ᠰᠢᠭᠤᠶᠢᠲᠤ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠪᠠᠶᠠᠨ ᠠᠭᠤᠷᠬᠠᠢ  ᠶᠢᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ ᠬᠦᠷᠴᠦ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2021/7/16
       ᠠᠬ᠎ᠠ ᠳᠡᠭᠦᠦ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠠᠵᠢᠯ  ᠤᠨ ᠲᠡᠷᠢᠭᠦᠨ ᠤ ᠲᠤᠷᠰᠢᠯᠭ᠎ᠠ ᠶᠢ ᠭᠦᠶᠴᠡᠳ ᠰᠤᠷᠤᠯᠴᠠᠵᠤ᠂ ᠠᠵᠢᠯ ᠤᠨ ᠴᠢᠳᠠᠪᠤᠷᠢ ᠪᠠ ᠦᠶᠯᠡᠴᠢᠯᠡᠭᠡᠨ ᠤ ᠬᠢᠷᠢ ᠲᠦᠪᠰᠢᠨ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ 7 ᠳ᠋ᠤᠭᠠᠷ ᠰᠠᠷ᠎ᠠ ᠶᠢᠨ 14 ᠤ ᠡᠳᠦᠷ  ᠤᠨ ᠦᠳᠡ ᠶᠢᠨ ᠡᠮᠦᠨ᠎ᠡ᠂ ᠰᠢᠭᠤᠶᠢᠲᠤ ᠲᠣᠭᠤᠷᠢᠭ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ  ᠶᠢᠨ ᠳᠠᠷᠤᠭ᠎ᠠ ᠳ᠋ᠦᠩ ᠱᠤ᠋ ᠰᠢᠶᠦ᠋ᠩ ᠠᠵᠢᠯᠲᠠᠨ ᠨᠠᠷ ᠢᠶᠠᠨ ᠳᠠᠭᠠᠭᠤᠯᠤᠨ ᠪᠠᠶ ᠶᠦᠨ ᠠᠭᠤᠷᠬᠠᠶ ᠶᠢᠨ ᠲᠣᠭᠤᠷᠢᠭ  ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠢᠩᠬᠢᠮ ᠳᠤ ᠬᠦᠷᠴᠦ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠭᠰᠡᠨ ᠲᠡᠷᠢᠭᠦᠨ ᠤ ᠠᠵᠢᠯ ᠤᠨ ᠲᠤᠷᠰᠢᠯᠭ᠎ᠠ ᠶᠢ ᠲᠣᠭᠤᠷᠢᠨ ᠦᠵᠡᠵᠦ ᠰᠤᠷᠤᠯᠴᠠᠪᠠ᠃ ᠪᠠᠶᠠᠨ ᠠᠭᠤᠷᠬᠠᠢ ᠶᠢᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠡᠷᠬᠢᠯᠡᠭᠴᠢ ᠵᠠᠩ ᠬᠤᠩ ᠭᠠᠩ ᠬᠠᠯᠠᠭᠤᠨ ᠢᠶᠠᠷ ᠬᠦᠯᠢᠶᠡᠨ ᠠᠪᠴᠤ ᠠᠭᠤᠯᠵᠠᠪᠠ᠃

       ᠮᠠᠨ ᠤ ᠲᠣᠪᠴᠢᠶ᠎ᠠ ᠶᠢᠨ ᠠᠵᠢᠯᠲᠠᠳ ᠪᠠᠶ ᠶᠦᠨ ᠠᠭᠤᠷᠬᠠᠶ ᠶᠢᠨ ᠲᠣᠭᠤᠷᠢᠭ ᠤᠨ ᠵᠠᠰᠠᠭ ᠤᠨ ᠶᠠᠪᠤᠳᠠᠯ

 ᠤᠨ ᠦᠶᠯᠡᠴᠢᠯᠡᠭᠡᠨ ᠤ ᠲᠢᠩᠬᠢᠮ ᠤᠨ ᠪᠠᠷᠢᠮᠵᠢᠶᠠᠵᠢᠭᠤᠯᠤᠭᠰᠠᠨ ᠪᠥᠲᠥᠭᠡᠨ ᠪᠠᠶᠢᠭᠤᠯᠤᠯᠲᠠ᠂ ᠣᠷᠣᠨ ᠪᠦᠰᠡ ᠶᠢᠨ

ᠲᠣᠬᠢᠷᠠᠭᠤᠯᠤᠯᠲᠠ᠂ ᠨᠢᠭᠡᠴᠡ ᠳᠤ ᠣᠷᠣᠵᠤ ᠰᠠᠭᠤᠭᠰᠠᠨ᠂ ᠬᠠᠲᠠᠭᠤ ᠬᠡᠷᠡᠭᠰᠡᠯ ᠤᠨ ᠪᠡᠯᠡᠳᠬᠡᠮᠵᠢ ᠶᠢᠨ

ᠲᠣᠬᠢᠷᠠᠭᠤᠯᠤᠯᠲᠠ ᠵᠡᠷᠭᠡ ᠪᠠᠶᠢᠳᠠᠯ ᠢ ᠲᠣᠭᠤᠷᠢᠨ ᠦᠵᠡᠵᠦ᠂ ᠪᠠᠶ ᠶᠦᠨ ᠠᠭᠤᠷᠬᠠᠶ ᠶᠢᠨ ᠲᠣᠭᠤᠷᠢᠭ ᠤᠨ ᠮᠥᠩᠬᠡ

ᠰᠤᠪᠠᠭ ᠤᠨ 《 ᠨᠢᠭᠡ ᠯᠡ ᠤᠳᠠᠭ᠎ᠠ ᠳᠤ ᠭᠦᠶᠴᠡᠳᠬᠡᠬᠦ 》 《 ᠲᠠᠨ ᠳᠤ ᠬᠠᠪᠰᠤᠷᠤᠨ ᠭᠦᠶᠴᠡᠳᠬᠡᠬᠦ 》

ᠠᠵᠢᠯ ᠢ ᠥᠷᠨᠢᠭᠦᠯᠦᠭᠰᠡᠨ ᠪᠠᠶᠢᠳᠠᠯ ᠵᠢᠴᠢ 《 ᠨᠢᠭᠡ ᠯᠡ ᠤᠳᠠᠭ᠎ᠠ ᠳᠤ ᠭᠦᠶᠴᠡᠳᠬᠡᠬᠦ 》 ᠵᠦᠶᠯᠡᠰ ᠢ

ᠭᠦᠶᠴᠡᠳᠬᠡᠬᠦ ᠴᠤᠪᠤᠷᠠᠯ ᠢ ᠭᠤᠤᠯᠳᠠᠯᠭ᠎ᠠ ᠲᠠᠢ ᠣᠶᠢᠯᠠᠭᠠᠪᠠ᠃

       ᠵᠠᠩ ᠬᠤᠩ ᠭᠠᠩ ᠡᠷᠬᠢᠯᠡᠭᠴᠢ ᠨᠠᠮ ᠤᠨ ᠲᠡᠦᠬᠡ ᠶᠢ ᠰᠤᠷᠤᠯᠴᠠᠬᠤ ᠶᠢ ᠲᠤᠬᠠᠶᠢᠯᠠᠭᠰᠠᠨ ᠠᠵᠢᠯ ᠲᠠᠢ

ᠤᠶᠠᠯᠳᠤᠭᠤᠯᠤᠭᠰᠠᠨ ᠠᠵᠢᠯ ᠢ ᠥᠷᠨᠢᠭᠦᠯᠦᠭᠰᠡᠨ ᠪᠠᠶᠢᠳᠠᠯ᠂ ᠲᠢᠩᠬᠢᠮ ᠤᠨ ᠬᠠᠮᠢᠶᠠᠷᠤᠯᠲᠠ ᠪᠠ ᠠᠵᠢᠯᠯᠠᠭᠠᠨ ᠤ

ᠪᠠᠶᠢᠳᠠᠯ ᠢ ᠲᠣᠪᠴᠢ ᠲᠠᠨᠢᠯᠴᠠᠭᠤᠯᠪᠠ︔ ᠪᠠᠶ ᠶᠦᠨ ᠠᠭᠤᠷᠬᠠᠶ ᠶᠢᠨ ᠲᠣᠭᠤᠷᠢᠭ ᠤᠨ ᠬᠤᠳᠠᠯᠳᠤᠭ᠎ᠠ ᠡᠵᠡᠩᠨᠡᠬᠦ

ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ ᠠᠪᠤᠭᠰᠠᠨ ᠡᠯ᠎ᠡ ᠵᠦᠶᠯ ᠤᠨ ᠠᠷᠭ᠎ᠠ ᠬᠡᠮᠵᠢᠶ᠎ᠡ᠂ 《 ᠲᠠᠯᠪᠢᠬᠤ

ᠬᠠᠮᠢᠶᠠᠷᠬᠤ ᠦᠶᠯᠡᠴᠢᠯᠡᠬᠦ 》 ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠ 《 ᠨᠢᠭᠡ ᠯᠡ ᠤᠳᠠᠭ᠎ᠠ ᠳᠤ ᠰᠠᠶᠢᠲᠤᠷ

ᠬᠢᠬᠦ 》 ᠥᠭᠡᠷᠡᠴᠢᠯᠡᠯᠲᠡ ᠶᠢᠨ ᠰᠢᠨ᠎ᠡ ᠶᠢ ᠡᠭᠦᠳᠬᠦ ᠠᠷᠭ᠎ᠠ ᠬᠢᠳᠡᠯ ᠢ ᠨᠠᠷᠢᠨ ᠲᠣᠳᠣᠷᠬᠠᠶ ᠥᠭᠦᠯᠡᠪᠡ︔ 《 ᠪᠢ

ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ 》 ᠵᠢᠴᠢ ᠪᠠᠶ ᠶᠦᠨ ᠵᠠᠰᠠᠭ ᠤᠨ ᠶᠠᠪᠤᠳᠠᠯ ᠤᠨ

ᠦᠶᠯᠡᠴᠢᠯᠡᠭᠡᠨ ᠤ 《 ᠠᠷᠪᠠ ᠪᠠᠷ ᠭᠦᠶᠴᠡᠳᠬᠡᠬᠦ 》 ᠦᠶᠯᠡᠴᠢᠯᠡᠭᠡᠨ ᠤ ᠵᠠᠭᠪᠤᠷ ᠢ ᠭᠤᠤᠯᠳᠠᠯᠭ᠎ᠠ ᠲᠠᠢ

ᠲᠠᠨᠢᠯᠴᠠᠭᠤᠯᠪᠠ᠃

       ᠬᠤᠶᠠᠷ ᠲᠠᠯ᠎ᠠ ᠪᠠᠷ ᠢᠶᠠᠨ 《 ᠨᠢᠭᠡ ᠴᠣᠩᠬᠤᠪᠴᠢ ᠪᠠᠷ ᠭᠥᠯᠢᠶᠡᠨ ᠠᠪᠴᠤ ᠰᠢᠶᠳᠪᠦᠷᠢᠯᠡᠬᠦ 》

ᠥᠭᠡᠷᠡᠴᠢᠯᠡᠯᠲᠡ ᠶᠢ ᠠᠬᠢᠭᠤᠯᠬᠤ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠢᠩᠬᠢᠮ ᠤᠨ ᠵᠢᠷᠤᠮᠵᠢᠭᠰᠠᠨ

ᠪᠠᠶᠢᠭᠤᠯᠤᠯᠲᠠ᠂ ᠶᠡᠷᠦᠩᠬᠡᠶᠢᠯᠡᠭᠰᠡᠨ ᠭᠥᠯᠢᠶᠡᠨ ᠠᠪᠴᠤ ᠰᠢᠶᠳᠪᠦᠷᠢᠯᠡᠬᠦ ᠠᠵᠢᠯᠲᠠᠨ ᠤ ᠲᠣᠬᠢᠷᠠᠭᠤᠯᠤᠯᠲᠠ ᠵᠢᠴᠢ

ᠪᠣᠯᠪᠠᠰᠤᠷᠠᠭᠤᠯᠤᠯ ᠵᠡᠷᠭᠡ ᠲᠠᠯ᠎ᠠ ᠪᠠᠷ ᠠᠷᠭ᠎ᠠ ᠬᠢᠳᠡᠯ ᠪᠠ ᠲᠤᠷᠰᠢᠯᠭ᠎ᠠ ᠪᠠᠨ ᠰᠣᠯᠢᠯᠴᠠᠭᠰᠠᠨ ᠪᠥᠭᠡᠳ ᠲᠠᠷᠠᠭᠠᠴᠢ ᠶᠢᠨ

ᠠᠯᠬᠤᠮ ᠳᠤ 《 ᠪᠠᠭᠤᠯᠭᠠᠬᠤ ᠬᠠᠮᠢᠶᠠᠷᠬᠤ ᠦᠶᠯᠡᠴᠢᠯᠡᠬᠦ 》 ᠥᠭᠡᠷᠡᠴᠢᠯᠡᠯᠲᠡ ᠶᠢᠨ ᠠᠵᠢᠯ ᠢ ᠬᠡᠷᠬᠢᠨ ᠰᠠᠶᠢᠲᠤᠷ

ᠬᠢᠬᠦ ᠲᠤᠬᠠᠶ ᠰᠤᠳᠤᠯᠤᠨ ᠶᠠᠷᠢᠯᠴᠠᠪᠠ᠃

       ᠰᠢᠭᠤᠶᠢᠲᠤ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶᠠᠨ ᠤ ᠳᠠᠷᠤᠭ᠎ᠠ

ᠳ᠋ᠦᠩ ᠱᠤ᠋ ᠰᠢᠶᠦ᠋ᠩ ᠪᠠᠢ ᠶᠦᠨ ᠠᠭᠤᠷᠬᠠᠢ ᠶᠢᠨ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠢ

ᠮᠠᠭᠲᠠᠨ ᠰᠠᠶᠢᠰᠢᠶᠠᠵᠤ ᠪᠠᠶᠢᠬᠤ ᠪᠠᠨ ᠢᠯᠡᠳᠬᠡᠪᠡ᠃ ᠲᠣᠰ ᠤᠳᠠᠭᠠᠨ ᠤ ᠰᠢᠨᠵᠢᠯᠡᠨ ᠪᠠᠶᠢᠴᠠᠭᠠᠵᠤ ᠰᠤᠷᠤᠯᠴᠠᠬᠤ ᠪᠠᠷ

ᠳᠡᠮᠵᠢᠨ᠂ ᠮᠠᠨ ᠤ ᠲᠣᠪᠴᠢᠶ᠎ᠠ ᠶᠢᠨ ᠠᠵᠢᠯᠲᠠᠳ ᠣᠯᠤᠯᠲᠠ ᠶᠡᠬᠡᠲᠡᠶ ᠪᠣᠯᠵᠣ᠂ ᠬᠤᠳᠠᠯᠳᠤᠭ᠎ᠠ ᠡᠵᠡᠩᠨᠡᠬᠦ ᠣᠷᠴᠢᠨ

ᠨᠥᠬᠦᠴᠡᠯ ᠢ ᠰᠢᠯᠢᠳᠡᠭᠵᠢᠭᠦᠯᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠢᠲᠡᠭᠡᠯ ᠵᠣᠷᠢᠭ ᠢᠶᠠᠨ

ᠨᠡᠮᠡᠭᠳᠡᠭᠦᠯᠪᠡ᠃ ᠲᠠᠷᠠᠭᠠᠴᠢ ᠶᠢᠨ ᠠᠯᠬᠤᠮ ᠳᠤ᠂ ᠮᠠᠨ ᠤ ᠲᠣᠪᠴᠢᠶ᠎ᠠ ᠲᠡᠷᠢᠭᠦᠨ ᠤ ᠬᠢ ᠪᠠᠷ ᠪᠠᠷᠢᠮᠵᠢᠶᠠᠯᠠᠵᠤ᠂ ᠨᠠᠩ

ᠪᠣᠳᠠᠲᠠᠶ ᠶᠢ ᠡᠷᠬᠢᠮᠯᠡᠬᠦ ᠰᠤᠷᠲᠠᠯ᠂ ᠨᠠᠩ ᠬᠦᠴᠦᠲᠡᠶ ᠠᠷᠭ᠎ᠠ ᠬᠡᠮᠵᠢᠶ᠎ᠡ ᠪᠠᠷ ᠵᠠᠰᠠᠭ ᠤᠨ ᠶᠠᠪᠤᠳᠠᠯ ᠤᠨ ᠣᠷᠴᠢᠨ

ᠲᠣᠭᠤᠷᠢᠨ ᠢ ᠡᠷᠡᠰ ᠭᠤᠶᠢᠪᠢᠰᠢ ᠥᠬᠡᠶ ᠰᠢᠯᠢᠳᠡᠭᠵᠢᠭᠦᠯᠵᠦ᠂ ᠮᠠᠨ ᠤ ᠣᠷᠣᠨ ᠤ ᠠᠵᠤ ᠠᠬᠤᠶ ᠨᠡᠶᠢᠭᠡᠮ ᠤᠨ ᠴᠢᠨᠠᠷ

ᠰᠠᠶᠢᠲᠠᠶ ᠬᠥᠭᠵᠢᠯᠲᠡ ᠳᠤ ᠬᠤᠪᠢ ᠨᠡᠮᠡᠷᠢ ᠦᠵᠡᠭᠦᠯᠦᠨ᠎ᠡ᠃

 
ᠢᠷᠡᠯᠲᠡ᠄ ᠰᠢᠭᠤᠶᠢᠲᠤ ᠲᠣᠭᠤᠷᠢᠭ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号