《 71 ᠭᠠᠪᠢᠶᠠᠨ ᠲᠡᠮᠳᠡᠭ 》 ᠬᠦᠷᠲᠡᠭᠴᠢ ᠳᠤ ᠬᠦᠨᠳᠦᠳᠬᠡᠯ ᠳᠡᠪᠰᠢᠭᠦᠯᠦᠶ᠎ᠡ
ᠨᠡᠶᠢᠲᠡᠯᠡᠭᠰᠡᠨ ᠴᠠᠭ᠄
2021/6/29
        2021 ᠣᠨ ᠤ 6 ᠰᠠᠷ᠎ᠠ ᠶᠢᠨ 29 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ 《 ᠲᠤᠯᠤᠭᠠᠨ ᠰᠠᠷ᠎ᠠ ᠶᠢᠨ ᠨᠢᠭᠡᠨ ᠤ ᠭᠠᠪᠢᠶᠠᠨ ᠲᠡᠮᠳᠡᠭ 》 ᠣᠯᠭᠤᠬᠤ ᠶᠣᠰᠣᠯᠠᠯ ᠠᠷᠠᠳ ᠤᠨ ᠶᠡᠭᠡ ᠬᠤᠷᠠᠯ ᠤᠨ ᠲᠠᠩᠬᠢᠮ ᠤᠨ ᠠᠯᠲᠠᠨ ᠲᠢᠩᠬᠢᠮ ᠳᠤ ᠦᠪᠡᠳᠡᠭᠰᠢ ᠶᠡᠭᠡ  ᠪᠠᠷ ᠶᠠᠪᠤᠭᠳᠠᠵᠤ᠂ ᠣᠷᠣᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ ᠶᠢᠨ ᠪᠥᠬᠦ ᠺᠠᠳ᠋ᠷ ᠠᠵᠢᠯᠲᠠᠨ ᠴᠠᠭ ᠲᠤᠬᠠᠶ ᠳᠤᠨᠢ ᠭᠥᠯᠢᠶᠡᠨ ᠠᠪᠴᠤ ᠦᠵᠡᠪᠡ᠃ ᠨᠠᠮ ᠤᠨ ᠲᠥᠪ ᠬᠤᠷᠢᠶ᠎ᠠ ᠨᠠᠮ ᠪᠠ ᠠᠷᠠᠳ ᠲᠦᠮᠡᠨ ᠳᠤ ᠭᠠᠷᠮᠠᠭᠠᠢ ᠬᠤᠪᠢ ᠨᠡᠮᠡᠷᠢ ᠦᠵᠡᠭᠦᠯᠦᠭᠰᠡᠨ᠂ ᠡᠷᠬᠢᠮ ᠨᠠᠨᠳᠢᠨ ᠤᠶᠤᠨ ᠰᠠᠨᠠᠭᠠᠨ ᠤ ᠡᠳ᠋ ᠪᠠᠶᠠᠯᠢᠭ ᠢ ᠡᠭᠦᠳᠦᠨ ᠪᠦᠲᠦᠭᠡᠭᠰᠡᠨ 29 ᠨᠠᠮ ᠤᠨ ᠭᠡᠰᠢᠭᠦᠨ ᠢ ᠬᠥᠬᠢᠭᠦᠯᠦᠨ ᠰᠠᠶᠢᠰᠢᠶᠠᠪᠠ᠃ ᠲᠡᠳᠡ ᠪᠣᠯ ᠠᠷᠠᠳ ᠲᠦᠮᠡᠨ ᠤ ᠳᠤᠮᠳᠠ  ᠠᠴᠠ ᠢᠷᠡᠵᠤ᠂ ᠠᠷᠠᠳ ᠲᠦᠮᠡᠨ ᠤ ᠳᠤᠮᠳᠠ ᠠᠴᠠ ᠢᠷᠡᠵᠦ᠂ ᠲᠡᠳᠡᠨ ᠤ ᠳᠣᠲᠣᠷᠠᠬᠢ ᠵᠠᠷᠢᠮ ᠨᠢ ᠡᠩ ᠤᠨ ᠠᠷᠠᠳ  ᠤᠨ ᠪᠠᠭᠰᠢ᠂ ᠵᠠᠷᠢᠮ ᠨᠢ ᠤᠷᠠᠨ ᠲᠠᠷᠬᠠᠨ ᠤ ᠵᠣᠷᠢᠭ ᠰᠠᠨᠠᠭᠠᠨ ᠤ ᠭᠠᠷᠮᠠᠭᠠᠢ ᠲᠥᠯᠥᠭᠡᠯᠡᠭᠴᠢ᠂ ᠵᠠᠷᠢᠮ ᠨᠢ ᠮᠠᠨ ᠤ ᠤᠯᠤᠰ ᠤᠨ ᠬᠠᠷᠢᠶ᠎ᠠ ᠲᠠᠯᠠᠢ ᠶᠢᠨ ᠡᠷᠬᠡ ᠮᠡᠳᠡᠯ ᠢ ᠬᠠᠮᠠᠭᠠᠯᠠᠭᠰᠠᠨ ᠠᠷᠠᠳ ᠤᠨ ᠪᠠᠭᠠᠲᠤᠷ ᠪᠣᠯᠤᠨ᠎ᠠ᠂ ᠭᠡᠪᠡᠴᠦ ᠲᠡᠳᠡ ᠴᠥᠮ ᠳᠤᠮᠳᠠᠳᠤ ᠤᠯᠤᠰ ᠤᠨ ᠡᠪ ᠬᠠᠮᠲᠤ ᠨᠠᠮ ᠭᠡᠳᠡᠭ ᠬᠠᠮᠲᠤ ᠶᠢᠨ ᠨᠡᠷ᠎ᠡ ᠲᠠᠢ ᠶᠤᠮ᠃

        ᠲᠡᠳᠡ ᠢᠲᠡᠭᠡᠯ ᠪᠢᠰᠢᠷᠡᠯ ᠢᠶᠠᠨ ᠪᠠᠲᠤᠳᠬᠠᠵᠤ᠂ ᠨᠠᠮ ᠳᠠᠭᠠᠨ ᠦᠨᠡᠨᠴᠢ ᠰᠢᠳᠤᠷᠭᠤ ᠪᠠᠶᠢᠵᠤ᠂ ᠲᠡᠳᠡ

ᠦᠷᠡᠭᠳᠡᠯ ᠰᠦᠢᠳᠦᠯ ᠠᠴᠠ ᠠᠶᠤᠬᠤ ᠦᠭᠡᠢ᠂ ᠠᠮᠢ ᠨᠠᠰᠤ ᠪᠠᠷ ᠢᠶᠠᠨ ᠡᠭᠦᠷᠭᠡ ᠬᠠᠷᠢᠭᠤᠴᠠᠯᠭ᠎ᠠ ᠪᠠᠨ

ᠦᠢᠯᠡᠳᠦᠯᠭᠡᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ

ᠭᠠᠷᠮᠠᠭᠠᠢ ᠬᠤᠪᠢ ᠨᠡᠮᠡᠷᠢ ᠦᠵᠡᠭᠦᠯᠵᠦ᠂ ᠦᠶ᠎ᠡ ᠦᠶ᠎ᠡ ᠶᠢᠨ ᠳᠤᠮᠳᠠᠳᠤ ᠤᠯᠤᠰ ᠤᠨ ᠡᠪ ᠬᠠᠮᠲᠤᠴᠤᠳ ᠤᠯᠤᠰ

ᠣᠷᠣᠨ ᠤ ᠪᠠᠶᠠᠨ ᠬᠦᠴᠦᠷᠬᠡᠭ᠂ ᠠᠷᠠᠳ ᠲᠦᠮᠡᠨ ᠤ ᠵᠣᠯ ᠵᠢᠷᠭᠠᠯ ᠢ ᠪᠡᠶᠡᠯᠡᠭᠦᠯᠬᠦ ᠶᠢᠨ ᠲᠥᠯᠥᠭᠡ᠂ ᠤᠭ ᠰᠠᠨᠠᠭ᠎ᠠ

 ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠡᠪ ᠬᠠᠮᠲᠤᠴᠤᠳ ᠤᠨ ᠬᠠᠷᠠᠮ ᠦᠭᠡᠢ

ᠵᠣᠷᠢᠭᠤᠯᠬᠤ ᠵᠣᠷᠢᠭ ᠰᠠᠨᠠᠭ᠎ᠠ ᠶᠢ ᠭᠦᠢᠴᠡᠳ ᠢᠯᠡᠷᠡᠭᠦᠯᠪᠡ᠃

        ᠪᠠᠭᠠᠲᠤᠷ ᠢ ᠡᠷᠬᠢᠮᠯᠡᠪᠡᠯ ᠰᠠᠶ᠋ᠢ ᠪᠠᠭᠠᠲᠤᠷ ᠪᠤᠢ ᠪᠣᠯᠤᠨ᠎ᠠ᠂ ᠪᠠᠭᠠᠲᠤᠷ ᠪᠣᠯᠬᠤ ᠪᠠᠷ ᠴᠢᠷᠮᠠᠶᠢᠪᠠᠯ ᠰᠠᠶ᠋ᠢ

ᠪᠠᠭᠠᠲᠤᠷ ᠴᠣᠯᠭᠤᠷᠠᠨ ᠭᠠᠷᠤᠨ᠎ᠠ᠃ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ ᠨᠢ ᠠᠷᠠᠳ ᠲᠦᠮᠡᠨ

 ᠳᠤ ᠦᠶᠯᠡᠴᠢᠯᠡᠬᠦ ᠨᠢᠭᠡᠴᠡ ᠪᠣᠯᠤᠭᠰᠠᠨ ᠤ ᠬᠤᠪᠢ ᠳᠤ᠂ ᠣᠯᠠᠨ ᠲᠦᠮᠡᠨ ᠤ ᠪᠤᠳᠤᠵᠤ ᠪᠠᠶᠢᠭ᠎ᠠ ᠵᠦᠶᠯ ᠢ ᠪᠤᠳᠤᠵᠤ᠂

ᠣᠯᠠᠨ ᠲᠦᠮᠡᠨ ᠤ ᠪᠠᠴᠢᠮᠳᠠᠵᠤ ᠪᠠᠶᠢᠭ᠎ᠠ ᠶᠠᠪᠤᠳᠠᠯ ᠳᠤ ᠪᠠᠴᠢᠮᠳᠠᠨ᠂ ᠣᠯᠠᠨ ᠲᠦᠮᠡᠨ ᠤ ᠬᠦᠴᠢᠷᠳᠡᠵᠦ ᠪᠠᠶᠢᠭ᠎ᠠ

ᠵᠦᠶᠯ ᠢ ᠰᠢᠶᠳᠪᠦᠷᠢᠯᠡᠵᠦ᠂ 《 ᠳᠥᠷᠪᠡ ᠶᠢ ᠭᠦᠶᠴᠡᠳᠬᠡᠬᠦ 》 ᠠᠵᠢᠯ ᠢᠶᠠᠷ ᠠᠵᠠ ᠲᠣᠬᠢᠶᠠᠯ ᠪᠣᠯᠭᠠᠵᠤ᠂ ᠨᠢᠭᠡ

ᠴᠣᠭᠴᠠᠵᠢᠭᠤᠯᠤᠭᠰᠠᠨ ᠲᠠᠪᠴᠠᠩ ᠤᠨ ᠵᠦᠶᠯᠡᠰ ᠤᠨ ᠰᠠᠭᠤᠷᠢ ᠶᠢ ᠲᠡᠭᠦᠯᠳᠡᠷᠵᠢᠭᠦᠯᠦᠨ᠂ ᠮᠠᠨ ᠤ ᠣᠷᠣᠨ ᠤ

ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠴᠢᠳᠠᠪᠤᠷᠢ ᠶᠢ ᠲᠦᠷᠭᠡᠳᠬᠡᠨ ᠳᠡᠭᠡᠭᠰᠢᠯᠡᠭᠦᠯᠬᠦ

ᠬᠡᠷᠡᠭᠲᠡᠶ︔ ᠥᠨᠳᠥᠷ ᠳᠠᠪᠲᠠᠮᠵᠢᠲᠤ ᠭᠦᠶᠴᠡᠳᠬᠡᠬᠦ ᠵᠦᠶᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ᠣᠯᠠᠨ ᠲᠦᠮᠡᠨ

 ᠤ ᠬᠡᠷᠡᠭᠰᠡᠬᠦ 《 ᠨᠢᠭᠡ ᠤᠴᠢᠷ ᠶᠠᠪᠤᠳᠠᠯ 》 ᠢ ᠡᠮᠬᠢᠯᠡᠵᠦ᠂ ᠠᠵᠤ ᠠᠬᠤᠶᠢᠯᠠᠯ ᠪᠠ ᠣᠯᠠᠨ ᠲᠦᠮᠡᠨ ᠳᠤ ᠢᠵᠢ

ᠦᠶᠯᠡᠴᠢᠯᠡᠭᠡ᠂ ᠭᠤᠤᠯ ᠰᠡᠳᠦᠪᠲᠦ ᠦᠶᠯᠡᠴᠢᠯᠡᠭᠡ ᠬᠠᠩᠭᠠᠨ᠎ᠠ︔ ᠵᠠᠮ ᠬᠠᠷᠢᠯᠴᠠᠭ᠎ᠠ︔ ᠪᠥᠬᠦ ᠣᠷᠣᠨ ᠳᠤ ᠪᠠᠯᠠ

ᠣᠷᠣᠭᠤᠯᠤᠯᠲᠠ ᠶᠢᠨ ᠲᠥᠷᠥᠯ ᠵᠦᠶᠯ ᠢ ᠣᠷᠣᠯᠠᠨ ᠭᠦᠶᠴᠡᠳᠬᠡᠵᠦ ᠬᠠᠪᠰᠤᠷᠤᠨ ᠭᠦᠶᠴᠡᠳᠬᠡᠬᠦ ᠦᠶᠯᠡᠴᠢᠯᠡᠭᠡ ᠶᠢ

ᠬᠡᠷᠡᠭᠵᠢᠭᠦᠯᠵᠦ᠂ ᠠᠵᠤ ᠠᠬᠤᠶᠢᠯᠠᠯ᠂ ᠣᠯᠠᠨ ᠲᠦᠮᠡᠨ ᠳᠤ ᠬᠠᠨᠳᠤᠭᠤᠯᠤᠭᠰᠠᠨ ᠨᠠᠩ ᠣᠯᠠᠨ ᠵᠠᠰᠠᠭ ᠤᠨ ᠶᠠᠪᠤᠳᠠᠯ

 ᠤᠨ ᠦᠶᠯᠡᠴᠢᠯᠡᠭᠡ᠂ ᠣᠯᠠᠨ ᠨᠡᠶᠢᠲᠡ ᠶᠢᠨ ᠦᠶᠯᠡᠴᠢᠯᠡᠭᠡ ᠶᠢ ᠣᠷᠣᠯᠠᠨ ᠭᠦᠶᠴᠡᠳᠬᠡᠵᠦ ᠬᠠᠪᠰᠤᠷᠤᠨ ᠭᠦᠶᠴᠡᠳᠬᠡᠬᠦ

ᠬᠦᠷᠢᠶ᠎ᠡ ᠬᠡᠪᠴᠢᠶ᠎ᠡ ᠳᠤ ᠣᠷᠣᠭᠤᠯᠤᠨ᠂ ᠶᠡᠷᠦᠩᠬᠡᠶᠢᠯᠡᠨ ᠭᠥᠯᠢᠶᠡᠨ ᠠᠪᠴᠤ ᠰᠢᠶᠳᠪᠦᠷᠢᠯᠡᠬᠦ ᠴᠣᠩᠬᠤᠪᠴᠢ ᠶᠢᠨ

ᠲᠤᠬᠠᠶᠢᠯᠠᠭᠰᠠᠨ ᠠᠵᠢᠯ ᠤᠨ ᠯᠠᠪᠯᠠᠭ᠎ᠠ ᠶᠢᠨ ᠶᠠᠰᠤ ᠴᠢᠨᠠᠷ ᠢ ᠲᠠᠰᠤᠷᠠᠯᠲᠠ ᠥᠬᠡᠶ ᠰᠢᠯᠢᠳᠡᠭᠵᠢᠭᠦᠯᠵᠦ᠂ ᠠᠵᠤ

ᠠᠬᠤᠶᠢᠯᠠᠯ ᠤᠨ ᠰᠡᠵᠢᠭ ᠢ ᠨᠠᠩ ᠰᠠᠶᠢᠲᠤᠷ ᠳᠡᠶᠢᠯᠵᠦ ᠥᠭᠬᠦ ᠬᠡᠷᠡᠭᠲᠡᠶ᠃

        ᠮᠠᠨ ᠤ ᠲᠣᠪᠴᠢᠶ᠎ᠠ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠣᠶᠢᠯᠠᠭᠠᠭᠳᠠᠬᠤᠨ ᠢ

ᠪᠠᠲᠤ ᠪᠣᠶ ᠪᠣᠯᠭᠠᠵᠤ᠂ ᠠᠵᠤ ᠠᠬᠤᠶᠢᠯᠠᠯ ᠣᠯᠠᠨ ᠲᠦᠮᠡᠨ ᠤ ᠠᠵᠢᠯ ᠶᠠᠪᠤᠳᠠᠯ ᠭᠦᠶᠴᠡᠳᠬᠡᠬᠦ ᠳᠤ ᠨᠠᠩ ᠥᠨᠳᠥᠷ

ᠪᠦᠲᠦᠮᠵᠢᠲᠡᠶ᠂ ᠨᠠᠩ ᠲᠥᠬᠦᠮ ᠪᠣᠯᠭᠠᠬᠤ ᠪᠠᠷ ᠤᠳᠤᠷᠢᠳᠤᠮᠵᠢ ᠪᠣᠯᠭᠠᠵᠤ᠂ ᠲᠤᠬᠠᠶᠢᠯᠠᠭᠰᠠᠨ ᠠᠵᠢᠯ ᠤᠨ

ᠬᠠᠮᠵᠢᠯᠴᠠᠭ᠎ᠠ ᠪᠠ ᠮᠡᠳᠡᠭᠡ ᠵᠠᠩᠭᠢ ᠶᠢ ᠬᠠᠮᠲᠤ ᠪᠠᠷ ᠭᠥᠷᠳᠡᠬᠦ ᠶᠢ ᠴᠢᠩᠭᠠᠳᠬᠠᠵᠤ᠂ ᠠᠵᠢᠯ ᠶᠠᠪᠤᠳᠠᠯ ᠭᠦᠶᠴᠡᠳᠬᠡᠬᠦ

ᠴᠤᠪᠤᠷᠠᠯ ᠢ ᠰᠢᠯᠢᠳᠡᠭᠵᠢᠭᠦᠯᠦᠨ ᠳᠠᠬᠢᠨ ᠪᠣᠶ ᠪᠣᠯᠭᠠᠵᠤ᠂ ᠠᠵᠤ ᠠᠬᠤᠶᠢᠯᠠᠯ ᠣᠯᠠᠨ ᠲᠦᠮᠡᠨ ᠤ ᠬᠦᠷᠲᠡᠮᠵᠢ ᠶᠢᠨ

ᠲᠥᠷᠥᠭᠳᠡᠯ᠂ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠪᠡ᠃

        ᠲᠠᠷᠠᠭᠠᠴᠢ ᠶᠢᠨ ᠠᠯᠬᠤᠮ ᠳᠤ᠂ ᠮᠠᠨ ᠤ ᠲᠣᠪᠴᠢᠶ᠎ᠠ ᠠᠵᠢᠯ ᠠᠮᠢᠳᠤᠷᠠᠯ ᠠᠴᠠ ᠪᠠᠨ 《 ᠲᠤᠯᠤᠭᠠᠨ

ᠰᠠᠷ᠎ᠠ ᠶᠢᠨ ᠨᠢᠭᠡᠨ ᠤ ᠭᠠᠪᠢᠶᠠᠨ ᠲᠡᠮᠳᠡᠭ 》 ᠤᠨ ᠡᠷᠬᠢᠮ ᠳᠡᠭᠡᠳᠦ ᠵᠠᠩ ᠮᠣᠷᠠᠯ ᠢ ᠶᠡᠭᠡ ᠪᠠᠷ ᠤᠬᠠᠭᠤᠯᠵᠤ᠂ ᠨᠠᠮ

 ᠤᠨ ᠣᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠨ᠂ ᠴᠥᠬᠦᠷᠡᠰᠢ ᠥᠬᠡᠶ ᠲᠡᠮᠡᠴᠡᠵᠦ᠂ ᠠᠵᠢᠯ ᠤᠨ

ᠪᠠᠶᠢᠷᠢ ᠳᠠᠭᠠᠨ ᠰᠠᠭᠤᠷᠢᠯᠠᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠢᠨᠠᠨ ᠵᠥᠪᠰᠢᠶᠡᠷᠡᠬᠦ

ᠦᠶᠯᠡᠴᠢᠯᠡᠭᠡ ᠶᠢᠨ ᠵᠦᠶᠯᠡᠰ ᠢ ᠦᠷᠭᠦᠯᠵᠢᠯᠡᠨ ᠶᠡᠭᠡ ᠲᠢᠩᠬᠢᠮ ᠳᠤ ᠲᠥᠪᠯᠡᠷᠡᠭᠦᠯᠬᠦ᠂ 《 ᠨᠢᠭᠡ ᠴᠣᠩᠬᠤᠪᠴᠢ 》

 ᠳᠤ ᠨᠡᠶᠢᠯᠡᠭᠦᠯᠬᠦ᠂ ᠦᠨᠳᠦᠰᠦᠨ ᠱᠠᠲᠤᠨ ᠳᠤ ᠭᠦᠨᠵᠡᠭᠡᠶᠢᠷᠡᠭᠦᠯᠬᠦ᠂ ᠰᠦᠯᠵᠢᠶᠡᠨ ᠳᠡᠭᠡᠷ᠎ᠡ ᠭᠦᠶᠴᠡᠳᠬᠡᠵᠦ

ᠳᠠᠭᠤᠰᠬᠠᠬᠤ ᠶᠢ ᠠᠬᠢᠭᠤᠯᠵᠤ᠂ 《 ᠬᠢᠨᠠᠨ ᠵᠥᠪᠰᠢᠶᠡᠷᠡᠭᠦᠯᠦᠭᠰᠡᠨ ᠢᠶᠠᠷ ᠬᠠᠮᠤᠭ ᠤᠨ ᠪᠠᠭ᠎ᠠ᠂ ᠦᠶᠯᠡᠴᠢᠯᠡᠭᠡ ᠪᠠᠷ

ᠬᠠᠮᠤᠭ ᠤᠨ ᠰᠠᠶᠢᠨ᠂ ᠬᠤᠷᠳᠤᠴᠠ ᠪᠠᠷ ᠬᠠᠮᠤᠭ ᠤᠨ ᠲᠦᠷᠭᠡᠨ 》 ᠲᠡᠷᠢᠭᠦᠨ ᠤ ᠵᠠᠰᠠᠭ ᠤᠨ ᠶᠠᠪᠤᠳᠠᠯ ᠤᠨ

ᠦᠶᠯᠡᠴᠢᠯᠡᠭᠡᠨ ᠤ ᠣᠷᠴᠢᠨ ᠨᠥᠬᠦᠴᠡᠯ ᠢ ᠴᠢᠷᠮᠠᠶᠢᠨ ᠪᠣᠶ ᠪᠣᠯᠭᠠᠨ᠎ᠠ᠃

 
ᠢᠷᠡᠯᠲᠡ᠄ ᠰᠢᠭᠤᠶᠢᠲᠤ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶᠠᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号