ᠰᠢᠭᠤᠶᠢᠲᠤ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶᠠᠨ ᠤ ᠨᠠᠮ ᠤᠨ ᠡᠭᠦᠷ 《 ᠨᠡᠶᠢᠭᠡᠮ ᠤᠨ ᠪᠠᠲᠤᠯᠠᠭ᠎ᠠ ᠶᠢᠨ ᠭᠡᠷᠡᠴᠢᠯᠡᠯ ᠳᠤ ᠪᠢ ᠬᠠᠪᠰᠤᠷᠬᠤ 》 ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/6/3
       ᠰᠢᠭᠤᠶᠢᠲᠤ ᠲᠣᠭᠤᠷᠢᠭ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ 2021 ᠣᠨ ᠤ 6 ᠰᠠᠷ᠎ᠠ ᠶᠢᠨ 3 ᠤ ᠡᠳᠦᠷ ᠤᠨ ᠦᠳᠡ ᠶᠢᠨ ᠡᠮᠦᠨ᠎ᠡ ᠨᠠᠮ ᠤᠨ ᠭᠡᠰᠢᠭᠦᠨ ᠺᠠᠳ᠋ᠷ ᠠᠵᠢᠯᠲᠠᠨ ᠠᠵᠢᠯᠴᠢᠨ ᠢ ᠵᠣᠬᠢᠶᠠᠨ ᠪᠠᠶᠢᠭᠤᠯᠵᠤ᠂ ᠪᠦ᠋ᠦ ᠯᠢᠶᠠᠨ ᠲᠣᠰᠬᠤᠨ ᠤ ᠵᠢᠶ ᠮᠤᠤ ᠶᠣᠣ ᠽᠢ ᠲᠣᠰᠬᠤᠨ ᠳᠤ ᠬᠦᠷᠴᠦ 《 ᠨᠡᠶᠢᠭᠡᠮ ᠤᠨ ᠳᠠᠭᠠᠳᠬᠠᠯ ᠤᠨ ᠭᠡᠷᠡᠴᠢᠯᠡᠭᠡ ᠬᠢᠬᠦ ᠳᠤ ᠪᠢ ᠴᠢᠮ᠎ᠠ ᠳᠤ ᠬᠠᠪᠰᠤᠷᠤᠨ᠎ᠠ 》 ᠭᠡᠬᠦ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠵᠦ᠂ ᠵᠢᠶ ᠮᠤᠤ ᠶᠣᠣ ᠽᠢ ᠲᠣᠰᠬᠤᠨ ᠤ ᠨᠠᠰᠤᠲᠠᠶᠢᠴᠤᠳ ᠤᠨ ᠨᠠᠰᠤᠵᠢᠯ ᠤᠨ ᠮᠥᠩᠭᠦ ᠤᠯᠬᠤ ᠬᠢᠷᠢ ᠬᠡᠮ ᠤᠨ ᠣᠷᠣᠰᠢᠨ ᠲᠣᠭᠲᠠᠨᠢᠬᠤ ᠶᠢ ᠭᠡᠷᠡᠴᠢᠯᠡᠬᠦ ᠠᠵᠢᠯ ᠢ ᠬᠠᠪᠰᠤᠷᠪᠠ᠃

       ᠰᠢᠨᠵᠢᠯᠡᠬᠦ ᠤᠬᠠᠭᠠᠨ ᠮᠡᠷᠭᠡᠵᠢᠯ ᠤᠨ ᠲᠠᠰᠤᠷᠠᠯᠲᠠ ᠥᠬᠡᠶ ᠰᠢᠨᠡᠳᠦᠨ ᠬᠥᠭᠵᠢᠬᠦ ᠶᠢ ᠳᠠᠭᠠᠯᠳᠤᠨ᠂

ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠠᠷᠠᠭᠠᠯᠵᠠᠯ ᠭᠥᠷᠳᠡᠵᠦ ᠪᠠᠶᠢᠭ᠎ᠠ ᠠᠵᠢᠯ ᠠᠴᠠ ᠪᠠᠨ ᠠᠮᠠᠷᠠᠭᠰᠠᠳ

ᠭᠠᠷ ᠤᠲᠠᠰᠤᠨ ᠳᠡᠭᠡᠷ᠎ᠡ ᠪᠠᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠬᠢᠷᠢ ᠬᠡᠮ ᠤᠨ 《 ᠵᠢᠰᠦ

ᠲᠠᠨᠢᠭᠤᠯᠤᠯᠲᠠ 》 ᠶᠢᠨ ᠭᠡᠷᠡᠴᠢᠯᠡᠭᠡ ᠬᠢᠯᠭᠡᠵᠦ ᠪᠣᠯᠤᠨ᠎ᠠ᠂ ᠨᠠᠰᠤᠲᠠᠶᠢᠴᠤᠳ ᠭᠠᠳᠠᠭᠰᠢ ᠭᠠᠷᠬᠤ ᠬᠡᠷᠡᠭ ᠥᠬᠡᠶ᠂

ᠬᠡᠷ ᠲᠡᠭᠡᠨ ᠭᠠᠷ ᠤᠲᠠᠰᠤ ᠬᠡᠷᠡᠭᠯᠡᠪᠡᠯ ᠳᠠᠷᠤᠶ ᠭᠡᠷᠡᠴᠢᠯᠡᠵᠦ ᠪᠣᠯᠤᠨ᠎ᠠ᠃ ᠥᠪᠥᠷ ᠮᠣᠩᠭᠤᠯ ᠤᠨ ᠬᠥᠮᠦᠨ ᠤ ᠬᠦᠴᠦᠨ

 ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ APP ᠶᠢᠨ ᠬᠡᠷᠡᠭᠯᠡᠯᠲᠡ ᠨᠢ ᠵᠠᠯᠠᠭᠤᠴᠤᠳ ᠲᠤ ᠠᠪᠴᠤ

ᠬᠡᠯᠡᠪᠡᠯ ᠬᠢᠯᠪᠠᠷ ᠪᠥᠭᠡᠳ ᠲᠦᠷᠭᠡᠨ ᠪᠠᠶᠢᠵᠤ᠂ ᠵᠢᠯ ᠪᠦᠷᠢ ᠨᠡᠶᠢᠭᠡᠮ ᠤᠨ ᠳᠠᠭᠠᠳᠬᠠᠯ ᠤᠨ ᠭᠡᠷᠡᠴᠢᠯᠡᠭᠡ ᠬᠢᠯᠭᠡᠬᠦ ᠶᠢᠨ

ᠲᠥᠯᠥᠭᠡ ᠮᠠᠰᠢ ᠬᠤᠯᠠ ᠵᠠᠮ ᠪᠠ ᠬᠥᠳᠡᠯᠵᠦ ᠪᠠᠷᠢᠬᠤ ᠳᠤ ᠳᠥᠭᠦᠮ ᠦᠭᠡᠢ ᠨᠠᠰᠤᠲᠠᠳ ᠲᠤ ᠠᠪᠴᠤ ᠬᠡᠯᠡᠪᠡᠯ᠂

ᠮᠠᠰᠢ ᠲᠥᠬᠦᠮ ᠠᠷᠭ᠎ᠠ ᠬᠡᠮᠵᠢᠶ᠎ᠡ ᠪᠣᠯᠤᠨ᠎ᠠ᠃ ᠭᠡᠪᠡᠴᠦ ᠣᠯᠠᠩᠬᠢ ᠨᠠᠰᠤᠲᠠᠶᠢᠴᠤᠳ ᠭᠠᠷ ᠤᠲᠠᠰᠤᠨ ᠤ ᠭᠡᠷᠡᠴᠢᠯᠡᠯ

 ᠤᠨ ᠠᠵᠢᠯᠯᠠᠭᠠᠨ ᠤ ᠶᠠᠪᠤᠴᠠ ᠶᠢ ᠰᠠᠶᠢᠨ ᠮᠡᠳᠡᠬᠦ ᠥᠬᠡᠶ᠂ ᠪᠣᠳᠠᠲᠠᠶ ᠠᠵᠢᠯ ᠬᠢᠵᠦ ᠴᠢᠳᠠᠬᠤ ᠥᠬᠡᠶ᠂ ᠦᠷ᠎ᠡ

ᠬᠡᠦᠬᠡᠳ ᠨᠢ ᠴᠦ ᠳᠡᠷᠭᠡᠳᠡ ᠨᠢ ᠪᠠᠶᠢᠬᠤ ᠥᠬᠡᠶ ᠪᠣᠯᠬᠤᠷ ᠭᠡᠷᠡᠴᠢᠯᠡᠯ ᠤᠨ ᠬᠦᠴᠢᠷᠳᠡᠯ ᠢ ᠨᠡᠮᠡᠭᠳᠡᠭᠦᠯᠦᠭᠰᠡᠨ ᠪᠠᠶᠢᠨ᠎ᠠ᠃

       ᠡᠨᠡ ᠬᠦ ᠠᠷᠭ᠎ᠠ ᠬᠡᠮᠵᠢᠶ᠎ᠡ ᠶᠢ ᠵᠢᠶ ᠮᠤᠤ ᠶᠣᠣ ᠽᠢ ᠲᠣᠰᠬᠤᠨ ᠤ ᠣᠯᠠᠨ ᠲᠦᠮᠡᠨ ᠳᠤ ᠨᠠᠩ ᠰᠠᠶᠢᠲᠤᠷ

ᠦᠶᠯᠡᠴᠢᠯᠡᠭᠦᠯᠬᠦ ᠶᠢᠨ ᠲᠥᠯᠥᠭᠡ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ ᠶᠢᠨ ᠨᠠᠮ ᠤᠨ ᠭᠡᠰᠢᠭᠦᠨ

ᠺᠠᠳ᠋ᠷ ᠠᠵᠢᠯᠲᠠᠨ ᠠᠵᠢᠯᠴᠢᠨ ᠵᠢᠶ ᠮᠤᠤ ᠶᠣᠣ ᠽᠢ ᠲᠣᠰᠬᠤᠨ ᠤ ᠠᠷᠠᠳ ᠤᠨ ᠵᠥᠪᠯᠡᠯ ᠤᠨ ᠪᠦᠷᠢᠯᠳᠦᠬᠦᠨ ᠲᠠᠢ

ᠬᠠᠮᠲᠤᠷᠠᠨ᠂ ᠵᠢᠶ ᠮᠤᠤ ᠶᠣᠣ ᠽᠢ ᠲᠣᠰᠬᠤᠨ ᠤ ᠵᠣᠯ ᠵᠢᠷᠭᠠᠯᠲᠤ ᠶᠡᠭᠡ ᠬᠦᠷᠢᠶᠡᠨ ᠤ ᠡᠭᠦᠳᠡᠨ ᠳᠡᠭᠡᠷ᠎ᠡ ᠡᠷᠦᠬᠡ

ᠪᠦᠷᠢ ᠳᠤ ᠬᠦᠷᠴᠡᠶ  ᠃ ᠨᠠᠮ ᠤᠨ ᠭᠡᠰᠢᠭᠦᠨ ᠺᠠᠳ᠋ᠷ ᠠᠵᠢᠯᠲᠠᠨ ᠠᠵᠢᠯᠴᠢᠨ ᠥᠪᠥᠷ ᠮᠣᠩᠭᠤᠯ ᠤᠨ ᠬᠥᠮᠦᠨ ᠤ

ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ APP ᠶᠢ ᠤᠷᠢᠳᠴᠢᠯᠠᠨ

ᠰᠠᠶᠢᠲᠤᠷ ᠪᠠᠭᠤᠯᠭᠠᠵᠤ᠂ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠬᠠᠮᠲᠤ ᠠᠵᠢᠯᠯᠠᠭᠴᠢ ᠠᠴᠠ ᠠᠵᠢᠯᠯᠠᠬᠤ

ᠶᠠᠪᠤᠴᠠ ᠪᠠ ᠠᠷᠭ᠎ᠠ ᠶᠢ ᠰᠤᠷᠤᠯᠴᠠᠵᠤ᠂ ᠵᠣᠯ ᠵᠢᠷᠭᠠᠯᠲᠤ ᠲᠣᠮᠣ ᠬᠦᠷᠢᠶᠡᠯᠡᠩ ᠤᠨ ᠨᠠᠰᠤᠲᠠᠨ ᠤ ᠬᠡᠷ ᠲᠤ

ᠭᠦᠨᠵᠡᠭᠡᠶᠢᠷᠡᠨ᠂ ᠨᠠᠰᠤᠲᠠᠨ ᠢ ᠬᠠᠪᠰᠤᠷᠤᠨ ᠨᠡᠶᠢᠭᠡᠮ ᠤᠨ ᠪᠠᠲᠤᠯᠠᠭ᠎ᠠ ᠶᠢᠨ ᠭᠡᠷᠡᠴᠢᠯᠡᠯ ᠢ ᠪᠡᠶᠡᠯᠡᠭᠦᠯᠪᠡ᠃

       ᠲᠣᠰ ᠤᠳᠠᠭᠠᠨ ᠤ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠳᠤ᠂ 《 ᠨᠡᠶᠢᠭᠡᠮ ᠤᠨ

ᠳᠠᠭᠠᠳᠬᠠᠯ ᠤᠨ ᠭᠡᠷᠡᠴᠢᠯᠡᠯ ᠳᠤ ᠪᠢ ᠬᠠᠪᠰᠤᠷᠤᠨ᠎ᠠ 》 ᠭᠡᠬᠦ ᠠᠵᠢᠯᠯᠠᠭ᠎ᠠ ᠶᠢᠨ ᠭᠤᠤᠯ ᠰᠡᠳᠦᠪ ᠢ ᠢᠳᠡᠪᠬᠢᠲᠡᠶ

ᠴᠤᠤᠷᠢᠶᠠᠲᠤᠨ ᠳᠠᠭᠠᠵᠤ᠂ ᠨᠠᠮ ᠤᠨ ᠭᠡᠰᠢᠭᠦᠨ ᠺᠠᠳ᠋ᠷ ᠠᠵᠢᠯᠲᠠᠨ ᠠᠵᠢᠯᠴᠢᠨ ᠠᠶᠢᠯ ᠡᠷᠦᠬᠡ ᠳᠤ ᠣᠴᠢᠵᠤ

ᠦᠶᠯᠡᠴᠢᠯᠡᠬᠦ᠂ ᠬᠠᠯᠠᠰᠢᠷᠠᠯ ᠥᠬᠡᠶ ᠨᠠᠷᠢᠨ ᠨᠢᠮᠪᠠᠶ ᠲᠠᠶᠢᠯᠤᠮᠵᠢ ᠬᠢᠬᠦ ᠪᠠ ᠤᠬᠠᠭᠤᠯᠭ᠎ᠠ ᠬᠢᠵᠦ᠂ ᠨᠡᠶᠢᠲᠡ 30

ᠨᠠᠰᠤᠲᠠᠨ ᠢ ᠬᠠᠪᠰᠤᠷᠤᠨ ᠨᠡᠶᠢᠭᠡᠮ ᠤᠨ ᠳᠠᠭᠠᠳᠬᠠᠯ ᠤᠨ ᠭᠡᠷᠡᠴᠢᠯᠡᠯ ᠢ ᠪᠡᠶᠡᠯᠡᠭᠦᠯᠵᠦ᠂ ᠲᠠᠬᠢᠶ᠎ᠠ ᠶᠢᠨ ᠦᠰᠦᠲᠦ ᠶᠣᠣ

ᠽᠢ ᠲᠣᠰᠬᠤᠨ ᠤ ᠨᠠᠰᠤᠲᠠᠶᠢᠴᠤᠳ ᠢ ᠬᠡᠷ ᠠᠴᠠ ᠨᠢ ᠭᠠᠷᠬᠤ ᠥᠬᠡᠶ ᠪᠠᠷ ᠨᠡᠶᠢᠭᠡᠮ ᠤᠨ ᠳᠠᠭᠠᠳᠬᠠᠯ ᠤᠨ ᠭᠡᠷᠡᠴᠢᠯᠡᠯ

ᠬᠢᠯᠭᠡᠬᠦ ᠪᠣᠯᠭᠠᠵᠤ᠂ ᠨᠠᠰᠤᠲᠠᠶᠢᠴᠤᠳ ᠢ ᠰᠡᠳᠬᠢᠯ ᠵᠣᠪᠠᠭ᠋ᠤ ᠥᠬᠡᠶ ᠪᠣᠯᠭᠠᠵᠤ᠂ ᠮᠠᠨ ᠤ ᠲᠣᠪᠴᠢᠶ᠎ᠠ ᠶᠢᠨ ᠨᠠᠮ ᠤᠨ

ᠭᠡᠰᠢᠭᠦᠨ ᠺᠠᠳ᠋ᠷ ᠠᠵᠢᠯᠲᠠᠨ ᠠᠵᠢᠯᠴᠢᠨ ᠣᠯᠠᠨ ᠲᠦᠮᠡᠨ ᠳᠤ ᠬᠠᠯᠠᠭᠤᠮᠰᠤᠭ ᠢᠶᠠᠷ ᠦᠶᠯᠡᠴᠢᠯᠡᠵᠦ ᠣᠯᠠᠨ ᠲᠦᠮᠡᠨ ᠤ

ᠮᠠᠭᠲᠠᠭᠠᠯ ᠰᠠᠶᠢᠰᠢᠶᠠᠯ ᠢ ᠣᠯᠤᠭᠰᠠᠨ ᠪᠠᠶᠢᠨ᠎ᠠ᠂ ᠡᠭᠦᠨ ᠤ ᠬᠠᠮᠲᠤ᠂ ᠣᠯᠠᠨ ᠲᠦᠮᠡᠨ ᠢ ᠳᠤᠲᠠᠭᠤ ᠭᠦᠶᠦᠯᠭᠡᠵᠦ᠂

ᠰᠠᠶᠢᠨ ᠰᠠᠶᠢᠬᠠᠨ ᠠᠵᠢᠯ ᠤᠨ ᠰᠤᠷᠲᠠᠯ ᠢ ᠪᠣᠶ ᠪᠣᠯᠭᠠᠪᠠ᠃

 
ᠢᠷᠡᠯᠲᠡ᠄ ᠰᠢᠭᠤᠶᠢᠲᠤ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶᠠᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号