ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ | ᠠᠵᠢᠯᠯᠠᠭ᠎ᠠ ᠶᠢᠨ ᠬᠤᠭᠤᠴᠠᠭᠠᠨ ᠳᠠᠬᠢ ᠠᠶᠤᠯᠭᠦᠶ ᠦᠶᠯᠡᠳᠪᠦᠷᠢᠯᠡᠯ ᠤᠨ ᠪᠠᠶᠢᠳᠠᠯ ᠤᠨ ᠲᠣᠭᠲᠠᠭᠤᠨ ᠪᠠᠶᠢᠬᠤ ᠶᠢ | ᠦᠨᠡᠨ ᠬᠦ ᠪᠠᠲᠤᠯᠠᠬᠤ ᠶᠢᠨ ᠲᠥᠯᠥᠭᠡ᠂ ᠪᠥᠬᠦ ᠤᠯᠤᠰ ᠤᠨ ᠠᠶᠤᠯᠭᠦᠶ ᠦᠶᠯᠡᠳᠪᠦᠷᠢᠯᠡᠯ ᠤᠨ ᠬᠤᠷᠢᠳᠤᠭᠠᠷ ᠰᠠᠷ᠎ᠠ | ᠲᠠᠢ ᠤᠶᠠᠯᠳᠤᠭᠤᠯᠤᠨ᠂ ᠣᠶᠢᠷ᠎ᠠ ᠳᠤ ᠰᠢᠭᠤᠶᠢᠲᠤ ᠵᠡᠭᠡᠯᠢ ᠭᠤᠳᠤᠮᠵᠢ ᠶᠢᠨ ᠬᠢᠨ ᠬᠤᠲᠠ ᠪᠠᠯᠭᠠᠰᠤᠨ ᠤ ᠰᠢᠲᠠᠮᠠᠬᠠᠶ | ᠬᠡᠶ᠂ ᠣᠯᠠᠨ ᠨᠡᠶᠢᠲᠡ ᠶᠢᠨ ᠠᠮᠤᠷ ᠲᠦᠪᠰᠢᠨ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ᠂ | ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠵᠡᠷᠭᠡ ᠬᠦᠷᠢᠶ᠎ᠡ ᠪᠠ ᠬᠥᠮᠦᠨ ᠬᠠᠷ᠎ᠠ ᠲᠥᠪᠯᠡᠷᠡᠭᠰᠡᠨ ᠲᠠᠯᠠᠪᠤᠷ | ᠭᠠᠵᠠᠷ ᠲᠤ ᠴᠢᠭᠯᠡᠭᠦᠯᠦᠨ 《 7 . 1 》 ᠠᠴᠠ ᠡᠮᠦᠨᠡᠬᠢ ᠠᠶᠤᠯᠭᠦᠶ ᠦᠶᠯᠡᠳᠪᠦᠷᠢᠯᠡᠯ ᠤᠨ ᠲᠤᠰᠬᠠᠶ ᠶᠡᠭᠡ | ᠪᠠᠶᠢᠴᠠᠭᠠᠯᠲᠠ ᠶᠢᠨ ᠠᠵᠢᠯᠯᠠᠭ᠎ᠠ ᠥᠷᠨᠢᠭᠦᠯᠪᠡ᠃ | | | | | ᠲᠣᠰ ᠤᠳᠠᠭᠠᠨ ᠤ ᠪᠠᠶᠢᠴᠠᠭᠠᠯᠲᠠ ᠳᠤ ᠪᠤᠭᠤᠲᠤ ᠬᠤᠲᠠ ᠶᠢᠨ ᠷᠦᠩ ᠭᠤᠸᠠᠩ ᠮᠠᠲ᠋ᠧᠷᠢᠶᠠᠯ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠰᠢᠭᠤᠶᠢᠲᠤ ᠲᠣᠭᠤᠷᠢᠭ ᠤᠨ ᠰᠢᠨ ᠱᠧᠩ ᠬᠠᠰᠢᠯᠭ᠎ᠠ | ᠶᠢᠨ ᠦᠶᠯᠡᠳᠪᠦᠷᠢ᠂ ᠴᠢᠨ ᠱᠦᠶ ᠶᠤᠸᠠᠨ ᠨᠡᠭᠦᠷᠡᠰᠦᠨ ᠤ ᠦᠶᠯᠡᠰ ᠤᠨ ᠬᠢᠵᠠᠭᠠᠷᠲᠤ ᠺᠣᠮᠫᠠᠨᠢ᠂ ᠬᠠᠶᠠᠭᠳᠠᠮᠠᠯ | ᠬᠠᠭᠤᠴᠢᠨ ᠡᠳ᠋ ᠪᠣᠳᠠᠰ ᠢ ᠬᠤᠷᠢᠶᠠᠨ ᠠᠪᠬᠤ ᠥᠷᠲᠡᠭᠡ ᠵᠢᠴᠢ ᠵᠠᠮ ᠳᠠᠭᠠᠤ ᠶᠢᠨ ᠬᠤᠳᠠᠯᠳᠤᠭᠠᠨ ᠤ ᠫᠦᠰᠡ ᠵᠡᠷᠭᠡ | 100 ᠭᠠᠷᠤᠶ ᠠᠵᠤ ᠠᠬᠤᠶᠢᠯᠠᠯ᠂ ᠬᠤᠳᠠᠯᠳᠤᠭᠠᠨ ᠤ ᠫᠦᠰᠡ ᠶᠢᠨ ᠳᠠᠯᠳᠠ ᠬᠡᠮ ᠢ ᠳᠠᠷᠠᠭᠠᠯᠠᠨ ᠪᠠᠶᠢᠴᠠᠭᠠᠭᠰᠠᠨ | ᠪᠥᠭᠡᠳ ᠬᠡᠰᠡᠭ ᠠᠵᠤ ᠠᠬᠤᠶᠢᠯᠠᠯ ᠳᠤ ᠠᠮᠤᠷ ᠲᠦᠪᠰᠢᠨ ᠤ ᠪᠠᠶᠢᠴᠠᠭᠠᠯᠲᠠ ᠶᠢᠨ 《 ᠡᠷᠬᠢᠨ ᠬᠠᠷᠠᠵᠤ 》᠂ | ᠪᠠᠶᠢᠴᠠᠭᠠᠯᠲᠠ ᠶᠢᠨ ᠳᠤᠮᠳᠠ ᠣᠯᠵᠤ ᠮᠡᠳᠡᠭᠰᠡᠨ ᠠᠮᠤᠷ ᠲᠦᠪᠰᠢᠨ ᠤ ᠳᠠᠯᠳᠠ ᠬᠡᠮ ᠤᠨ ᠠᠰᠠᠭᠤᠳᠠᠯ ᠤᠨ | ᠱᠠᠭᠠᠷᠳᠠᠯᠭ᠎ᠠ ᠶᠢ ᠲᠡᠷᠡ ᠳᠠᠷᠤᠶ ᠳᠤᠨᠢ ᠴᠡᠭᠴᠡᠯᠡᠨ ᠥᠭᠡᠷᠡᠴᠢᠯᠡᠵᠦ᠂ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ | ᠰᠢᠪᠠᠳᠠᠨ ᠨᠠᠶᠢᠳᠠᠪᠤᠷᠢᠵᠢᠭᠤᠯᠵᠤ᠂ 《 ᠡᠷᠬᠢᠨ ᠬᠠᠷᠠᠬᠤ 》 ᠨᠢᠭᠡᠴᠢ ᠶᠢ ᠳᠠᠬᠢᠨ ᠳᠠᠪᠲᠠᠨ ᠠᠳᠬᠤᠵᠤ᠂ ᠳᠠᠬᠢᠨ | ᠳᠠᠪᠲᠠᠨ ᠠᠳᠬᠤᠵᠤ᠂ ᠴᠡᠭᠴᠡᠯᠡᠨ ᠵᠠᠰᠠᠭᠰᠠᠨ ᠦᠷ᠎ᠡ ᠪᠦᠲᠦᠮᠵᠢ ᠶᠢ ᠪᠠᠬᠢᠵᠢᠭᠦᠯᠦᠨ᠂ ᠳᠠᠯᠳᠠ ᠬᠡᠮ ᠢ | ᠲᠤᠶᠢᠯᠪᠤᠷᠢᠲᠠᠶ ᠠᠷᠢᠯᠭᠠᠪᠠ᠃ | | | | | ᠲᠠᠷᠠᠭᠠᠴᠢ ᠶᠢᠨ ᠠᠯᠬᠤᠮ ᠳᠤ᠂ ᠰᠢᠭᠤᠶᠢᠲᠤ ᠵᠡᠭᠡᠯᠢ ᠭᠤᠳᠤᠮᠵᠢ ᠶᠢᠨ ᠬᠢᠨ ᠬᠢᠨᠠᠯᠲᠠ ᠲᠠᠯᠪᠢᠵᠤ | ᠪᠠᠶᠢᠴᠠᠭᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠦᠷ᠎ᠡ ᠪᠦᠲᠦᠮᠵᠢ ᠶᠢ ᠮᠥᠷᠳᠡᠨ ᠠᠰᠠᠭᠤᠵᠤ᠂ | ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠵᠤ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠬᠦᠴᠦᠲᠡᠶ | ᠬᠢᠨᠠᠯᠲᠠ ᠬᠠᠮᠢᠶᠠᠷᠤᠯᠲᠠ ᠥᠷᠨᠢᠭᠦᠯᠵᠦ᠂ ᠠᠮᠤᠷ ᠲᠦᠪᠰᠢᠨ ᠤ ᠠᠳᠡᠯ ᠤᠨ ᠬᠡᠮ ᠰᠣᠭᠤᠭ ᠢ ᠴᠠᠭ ᠲᠤᠬᠠᠶ ᠳᠤᠨᠢ᠂ | ᠪᠦᠲᠦᠮᠵᠢᠲᠡᠶ ᠠᠷᠢᠯᠭᠠᠵᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠢ ᠪᠥᠬᠦ ᠬᠦᠴᠦᠨ ᠢᠶᠠᠷ ᠢᠶᠠᠨ | ᠰᠠᠶᠢᠲᠤᠷ ᠬᠢᠬᠦ ᠪᠣᠯᠤᠨ᠎ᠠ᠃ | |