤᠰ  ᠤᠨ ᠬᠠᠭᠤᠴᠢᠨ ᠠᠷᠠᠳᠴᠢᠯᠠᠭᠰᠠᠨ ᠬᠤᠪᠢᠰᠬᠠᠯ ᠠᠴᠠ ᠰᠢᠨ᠎ᠡ ᠠᠷᠠᠳᠴᠢᠯᠠᠭᠰᠠᠨ ᠬᠤᠪᠢᠰᠬᠠᠯ ᠳᠤ ᠰᠢᠯᠵᠢᠭᠰᠡᠨ ᠡᠷᠭᠢᠯᠲᠡ ᠪᠣᠯᠤᠨ᠎ᠠ᠃ 1949 ᠣᠨ ᠳᠤ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ  ᠨᠢ ᠳᠤᠮᠳᠠᠳᠤ ᠤᠯᠤᠰ ᠤᠨ ᠰᠢᠨ᠎ᠡ ᠠᠷᠠᠳᠴᠢᠯᠠᠭᠰᠠᠨ ᠬᠤᠪᠢᠰᠬᠠᠯ ᠤᠨ ᠦᠨᠳᠦᠰᠦᠨ ᠢᠯᠠᠯᠲᠠ ᠶᠢ ᠬᠠᠷᠠᠭᠤᠯᠤᠭᠰᠠᠨ ᠪᠠᠶᠢᠨ᠎ᠠ᠃ ᠰᠢᠨ᠎ᠡ ᠠᠷᠠᠳᠴᠢᠯᠠᠭᠰᠠᠨ ᠬᠤᠪᠢᠰᠬᠠᠯ ᠪᠣᠯ ᠦᠭᠡᠶᠢᠭᠦᠦ ᠠᠨᠭᠬᠢ ᠶᠢᠨ ᠤᠳᠤᠷᠢᠳᠤᠭᠰᠠᠨ᠂ ᠠᠷᠠᠳ ᠤᠯᠠᠨ ᠤ᠂ ᠡᠵᠡᠷᠬᠡᠭ ᠲᠦᠷᠢᠮᠡᠬᠡᠢ ᠶᠣᠰᠣ᠂ ᠹᠸᠤᠳᠠᠯ ᠶᠣᠰᠣ ᠪᠠ ᠨᠣᠶᠠᠨᠴᠢ ᠬᠥᠷᠥᠩᠭᠡᠲᠦ ᠶᠣᠰᠣ ᠶᠢ ᠡᠰᠡᠷᠭᠦᠴᠡᠭᠰᠡᠨ ᠬᠤᠪᠢᠰᠬᠠᠯ ᠮᠥᠨ᠃ ᠰᠢᠨ᠎ᠡ ᠠᠷᠠᠳᠴᠢᠯᠠᠭᠰᠠᠨ ᠬᠤᠪᠢᠰᠬᠠᠯ ᠤᠨ ᠬᠠᠮᠢᠶ᠎ᠠ ᠪᠥᠬᠦᠶ ᠠᠭᠤᠯᠭ᠎ᠠ ᠶᠢ ᠭᠦᠨᠵᠡᠭᠡᠶ ᠰᠤᠷᠤᠯᠴᠠᠬᠤ ᠶᠢᠨ ᠲᠥᠯᠥᠭᠡ᠂ 2021 ᠣᠨ ᠤ 6 ᠰᠠᠷ᠎ᠠ ᠶᠢᠨ 24 ᠤ ᠡᠳᠦᠷ᠂ ᠰᠢᠭᠤᠶᠢᠲᠤ ᠣᠷᠣᠨ ᠤ ᠵᠠᠰᠠᠭ  ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ ᠰᠢᠨ᠎ᠡ ᠠᠷᠠᠳᠴᠢᠯᠠᠭᠰᠠᠨ ᠬᠤᠪᠢᠰᠬᠠᠯ ᠤᠨ ᠦᠶ᠎ᠡ ᠶᠢᠨ ᠲᠡᠦᠬᠡ ᠶᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠵᠦ᠂ ᠰᠢᠭᠤᠶᠢᠲᠤ ᠣᠷᠣᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ ᠪᠣᠯᠤᠨ ᠵᠢᠩ ᠲᠢᠩ ᠤᠬᠠᠭᠤᠯᠤᠨ ᠲᠠᠶᠢᠯᠪᠤᠷᠢᠯᠠᠪᠠ᠃

       ᠡᠨᠡ ᠤᠳᠠᠭᠠᠨ ᠤ ᠤᠬᠠᠭᠤᠯᠤᠨ ᠲᠠᠶᠢᠯᠪᠤᠷᠢᠯᠠᠬᠤ ᠪᠠᠷ ᠳᠠᠮᠵᠢᠨ᠂ ᠰᠢᠨ᠎ᠡ ᠠᠷᠠᠳᠴᠢᠯᠠᠭᠰᠠᠨ ᠬᠤᠪᠢᠰᠬᠠᠯ

 ᠤᠨ ᠵᠢᠯᠣᠭᠤᠳᠬᠤ ᠦᠵᠡᠯ ᠰᠠᠨᠠᠭ᠎ᠠ ᠶᠢ ᠰᠤᠷᠤᠯᠴᠠᠬᠤ ᠪᠣᠯ ᠮᠠᠷᠺᠰ ᠤᠨ ᠦᠵᠡᠯ ᠮᠥᠨ᠃ ᠰᠢᠨ᠎ᠡ ᠠᠷᠠᠳᠴᠢᠯᠠᠭᠰᠠᠨ

ᠶᠣᠰᠣᠨ ᠤ ᠤᠨᠤᠯ ᠨᠢ ᠳᠤᠮᠳᠠᠳᠤ ᠤᠯᠤᠰ ᠤᠨ ᠬᠤᠪᠢᠰᠬᠠᠯ ᠤᠨ ᠰᠢᠨᠵᠢ ᠴᠢᠨᠠᠷ ᠤᠨ ᠠᠰᠠᠭᠤᠳᠠᠯ ᠳᠤ ᠰᠢᠨᠵᠢᠯᠡᠬᠦ

ᠤᠬᠠᠭᠠᠨᠴᠢ ᠬᠠᠷᠢᠭᠤᠯᠲᠠ ᠥᠭᠴᠦ᠂ ᠥᠪᠡᠷᠮᠢᠴᠡ ᠪᠦᠲᠦᠭᠡᠯᠴᠢ ᠴᠢᠨᠠᠷᠲᠠᠢ ᠠᠭᠤᠯᠭ᠎ᠠ ᠪᠠ ᠢᠯᠡ ᠲᠣᠳᠣ ᠳᠤᠮᠳᠠᠳᠤ

ᠤᠯᠤᠰ ᠤᠨ ᠣᠨᠴᠠᠯᠢᠭ ᠢᠶᠠᠷ ᠮᠠᠷᠺᠰ ᠤᠨ ᠦᠵᠡᠯ ᠢ ᠬᠥᠭᠵᠢᠭᠦᠯᠦᠭᠰᠡᠨ ᠪᠠᠶᠢᠨ᠎ᠠ᠃ ᠰᠢᠨ᠎ᠡ ᠠᠷᠠᠳᠴᠢᠯᠠᠭᠰᠠᠨ

ᠬᠤᠪᠢᠰᠬᠠᠯ ᠤᠨ ᠤᠨᠤᠯ ᠨᠢ ᠳᠡᠯᠡᠬᠡᠢ ᠶᠢᠨ ᠤᠢᠢᠷ᠎ᠠ ᠦᠶ᠎ᠡ ᠶᠢᠨ ᠲᠡᠦᠬᠡᠨ ᠳᠠᠬᠢ ᠬᠤᠪᠢᠰᠬᠠᠯ᠂ ᠡᠰᠡᠬᠦᠯ᠎ᠡ

ᠬᠥᠷᠥᠩᠭᠡᠲᠡᠨ ᠠᠨᠭᠬᠢ ᠶᠢᠨ ᠠᠷᠠᠳᠴᠢᠯᠠᠭᠰᠠᠨ ᠬᠤᠪᠢᠰᠬᠠᠯ᠂ ᠡᠰᠡᠬᠦᠯ᠎ᠡ ᠨᠡᠶᠢᠭᠡᠮ ᠵᠢᠷᠤᠮᠲᠤ ᠬᠤᠪᠢᠰᠬᠠᠯ ᠤᠨ ᠬᠤᠶᠠᠷ

ᠵᠦᠢᠯ ᠤᠨ ᠬᠡᠪ ᠵᠠᠭᠪᠤᠷ ᠢ ᠡᠪᠳᠡᠵᠦ᠂ ᠭᠤᠷᠪᠠᠳᠤᠭᠠᠷ ᠵᠦᠢᠯ ᠤᠨ ᠬᠤᠪᠢᠰᠬᠠᠯ ᠤᠨ ᠬᠡᠯᠪᠡᠷᠢ ᠶᠢ ᠡᠭᠦᠳᠦᠨ

ᠪᠦᠲᠦᠭᠡᠵᠦ᠂ ᠬᠠᠭᠠᠰ ᠺᠣᠯᠣᠨᠢ ᠬᠠᠭᠠᠰ ᠹᠸᠤᠳᠠᠯ ᠤᠨ ᠨᠡᠶᠢᠭᠡᠮ ᠤᠨ ᠬᠤᠴᠣᠷᠤᠩᠭᠤᠢ ᠤᠯᠤᠰ᠂ ᠦᠭᠡᠶᠢᠭᠦᠦ ᠠᠨᠭᠬᠢ

ᠬᠥᠷᠥᠩᠭᠡᠲᠡᠨ ᠠᠨᠭᠬᠢ ᠶᠢᠨ ᠠᠷᠠᠳᠴᠢᠯᠠᠭᠰᠠᠨ ᠬᠤᠪᠢᠰᠬᠠᠯ ᠢ ᠤᠳᠤᠷᠢᠳᠬᠤ᠂ ᠦᠨᠳᠦᠰᠦᠲᠡᠨ ᠤ ᠲᠤᠰᠠᠭᠠᠷ

ᠲᠣᠭᠲᠠᠨᠢᠯ ᠪᠠ ᠠᠷᠠᠳ ᠲᠦᠮᠡᠨ ᠤ ᠴᠢᠯᠥᠭᠡᠯᠡᠯᠲᠡ ᠶᠢ ᠪᠡᠶᠡᠯᠡᠭᠦᠯᠬᠦ ᠰᠢᠨ᠎ᠡ ᠰᠡᠳᠦᠪ ᠢ ᠰᠢᠢᠳᠪᠦᠷᠢᠯᠡᠭᠰᠡᠨ ᠪᠠᠶᠢᠨ᠎ᠠ︔

ᠰᠢᠨ᠎ᠡ ᠠᠷᠠᠳᠴᠢᠯᠠᠭᠰᠠᠨ ᠨᠡᠶᠢᠭᠡᠮ ᠤᠨ ᠤᠨᠤᠯ ᠤᠨ ᠳᠤᠮᠳᠠᠳᠤ ᠤᠯᠤᠰ ᠤᠨ ᠬᠤᠪᠢᠰᠬᠠᠯ ᠬᠤᠶᠠᠷ ᠠᠯᠬᠤᠮ

ᠬᠤᠪᠢᠶᠠᠨ ᠤᠷᠤᠭᠰᠢᠯᠠᠵᠤ᠂ ᠰᠢᠨ᠎ᠡ ᠠᠷᠠᠳᠴᠢᠯᠠᠭᠰᠠᠨ ᠨᠡᠶᠢᠭᠡᠮ ᠪᠠ ᠤᠯᠤᠰ ᠣᠷᠣᠨ ᠢᠶᠠᠷ ᠳᠤᠮᠳᠠᠬᠢ ᠦᠷᠳᠡᠭᠡ ᠪᠠᠨ

ᠪᠣᠯᠭᠠᠵᠤ ᠨᠡᠶᠢᠭᠡᠮ ᠵᠢᠷᠤᠮ ᠲᠡᠶᠢᠰᠢ ᠬᠤᠪᠢᠷᠠᠬᠤ ᠶᠢ ᠪᠡᠶᠡᠯᠡᠭᠦᠯᠬᠦ ᠲᠤᠬᠠᠶ ᠪᠣᠳᠣᠯᠬᠢᠯᠠᠯ ᠨᠢ ᠠᠵᠤ ᠠᠬᠤᠶ

ᠬᠤᠴᠣᠷᠤᠩᠭᠤᠶ ᠤᠯᠤᠰ ᠤᠨ ᠵᠠᠰᠠᠭ ᠤᠨ ᠡᠷᠬᠡ ᠶᠢ ᠪᠤᠯᠢᠶᠠᠨ ᠠᠪᠤᠭᠰᠠᠨ ᠤ ᠲᠠᠷᠠᠭ᠎ᠠ᠂ ᠰᠢᠨ᠎ᠡ ᠤᠯᠤᠰ ᠢ ᠬᠡᠷᠬᠢᠨ

ᠪᠦᠳᠦᠭᠡᠨ ᠪᠠᠶᠢᠭᠤᠯᠬᠤ᠂ ᠨᠥᠬᠦᠴᠡᠯ ᠪᠦᠷᠢᠯᠳᠦᠭᠦᠯᠵᠦ᠂ ᠬᠠᠮᠤᠭ ᠤᠨ ᠪᠠᠭ᠎ᠠ ᠦᠨ᠎ᠡ ᠦᠷᠳᠡᠭ ᠢᠶᠠᠷ ᠰᠢᠨ᠎ᠡ

ᠠᠷᠠᠳᠴᠢᠯᠠᠭᠰᠠᠨ ᠶᠣᠰᠣᠨ ᠠᠴᠠ ᠨᠡᠶᠢᠭᠡᠮ ᠵᠢᠷᠤᠮ ᠲᠡᠶᠢᠰᠢ ᠰᠢᠯᠵᠢᠬᠦ ᠬᠦᠴᠢᠷ ᠠᠰᠠᠭᠤᠳᠠᠯ ᠢ ᠰᠢᠶᠳᠪᠦᠷᠢᠯᠡᠵᠦ᠂

ᠮᠠᠷᠺᠰ ᠤᠨ ᠦᠵᠡᠯ ᠤᠨ ᠲᠠᠰᠤᠷᠠᠯᠳᠠ ᠦᠭᠡᠢ ᠬᠤᠪᠢᠰᠬᠠᠯ ᠬᠢᠬᠦ ᠤᠨᠤᠯ ᠪᠠ ᠬᠤᠪᠢᠰᠬᠠᠯ ᠬᠢᠬᠦ ᠤᠨᠤᠯ ᠢ

ᠬᠥᠭᠵᠢᠭᠦᠯᠪᠡ᠃ ᠡᠨᠡ ᠨᠢ ᠬᠠᠭᠠᠰ ᠺᠣᠯᠣᠨᠢ ᠬᠠᠭᠠᠰ ᠹᠸᠤᠳᠠᠯ ᠤᠨ ᠨᠡᠶᠢᠭᠡᠮ ᠳᠤ ᠡᠪ ᠬᠠᠮᠲᠤ ᠶᠢᠨ ᠬᠥᠳᠡᠯᠭᠡᠭᠡᠨ ᠢ

ᠬᠡᠷᠬᠢᠨ ᠶᠠᠪᠤᠭᠤᠯᠬᠤ᠂ ᠳᠤᠮᠳᠠᠳᠤ ᠤᠯᠤᠰ ᠲᠤ ᠨᠡᠶᠢᠭᠡᠮ ᠵᠢᠷᠤᠮ ᠢ ᠬᠡᠷᠬᠢᠨ ᠪᠡᠶᠡᠯᠡᠭᠦᠯᠬᠦ ᠵᠠᠮ ᠤᠨ ᠠᠰᠠᠭᠤᠳᠠᠯ ᠢ

ᠦᠨᠳᠦᠰᠦᠨ ᠠᠴᠠ ᠨᠢ ᠰᠢᠶᠳᠪᠦᠷᠢᠯᠡᠵᠦ᠂ ᠬᠠᠭᠠᠰ ᠺᠣᠯᠣᠨᠢ ᠬᠠᠭᠠᠰ ᠹᠸᠤᠳᠠᠯ ᠤᠨ ᠨᠡᠶᠢᠭᠡᠮ ᠠᠴᠠ ᠨᠡᠶᠢᠭᠡᠮ

ᠵᠢᠷᠤᠮᠲᠤ ᠨᠡᠶᠢᠭᠡᠮ ᠳᠤ ᠣᠷᠣᠬᠤ ᠬᠥᠭᠦᠷᠭᠡ ᠲᠠᠯᠪᠢᠵᠤ᠂ ᠵᠠᠮ ᠨᠡᠭᠡᠭᠡᠵᠦ ᠥᠭᠴᠡᠶ᠃

       ᠪᠢᠳᠡ ᠰᠢᠨ᠎ᠡ ᠠᠷᠠᠳᠴᠢᠯᠠᠭᠰᠠᠨ ᠬᠤᠪᠢᠰᠬᠠᠯ ᠤᠨ ᠲᠡᠦᠬᠡᠲᠦ ᠠᠴᠢ ᠬᠤᠯᠪᠣᠭᠳᠠᠯ ᠪᠣᠯᠤᠨ ᠵᠢᠯᠣᠭᠤᠳᠬᠤ

ᠦᠵᠡᠯ ᠰᠠᠨᠠᠭ᠎ᠠ ᠶᠢ ᠭᠦᠨᠵᠡᠭᠡᠢ ᠣᠶᠢᠯᠠᠭᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠰᠠᠶᠢᠲᠤᠷ ᠬᠢᠵᠦ

᠂ ᠳᠤᠮᠳᠠᠳᠤ ᠤᠯᠤᠰ ᠤᠨ ᠣᠨᠴᠠᠯᠢᠭ ᠲᠠᠢ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ ᠵᠥᠪ ᠵᠠᠮ ᠢᠶᠠᠷ ᠵᠠᠮᠨᠠᠬᠤ

 ᠶᠢ ᠪᠠᠷᠢᠮᠲᠠᠯᠠᠵᠤ᠂ ᠦᠨᠳᠦᠰᠦᠲᠡᠨ ᠨᠦᠭᠦᠳ ᠤᠨ ᠶᠡᠭᠡ ᠪᠦᠯᠬᠦᠮᠳᠡᠯ ᠢ ᠬᠠᠮᠠᠭᠠᠯᠠᠵᠤ᠂ ᠳᠤᠮᠳᠠᠳᠤ ᠶᠢᠨ ᠦᠨᠳᠦᠰᠦᠲᠡᠨ

 ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠵᠡᠷᠭᠡ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ

ᠦᠵᠡᠯ ᠰᠠᠨᠠᠭ᠎ᠠ ᠲᠠᠨᠢᠯᠲᠠ ᠪᠣᠯᠤᠨ ᠠᠵᠢᠯ ᠤᠨ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃

 
ᠢᠷᠡᠯᠲᠡ᠄ ᠰᠢᠭᠤᠶᠢᠲᠤ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶᠠᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号