ᠰᠢᠭᠤᠶᠢᠲᠤ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠳᠤᠮᠳᠠᠳᠤ ᠤᠯᠤᠰ  ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠢ ᠬᠦᠯᠢᠶᠡᠨ ᠠᠪᠴᠤ ᠰᠣᠨᠣᠰᠪᠠ
ᠨᠡᠶᠢᠲᠡᠯᠡᠭᠰᠡᠨ ᠴᠠᠭ᠄
2021/7/2
       ᠥᠨᠥᠳᠦᠷ ᠪᠣᠯ 7 ᠰᠠᠷ᠎ᠠ ᠶᠢᠨ 1 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢᠨ ᠠᠭᠤᠤ ᠶᠡᠭᠡ ᠡᠳᠦᠷ ᠮᠥᠨ᠂ ᠦᠳᠡ ᠶᠢᠨ ᠡᠮᠦᠨᠡᠬᠢ 8 ᠴᠠᠭ ᠲᠤ ᠪᠡᠯᠭᠡᠯᠡᠬᠦ ᠶᠡᠭᠡ ᠬᠤᠷᠠᠯ ᠪᠡᠭᠡᠵᠢᠩ ᠤᠨ ᠲᠢᠶᠠᠨ ᠠᠨ ᠮᠧᠨ ᠲᠠᠯᠠᠪᠠᠶ ᠳᠤ ᠦᠪᠡᠳᠡᠭᠰᠢ ᠶᠡᠭᠡ ᠪᠠᠷ ᠶᠠᠪᠤᠭᠳᠠᠪᠠ᠃ ᠨᠠᠮ  ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ ᠰᠢᠭᠤᠶᠢᠲᠤ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠪᠦᠬᠦ ᠨᠠᠮ ᠤᠨ ᠭᠡᠰᠢᠭᠦᠨ ᠺᠠᠳ᠋ᠷ ᠠᠵᠢᠯᠳᠠᠨ ᠠᠵᠢᠯᠴᠢᠨ ᠢ ᠵᠣᠬᠢᠶᠠᠨ ᠪᠠᠶᠢᠭᠤᠯᠵᠤ ᠬᠠᠮᠲᠤ ᠪᠠᠷ ᠬᠦᠯᠢᠶᠡᠨ ᠠᠪᠴᠤ ᠰᠣᠨᠣᠰᠪᠠ᠃

ᠶ᠊        ‍ᠣᠰᠣᠯᠠᠯ ᠤᠨ ᠫᠤᠤ ᠶᠢᠨ 100 ᠤᠳᠠᠭ᠎ᠠ ᠶᠢᠨ ᠲᠠᠭᠤᠨ ᠢ ᠳᠠᠭᠠᠯᠳᠤᠨ᠂ ᠤᠯᠤᠰ ᠤᠨ ᠲᠤᠭ ᠬᠠᠮᠠᠭᠠᠯᠠᠬᠤ

ᠠᠩᠭᠢ ᠡᠷᠡᠰ ᠪᠠᠲᠤ ᠪᠥᠭᠡᠳ ᠬᠦᠴᠦᠲᠡᠶ ᠠᠯᠬᠤᠭ᠎ᠠ ᠪᠠᠷ ᠲᠢᠶᠠᠨ ᠠᠨ ᠮᠧᠨ ᠲᠠᠯᠠᠪᠠᠶ ᠶᠢᠨ ᠲᠥᠪ ᠵᠦᠭ ᠠᠯᠬᠤᠪᠠ  ᠃

ᠭᠤᠮᠢᠨᠳᠠᠩ ᠤᠨ ᠬᠤᠪᠢᠰᠬᠠᠯᠲᠤ ᠬᠤᠷᠢᠶᠠᠨ ᠤ ᠲᠥᠪ ᠬᠤᠷᠢᠶᠠᠨ ᠤ ᠲᠡᠷᠢᠭᠦᠯᠡᠭᠴᠢ ᠸᠠᠨ ᠧ ᠰᠢᠶᠠᠩ ᠨᠥᠬᠦᠷ

ᠪᠠᠶᠠᠷ ᠤᠨ ᠦᠭᠡ ᠤᠩᠰᠢᠵᠤ᠂ ᠪᠠᠭᠠᠴᠤᠳ ᠤᠨ ᠬᠤᠰᠢᠭᠤᠴᠢ ᠠᠩᠬᠢ᠂ ᠡᠪᠯᠡᠯ ᠤᠨ ᠭᠡᠰᠢᠭᠦᠳ ᠤᠨ ᠲᠥᠯᠥᠭᠡᠯᠡᠭᠴᠢ

ᠤᠷᠮ᠎ᠠ ᠵᠣᠷᠢᠭ ᠪᠠᠳᠠᠷᠠᠩᠭᠤᠢ ᠪᠠᠷ ᠲᠤᠬᠠᠢ ᠶᠢᠨ ᠲᠠᠯᠠᠪᠠᠢ ᠳᠤ ᠦᠭᠡ ᠬᠡᠯᠡᠪᠡ᠃

       ᠲᠠᠷᠠᠭ᠎ᠠ ᠨᠢ ᠶᠡᠷᠦᠩᠬᠡᠢ ᠱᠦᠵᠢ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠂ 1840 ᠣᠨ ᠤ ᠬᠠᠷ᠎ᠠ

ᠲᠠᠮᠠᠬᠢ ᠶᠢᠨ ᠳᠠᠶᠢᠨ ᠠᠴᠠ ᠠᠷᠪᠠᠨ ᠰᠠᠷ᠎ᠠ ᠶᠢᠨ ᠬᠤᠪᠢᠰᠬᠠᠯ ᠤᠨ ᠫᠤᠤ ᠶᠢᠨ ᠳᠠᠭᠤᠨ ᠬᠦᠷᠲᠡᠯ᠎ᠡ᠂ ᠳᠤᠮᠳᠠᠳᠤ

ᠤᠯᠤᠰ ᠤᠨ ᠡᠪ ᠬᠠᠮᠲᠤ ᠨᠠᠮ ᠮᠡᠨᠳᠦᠯᠡᠭᠰᠡᠨ ᠠᠴᠠ ᠠᠪᠤᠭᠠᠳ ᠰᠢᠨ᠎ᠡ ᠠᠷᠠᠳᠴᠢᠯᠠᠭᠰᠠᠨ ᠬᠤᠪᠢᠰᠬᠠᠯ ᠤᠨ ᠠᠭᠤᠤ

ᠶᠡᠭᠡ ᠠᠮᠵᠢᠯᠲᠠ ᠪᠦᠲᠦᠮᠵᠢ ᠬᠦᠷᠲᠡᠯ᠎ᠡ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠨᠡᠶᠢᠭᠡᠮ ᠵᠢᠷᠤᠮ ᠤᠨ

ᠠᠩᠬᠠᠨ ᠤ ᠱᠠᠲᠤᠨ ᠳᠠᠬᠢ ᠦᠨᠳᠦᠰᠦᠨ ᠱᠤᠭᠤᠮ ᠢ ᠲᠣᠭᠲᠠᠭᠠᠭᠰᠠᠨ ᠠᠴᠠ ᠰᠢᠨ᠎ᠡ ᠴᠠᠭ ᠦᠶ᠎ᠡ ᠶᠢᠨ ᠳᠤᠮᠳᠠᠳᠤ

ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠠᠮᠵᠢᠯᠲᠠ ᠶᠢ ᠡᠭᠦᠳᠬᠦ ᠬᠦᠷᠲᠡᠯ᠎ᠡ᠂ ᠵᠠᠭᠤᠨ ᠵᠢᠯ

 ᠤᠨ ᠡᠮᠦᠨ᠎ᠡ᠂ ᠬᠠᠮᠤᠭ ᠠᠩᠬᠠᠨ ᠤ 50 ᠭᠠᠷᠤᠶ ᠳᠤᠮᠳᠠᠳᠤ ᠤᠯᠤᠰ ᠤᠨ ᠡᠪ ᠬᠠᠮᠲᠤᠴᠤᠳ ᠠᠴᠠ ᠥᠨᠥᠳᠦᠷ ᠤᠨ

9500 ᠭᠠᠷᠤᠶ ᠲᠦᠮᠡᠨ ᠳᠤᠮᠳᠠᠳᠤ ᠤᠯᠤᠰ ᠤᠨ ᠡᠪ ᠬᠠᠮᠲᠤᠴᠤᠳ ᠬᠦᠷᠲᠡᠯ᠎ᠡ ᠬᠥᠭᠵᠢᠵᠡᠶ᠂ ᠳᠤᠮᠳᠠᠳᠤ ᠤᠯᠤᠰ

 ᠤᠨ ᠴᠠᠭ ᠦᠶ᠎ᠡ ᠪᠣᠯ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠴᠠᠭ ᠦᠶᠡᠴᠢᠯᠡᠯᠲᠡ ᠶᠢ ᠠᠬᠢᠭᠤᠯᠤᠨ᠎ᠠ᠂

ᠳᠤᠮᠳᠠᠳᠤ ᠤᠯᠤᠰ ᠤᠨ ᠡᠪ ᠬᠠᠮᠲᠤ ᠨᠠᠮ ᠶᠠᠭᠠᠬᠢᠭᠠᠳ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ

ᠵᠢᠷᠤᠮ ᠶᠠᠭᠠᠬᠢᠭᠠᠳ ᠰᠠᠶᠢᠨ ᠪᠠᠶᠢᠳᠠᠭ ᠪᠤᠢ᠂ ᠡᠴᠦᠰ ᠤᠨ ᠡᠴᠦᠰ ᠲᠡᠭᠡᠨ ᠮᠠᠷᠺᠰ ᠤᠨ ᠦᠵᠡᠯ ᠰᠡᠶᠢᠠ ᠪᠣᠯᠤᠭᠰᠠᠨ

 ᠠᠴᠠ ᠪᠣᠯᠤᠭᠰᠠᠨ ᠶᠤᠮ  ︕

       ᠶᠡᠷᠦᠩᠬᠡᠢ ᠱᠦᠵᠢ ᠰᠢ ᠶᠢᠨ ᠫᠢᠩ ᠤᠨ 《 ᠳᠤᠮᠳᠠᠳᠤ ᠤᠯᠤᠰ ᠤᠨ ᠠᠷᠠᠳ ᠲᠦᠮᠡᠨ ᠶᠠᠮᠠᠷᠪᠠ ᠭᠠᠳᠠᠭᠠᠳᠤ

 ᠶᠢᠨ ᠬᠦᠴᠦᠨ ᠤ ᠪᠢᠳᠡᠨ ᠢ ᠳᠠᠷᠤᠯᠠᠵᠤ᠂ ᠳᠠᠷᠤᠯᠠᠵᠤ᠂ ᠪᠣᠭᠤᠯᠴᠢᠯᠠᠬᠤ ᠶᠢ ᠤᠬᠳᠤ ᠵᠥᠪᠰᠢᠶᠡᠷᠡᠬᠦ ᠦᠭᠡᠢ᠂ ᠬᠡᠨ

ᠢᠩᠭᠢᠵᠦ ᠬᠢᠬᠦ ᠪᠠᠷ ᠭᠤᠷᠢᠳᠠᠪᠠᠯ᠂ ᠯᠠᠪᠲᠠᠢ 14 ᠳ᠋ᠦᠩᠰᠢᠭᠤᠷ ᠭᠠᠷᠤᠢ ᠳᠤᠮᠳᠠᠳᠤ ᠤᠯᠤᠰ ᠤᠨ ᠠᠷᠠᠳ ᠲᠦᠮᠡᠨ ᠤ

ᠴᠢᠰᠤ ᠮᠢᠬ᠎ᠠ ᠪᠠᠷ ᠢᠶᠠᠨ ᠴᠣᠭᠴᠠᠯᠠᠭᠰᠠᠨ ᠪᠤᠯᠤᠳ ᠲᠡᠮᠤᠷ ᠮᠡᠲᠦ ᠤᠷᠳᠤ ᠴᠠᠭᠠᠨ ᠬᠡᠷᠡᠮ ᠤᠨ ᠡᠮᠦᠨ᠎ᠡ ᠲᠣᠯᠣᠭᠠᠢ

ᠲᠦᠷᠦᠭᠦᠦ ᠪᠠᠨ ᠬᠠᠭᠠᠷᠠᠲᠠᠯ᠎ᠠ ᠮᠥᠷᠭᠦᠨ᠎ᠡ 》 ᠭᠡᠬᠦ ᠬᠦᠴᠦᠲᠡᠢ ᠲᠠᠭᠤᠨ ᠢ ᠰᠣᠨᠣᠰᠤᠭᠠᠳ᠂ ᠪᠦᠬᠦ ᠲᠠᠯ᠎ᠠ ᠶᠢᠨ ᠨᠠᠮ

 ᠤᠨ ᠭᠡᠰᠢᠭᠦᠨ ᠺᠠᠳ᠋ᠷ ᠠᠵᠢᠯᠳᠠᠨ ᠠᠵᠢᠯᠴᠢᠨ ᠴᠥᠮ ᠪᠠᠶᠠᠷᠯᠠᠯᠳᠤᠨ ᠬᠥᠭᠡᠷᠦᠯᠳᠦᠵᠦ᠂ ᠨᠠᠮ ᠪᠠᠶᠢᠭᠤᠯᠤᠭᠳᠠᠭᠰᠠᠨ

ᠵᠠᠭᠤᠨ ᠵᠢᠯ ᠤᠨ ᠤᠢ ᠶᠢᠨ ᠲᠠᠰᠢᠷᠠᠮ ᠳᠤ᠂ ᠨᠠᠮ ᠤᠨ ᠣᠶᠢᠯᠠᠭᠠᠭᠳᠠᠬᠤᠨ᠂ ᠨᠠᠮ ᠤᠨ ᠤᠬᠠᠮᠰᠠᠷ ᠢ ᠵᠥᠪ ᠪᠤᠢ

ᠪᠣᠯᠭᠠᠵᠤ᠂ ᠳᠤᠮᠳᠠᠳᠤ ᠤᠯᠤᠰ ᠤᠨ ᠵᠣᠷᠢᠭ ᠰᠠᠨᠠᠭ᠎ᠠ ᠶᠢ ᠪᠠᠶᠢᠭᠤᠯᠵᠤ᠂ ᠳᠤᠮᠳᠠᠳᠤ ᠤᠯᠤᠰ ᠤᠨ ᠬᠦᠴᠦᠨ ᠢ

ᠨᠢᠭᠲᠠᠷᠠᠭᠤᠯᠬᠤ ᠨᠢ ᠲᠤᠶᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ ᠭᠡᠵᠦ ᠢᠯᠡᠳᠬᠡᠵᠡᠭᠡᠪᠡ᠃ ᠡᠭᠦᠨ ᠤ

ᠬᠠᠮᠲᠤ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠢᠲᠡᠭᠡᠯ ᠪᠢᠰᠢᠷᠡᠯ᠂ ᠳᠤᠮᠳᠠᠳᠤ ᠤᠯᠤᠰ ᠤᠨ ᠣᠨᠴᠠᠯᠢᠭ

 ᠲᠠᠢ ᠨᠡᠶᠢᠭᠡᠮ ᠵᠢᠷᠤᠮ ᠤᠨ ᠢᠲᠡᠭᠡᠯ ᠪᠢᠰᠢᠷᠡᠯ ᠢ ᠨᠠᠰᠤᠨ ᠲᠤᠷᠰᠢᠳᠠ ᠶᠢᠨ ᠬᠥᠭᠡᠭᠡᠴᠡᠯᠳᠦᠯ ᠢᠶᠠᠨ ᠪᠣᠯᠭᠠᠵᠤ᠂ ᠨᠠᠮ

 ᠢᠶᠠᠨ ᠢᠲᠡᠭᠡᠵᠦ ᠨᠠᠮ ᠢᠶᠠᠨ ᠬᠠᠶᠢᠷᠠᠯᠠᠵᠤ ᠨᠠᠮ ᠤᠨ ᠲᠥᠯᠥᠭᠡ ᠵᠢᠳᠬᠦᠵᠦ᠂ ᠥᠪᠡᠷ ᠥᠪᠡᠷ ᠤᠨ ᠠᠵᠢᠯ ᠤᠨ ᠪᠠᠶᠢᠷᠢ

ᠳᠡᠭᠡᠷ᠎ᠡ ᠪᠠᠨ ᠡᠷᠡᠯᠬᠡᠭᠯᠡᠨ ᠲᠡᠮᠡᠴᠡᠵᠦ᠂ ᠡᠷᠬᠢᠮ ᠳᠡᠭᠡᠳᠦ ᠬᠦᠰᠡᠯᠡᠩ ᠤᠨ ᠲᠥᠯᠥᠭᠡ ᠲᠡᠮᠡᠴᠡᠬᠦ ᠦᠢᠯᠡᠳᠦᠯᠭᠡ ᠶᠢ

ᠲᠠᠰᠤᠷᠠᠯᠲᠠ ᠦᠭᠡᠢ ᠤᠷᠤᠭᠰᠢ ᠠᠬᠢᠭᠤᠯᠪᠠ  ᠃ ᠵᠠᠰᠠᠭ ᠤᠨ ᠶᠠᠪᠤᠳᠠᠯ ᠤᠨ ᠶᠡᠭᠡ ᠲᠢᠩᠬᠢᠮ ᠤᠨ ᠨᠠᠮ ᠤᠨ ᠭᠡᠰᠢᠭᠦᠨ

ᠺᠠᠳ᠋ᠷ ᠠᠵᠢᠯᠳᠠᠨ ᠠᠵᠢᠯᠴᠢᠨ ᠪᠣᠯᠤᠭᠰᠠᠨ ᠤ ᠬᠤᠪᠢ ᠳᠤ᠂ ᠠᠷᠠᠳ ᠤᠯᠠᠨ ᠳᠤ ᠰᠢᠭᠤᠳ ᠬᠠᠨᠳᠤᠬᠤ ᠪᠠᠷ ᠪᠠᠷᠠᠬᠤ

ᠦᠭᠡᠢ ᠪᠠᠰᠠ ᠨᠠᠮ ᠤᠨ ᠭᠡᠰᠢᠭᠦᠨ ᠤ ᠤᠯᠠᠨ ᠲᠦᠮᠡᠨ ᠤ ᠲᠥᠯᠥᠭᠡ ᠪᠣᠳᠣᠯᠬᠢᠯᠠᠵᠤ᠂ ᠤᠯᠠᠨ ᠲᠦᠮᠡᠨ ᠤ ᠲᠥᠯᠥᠭᠡ

ᠶᠠᠭᠠᠷᠠᠵᠤ ᠪᠠᠶᠢᠭ᠎ᠠ ᠠᠵᠢᠯ ᠶᠠᠪᠤᠳᠠᠯ ᠬᠢᠬᠦ ᠣᠶᠢᠯᠠᠭᠠᠭᠳᠠᠬᠤᠨ᠂ ᠨᠢᠭᠡ ᠰᠡᠳᠬᠢᠯ ᠢᠶᠠᠷ ᠨᠠᠮ ᠳᠤ ᠬᠠᠨᠳᠤᠵᠤ᠂ ᠪᠦᠬᠦ

ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠣᠶᠢᠯᠠᠭᠠᠭᠳᠠᠬᠤᠨ ᠢ ᠭᠦᠢᠴᠡᠳ

ᠪᠠᠳᠠᠷᠠᠭᠤᠯᠬᠤ ᠬᠡᠷᠡᠭᠲᠡᠢ᠃

 
ᠢᠷᠡᠯᠲᠡ᠄ ᠰᠢᠭᠤᠶᠢᠲᠤ ᠲᠣᠭᠤᠷᠢᠭ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号