ᠪᠦᠯᠬᠦᠮᠳᠡᠨ ᠬᠠᠮᠲᠤᠷᠠᠯᠴᠠᠵᠤ ᠬᠢᠵᠢᠭ ᠲᠠᠢ ᠲᠡᠮᠡᠴᠡᠨ ᠠᠵᠤ ᠠᠬᠤᠢ ᠶᠢᠨ ᠰᠡᠷᠭᠦᠯᠲᠡ ᠶᠢ ᠬᠦᠳᠦᠯᠥᠨ ᠳᠠᠭᠠᠭᠤᠯᠤᠶ᠎ᠠ | — ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ | ᠪᠠᠶᠢᠭᠤᠯᠤᠯᠲᠠ ᠶᠢᠨ ᠤᠳᠤᠷᠢᠳᠬᠤ ᠬᠥᠮᠦᠰ ᠤᠨ ᠠᠯᠪᠠᠨ ᠶᠣᠰᠣᠨ ᠤ ᠪᠤᠰᠤ ᠬᠤᠷᠠᠯ ᠳᠡᠭᠡᠷᠡᠬᠢ ᠶᠠᠷᠢᠶ᠎ᠠ | ︵2021 ᠣᠨ ᠤ 7 ᠰᠠᠷ᠎ᠠ ᠶᠢᠨ 16 ᠤ ᠡᠳᠦᠷ᠂ ᠪᠡᠭᠡᠵᠢᠩ ᠳᠤ︶ | ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠰᠢ ᠶᠢᠨ ᠫᠢᠩ | ᠬᠦᠨᠳᠦᠲᠦ ᠠᠷᠳᠧᠨ ᠶᠡᠷᠦᠩᠬᠡᠶ ᠰᠠᠶᠢᠳ ᠡ᠂ | ᠬᠠᠮᠲᠤ ᠠᠵᠢᠯᠯᠠᠭᠰᠠᠳ ᠡ᠄ | ᠡᠨᠡ ᠤᠳᠠᠭᠠᠨ ᠤ ᠬᠤᠷᠠᠯ ᠳᠤ ᠣᠷᠣᠯᠴᠠᠭᠰᠠᠨ ᠳᠠᠭᠠᠨ ᠮᠠᠰᠢ ᠪᠠᠶᠠᠷᠯᠠᠵᠤ ᠪᠠᠶᠢᠨ᠎ᠠ᠃ ᠶᠡᠷᠦᠩᠬᠡᠶ ᠰᠠᠶᠢᠳ ᠠᠷᠳᠧᠨ | ᠪᠣᠯᠤᠨ ᠰᠢᠨ᠎ᠡ ᠽᠧᠯᠡᠨᠳ᠋ ᠤᠨ ᠵᠠᠰᠠᠭ ᠤᠨ ᠣᠷᠳᠣᠨ ᠤ ᠡᠨᠡ ᠤᠳᠠᠭᠠᠨ ᠤ ᠬᠤᠷᠠᠯ ᠤᠨ ᠲᠥᠯᠥᠭᠡ ᠭᠠᠷᠭᠠᠭᠰᠠᠨ | ᠴᠢᠷᠮᠠᠶᠢᠯᠭ᠎ᠠ ᠳᠤ ᠲᠠᠯᠠᠷᠬᠠᠵᠤ ᠪᠠᠶᠢᠨ᠎ᠠ᠃ | ᠣᠳᠣᠬᠠᠨ ᠳᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠪᠠᠶᠢᠨ ᠲᠠᠬᠢᠨ ᠡᠭᠦᠰᠴᠦ᠂ | ᠸᠢᠷᠦ᠋ᠰ ᠪᠠᠶᠢᠨ ᠲᠠᠬᠢᠨ ᠤᠨᠳᠤᠤᠰᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠮᠥᠨ ᠬᠦ ᠬᠦᠨᠳᠦ | ᠨᠣᠴᠢᠲᠠᠢ ᠪᠠᠶᠢᠵᠤ᠂ ᠳᠡᠯᠡᠬᠡᠢ ᠶᠢᠨ ᠠᠵᠤ ᠠᠬᠤᠢ ᠰᠡᠷᠭᠦᠯᠲᠡ ᠪᠠᠭᠤᠷᠠᠢ ᠪᠠᠶᠢᠨ᠎ᠠ᠃ ᠡᠭᠦᠨ ᠤ ᠵᠡᠷᠬᠡ ᠪᠠᠷ᠂ ᠡᠩᠬᠡ ᠲᠠᠶᠢᠪᠤᠩ | ᠬᠢᠭᠡᠳ ᠬᠥᠭᠵᠢᠯᠲᠡ ᠮᠥᠨ ᠯᠡ ᠴᠠᠭ ᠦᠶ᠎ᠡ ᠶᠢᠨ ᠭᠤᠣᠯ ᠰᠡᠳᠦᠪ ᠪᠠᠶᠢᠵᠤ᠂ ᠤᠯᠠᠨ ᠲᠠᠯᠠᠲᠤ ᠦᠵᠡᠯ ᠢ ᠬᠠᠮᠠᠭᠠᠯᠠᠨ᠂ | ᠪᠦᠯᠬᠦᠮᠳᠡᠯ ᠬᠠᠮᠲᠤᠷᠠᠯᠴᠠᠭ᠎ᠠ ᠪᠠᠨ ᠴᠢᠩᠭᠠᠳᠬᠠᠵᠤ᠂ ᠥᠷᠢᠰᠥᠯᠳᠦᠭᠡᠨ ᠢ ᠬᠠᠮᠲᠤ ᠪᠠᠷ ᠠᠷᠭᠠᠴᠠᠭᠠᠬᠤ ᠬᠦᠰᠡᠯ ᠱᠠᠭᠠᠷᠳᠠᠯᠭ᠎ᠠ | ᠨᠡᠩ ᠴᠢᠩᠭ᠎ᠠ ᠪᠣᠯᠪᠠ᠃ | ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠪᠣᠯ ᠳᠡᠯᠡᠬᠡᠢ ᠶᠢᠨ ᠠᠵᠤ ᠠᠬᠤᠢ ᠶᠢᠨ ᠨᠡᠮᠡᠭᠳᠡᠯ ᠤᠨ ᠴᠢᠬᠤᠯᠠ | ᠬᠥᠳᠡᠯᠭᠡᠭᠦᠷ ᠮᠥᠨ᠃ ᠬᠢᠵᠢᠭ ᠤᠨ ᠪᠠᠶᠢᠳᠠᠯ ᠢ ᠡᠷᠲᠡᠬᠡᠨ ᠢᠯᠠᠨ ᠳᠠᠪᠠᠵᠤ᠂ ᠠᠵᠤ ᠠᠬᠤᠢ ᠶᠢᠨ ᠨᠡᠮᠡᠭᠳᠡᠯ ᠢ ᠰᠡᠷᠭᠦᠭᠡᠬᠦ ᠪᠣᠯ | ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠡᠯ᠎ᠡ ᠪᠦᠷᠢᠯᠳᠦᠬᠦᠨ ᠤ ᠣᠳᠣᠬᠠᠨ ᠤ ᠬᠠᠮᠤᠭ ᠤᠨ ᠴᠢᠬᠤᠯᠠ ᠡᠭᠦᠷᠭᠡ | ᠪᠣᠯᠤᠨ᠎ᠠ᠃ ᠬᠢᠵᠢᠭ ᠤᠨ ᠪᠠᠶᠢᠳᠠᠯ ᠡᠬᠦᠰᠦᠭᠰᠡᠨ ᠠᠴᠠ ᠨᠠᠭᠠᠰᠢ᠂ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠠᠵᠤ | ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠪᠦᠷᠢᠯᠳᠦᠬᠦᠨ ᠪᠦᠯᠬᠦᠮᠳᠡᠨ ᠨᠢᠭᠡᠳᠴᠦ᠂ ᠬᠢᠵᠢᠭ ᠲᠠᠢ | ᠲᠡᠮᠡᠴᠡᠬᠦ ᠬᠠᠮᠲᠤᠷᠠᠯᠴᠠᠭ᠎ᠠ ᠶᠢ ᠢᠳᠡᠪᠬᠢᠲᠡᠢ ᠥᠷᠨᠢᠭᠦᠯᠵᠦ᠂ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠠᠵᠤ ᠠᠬᠤᠢ | ᠤᠷᠢᠳ ᠢᠶᠠᠷ ᠰᠡᠷᠭᠦᠬᠦ ᠬᠠᠨᠳᠤᠰᠢ ᠶᠢ ᠪᠦᠷᠢᠯᠳᠦᠭᠦᠯᠵᠦ᠂ ᠳᠡᠯᠡᠬᠡᠢ ᠶᠢᠨ ᠠᠵᠤ ᠠᠬᠤᠢ ᠶᠢ ᠳᠠᠶᠢᠴᠢᠯᠠᠬᠤ ᠳᠤ ᠬᠤᠪᠢ ᠨᠡᠮᠡᠷᠢ | ᠦᠵᠡᠭᠦᠯᠪᠡ᠃ ᠪᠢᠳᠡ ᠨᠢᠳᠤᠨᠤᠨ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ | ᠵᠣᠬᠢᠶᠠᠨ ᠪᠠᠶᠢᠭᠤᠯᠤᠯᠲᠠ ᠶᠢᠨ 2040 ᠣᠨ ᠤ ᠠᠯᠤᠰ ᠤᠨ ᠲᠥᠰᠦᠪ ᠢ ᠪᠠᠲᠤᠯᠠᠵᠤ᠂ ᠨᠡᠭᠡᠭᠡᠯᠲᠡ ᠲᠠᠢ᠂ ᠠᠮᠢᠵᠢᠷᠠᠯ ᠤᠨ | ᠬᠦᠴᠦᠨ ᠲᠠᠢ᠂ ᠤᠶᠠᠨ ᠬᠠᠳᠠᠨ᠂ ᠡᠩᠬᠡ ᠲᠠᠶᠢᠪᠤᠩ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠬᠠᠮᠲᠤ ᠴᠣᠭᠴᠠ ᠶᠢ | ᠪᠠᠶᠢᠭᠤᠯᠬᠤ ᠬᠠᠷᠠᠯᠲᠠ ᠶᠢ ᠳᠤᠷᠠᠳᠴᠤ᠂ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠠᠵᠤ ᠠᠬᠤᠢ ᠶᠢᠨ | ᠬᠠᠮᠲᠤᠷᠠᠯᠴᠠᠭ᠎ᠠ ᠳᠤ ᠴᠢᠭᠯᠡᠯ ᠢ ᠵᠢᠭᠠᠵᠤ ᠥᠭᠪᠡ᠃ ᠣᠳᠣᠬᠠᠨ ᠤ ᠪᠠᠶᠢᠳᠠᠯ ᠳᠣᠣᠷ᠎ᠠ᠂ ᠪᠢᠳᠠ ᠪᠦᠯᠬᠦᠮᠳᠡᠯ | ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠢᠵᠢᠭ ᠤᠨ ᠪᠠᠶᠢᠳᠠᠯ ᠤᠨ ᠨᠥᠯᠥᠭᠡ ᠶᠢ ᠴᠢᠷᠮᠠᠶᠢᠨ ᠢᠯᠠᠨ ᠳᠠᠪᠠᠵᠤ᠂ ᠳᠡᠯᠡᠬᠡᠢ ᠶᠢᠨ | ᠠᠵᠤ ᠠᠬᠤᠢ ᠶᠢᠨ ᠰᠡᠷᠭᠦᠯᠲᠡ ᠶᠢ ᠠᠬᠢᠭᠤᠯᠤᠶ᠎ᠠ᠃ | ᠨᠢᠭᠡᠳᠦᠭᠡᠷ ᠲᠤ᠂ ᠬᠢᠵᠢᠭ ᠲᠠᠢ ᠲᠡᠮᠡᠴᠡᠬᠦ ᠤᠯᠠᠨ ᠤᠯᠤᠰ ᠤᠨ ᠬᠠᠮᠲᠤᠷᠠᠯᠴᠠᠭ᠎ᠠ ᠶᠢ ᠴᠢᠩᠭᠠᠳᠬᠠᠶ᠎ᠠ᠃ ᠪᠢᠳᠡ ᠨᠢᠭᠡᠨ | ᠪᠥᠮᠪᠥᠷᠴᠡᠭ ᠲᠣᠰᠬᠤᠨ ᠳᠤ ᠠᠮᠢᠳᠤᠷᠠᠵᠤ᠂ ᠡᠯ᠎ᠡ ᠤᠯᠤᠰ ᠤᠨ ᠵᠢᠷᠭᠠᠯ ᠵᠣᠪᠠᠯᠠᠩ ᠬᠤᠯᠪᠤᠭ᠎ᠠ ᠲᠠᠢ ᠪᠠᠶᠢᠵᠤ᠂ ᠬᠤᠪᠢ | ᠵᠠᠶᠠᠭ᠎ᠠ ᠪᠠᠨ ᠬᠠᠮᠲᠤᠳᠬᠠᠭᠰᠠᠨ ᠢ ᠬᠢᠵᠢᠭ ᠤᠨ ᠪᠠᠶᠢᠳᠠᠯ ᠳᠠᠬᠢᠨᠲᠠ ᠭᠡᠷᠡᠴᠢᠯᠡᠪᠡ᠃ ᠪᠢᠳᠡ ᠡᠷᠬᠡᠪᠰᠢ ᠪᠦᠯᠬᠦᠮᠳᠡᠨ | ᠬᠠᠮᠲᠤᠷᠠᠯᠴᠠᠵᠤ᠂ ᠴᠠᠭ ᠤᠨ ᠪᠡᠷᠬᠡ ᠶᠢ ᠬᠠᠮᠲᠤ ᠪᠠᠷ ᠲᠤᠭᠤᠯᠵᠤ᠂ ᠬᠥᠮᠦᠨ ᠲᠥᠷᠥᠯᠬᠢᠲᠡᠨ ᠤ ᠡᠷᠡᠭᠦᠯ ᠮᠡᠨᠳᠦ ᠰᠠᠶᠢᠨ | ᠰᠠᠶᠢᠬᠠᠨ ᠢᠷᠡᠭᠡᠳᠦᠢ ᠶᠢ ᠬᠠᠮᠲᠤ ᠪᠠᠷ ᠰᠠᠬᠢᠨ ᠬᠠᠮᠠᠭᠠᠯᠠᠬᠤ ᠬᠡᠷᠡᠭᠲᠡᠢ᠃ ᠸᠠᠺᠼᠢᠨ ᠲᠠᠷᠢᠬᠤ ᠪᠣᠯ ᠬᠢᠵᠢᠭ ᠤᠨ ᠪᠠᠶᠢᠳᠠᠯ ᠢ | ᠢᠯᠠᠬᠤ ᠪᠠ ᠠᠵᠤ ᠠᠬᠤᠶ ᠶᠢ ᠰᠡᠷᠭᠦᠭᠡᠬᠦ ᠬᠦᠴᠦᠲᠦ ᠵᠡᠪᠰᠡᠭ ᠮᠥᠨ᠃ ᠳᠤᠮᠳᠠᠳᠤ ᠤᠯᠤᠰ ᠸᠠᠺᠼᠢᠨ ᠤ ᠤᠯᠠᠨ ᠤᠯᠤᠰ ᠤᠨ | ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠸᠠᠺᠼᠢᠨ ᠤ ᠲᠠᠷᠢᠯᠭ᠎ᠠ ᠶᠢᠨ ᠬᠥᠭᠵᠢᠵᠦ ᠪᠠᠶᠢᠭ᠎ᠠ ᠤᠯᠤᠰ ᠲᠠᠬᠢ ᠪᠣᠯᠤᠮᠵᠢᠲᠤ | ᠴᠢᠨᠠᠷ ᠪᠠ ᠡᠭᠦᠷᠭᠡᠯᠡᠵᠦ ᠪᠣᠯᠬᠤᠶᠢᠴᠠ ᠴᠢᠨᠠᠷ ᠢ ᠪᠠᠲᠤᠯᠠᠵᠤ᠂ ᠸᠠᠺᠼᠢᠨ ᠢ ᠪᠦᠬᠦ ᠪᠥᠮᠪᠥᠷᠴᠡᠭ ᠤᠨ ᠤᠯᠠᠨ ᠨᠡᠶᠢᠲᠡ ᠶᠢᠨ | ᠦᠢᠯᠡᠳᠬᠦᠨ ᠪᠣᠯᠭᠠᠬᠤ ᠶᠢ ᠢᠮᠠᠭᠲᠠ ᠵᠣᠷᠢᠭᠰᠠᠭᠠᠷ ᠢᠷᠡᠵᠠᠢ᠃ ᠳᠤᠮᠳᠠᠳᠤ ᠤᠯᠤᠰ ᠲᠣᠰ ᠪᠡᠶ᠎ᠡ ᠶᠢᠨ ᠶᠡᠭᠡ ᠬᠡᠪᠴᠢᠶ᠎ᠠ ᠪᠠᠷ | ᠲᠠᠷᠢᠯᠭ᠎ᠠ ᠬᠢᠬᠦ ᠠᠴᠠ ᠪᠣᠯᠤᠭᠰᠠᠨ ᠥᠷᠢᠰᠥᠯᠳᠦᠭᠡᠨ ᠢ ᠢᠯᠡᠨ ᠳᠠᠪᠠᠵᠤ᠂ ᠬᠥᠭᠵᠢᠵᠦ ᠪᠠᠶᠢᠭ᠎ᠠ ᠤᠯᠤᠰ ᠲᠤ 5 ᠳ᠋ᠦᠩᠰᠢᠭᠤᠷ | ᠭᠠᠷᠤᠶ ᠲᠠᠷᠢᠯᠭ᠎ᠠ ᠶᠢᠨ ᠸᠠᠺᠼᠢᠨ ᠢ ᠬᠠᠩᠭᠠᠪᠠ᠂ ᠢᠷᠡᠬᠦ 3 ᠵᠢᠯ ᠤᠨ ᠳᠣᠲᠣᠷ᠎ᠠ ᠪᠠᠰᠠ 30 ᠳ᠋ᠦᠩᠰᠢᠭᠤᠷ ᠳ᠋ᠣᠯᠯᠠᠷ ᠤᠨ | ᠣᠯᠠᠨ ᠤᠯᠤᠰ ᠤᠨ ᠲᠤᠰᠠᠯᠠᠮᠵᠢ ᠬᠠᠩᠭᠠᠵᠤ᠂ ᠬᠥᠭᠵᠢᠵᠦ ᠪᠠᠶᠢᠭ᠎ᠠ ᠤᠯᠤᠰ ᠤᠳ ᠤᠨ ᠬᠢᠵᠢᠭ ᠲᠠᠢ ᠲᠡᠮᠡᠴᠡᠬᠦ ᠪᠠ ᠠᠵᠤ | ᠠᠬᠤᠶ ᠨᠡᠶᠢᠭᠡᠮ ᠤᠨ ᠬᠥᠭᠵᠢᠯᠲᠡ ᠶᠢ ᠰᠡᠷᠭᠦᠭᠡᠬᠦ ᠶᠢ ᠳᠡᠮᠵᠢᠬᠦ ᠳᠤ ᠬᠡᠷᠡᠭᠯᠡᠨ᠎ᠡ᠃ ᠳᠤᠮᠳᠠᠳᠤ ᠤᠯᠤᠰ ᠰᠢᠨ᠎ᠡ ᠲᠢᠲᠢᠮᠯᠢᠭ | ᠠᠭᠤᠰᠬᠢᠨ ᠦᠷᠪᠢᠰᠦᠯ ᠤᠨ ᠸᠠᠺᠼᠢᠨ ᠤ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠡᠯᠲᠦᠷᠢᠭᠦᠯᠦᠯ ᠢ ᠳᠡᠮᠵᠢᠵᠦ᠂ | ᠳᠤᠷᠠᠲᠠᠶ᠎ᠠ ᠡᠯ᠎ᠡ ᠲᠠᠯ᠎ᠠ ᠶᠢᠨ ᠬᠢᠨ ᠲᠠᠢ ᠬᠠᠮᠲᠤ ᠪᠠᠷ ᠳᠡᠯᠡᠬᠡᠶ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠵᠡᠷᠭᠡ ᠣᠯᠠᠨ | ᠤᠯᠤᠰ ᠤᠨ ᠪᠠᠶᠢᠭᠤᠯᠤᠮᠵᠢ ᠶᠢᠨ ᠡᠷᠲᠡᠬᠡᠨ ᠲᠣᠭᠲᠠᠭᠠᠯ ᠭᠠᠷᠭᠠᠬᠤ ᠶᠢ ᠠᠬᠢᠭᠤᠯᠤᠨ᠎ᠠ᠃ ᠳᠤᠮᠳᠠᠳᠤ ᠤᠯᠤᠰ ᠳᠤᠷᠠᠲᠠᠶ᠎ᠠ | ᠸᠠᠺᠼᠢᠨ ᠤ ᠬᠠᠩᠭᠠᠯᠭ᠎ᠠ ᠶᠢᠨ ᠬᠡᠯᠬᠢᠶ᠎ᠡ ᠶᠢᠨ ᠠᠮᠤᠷ ᠲᠦᠪᠰᠢᠨ ᠢ ᠪᠠᠲᠤᠯᠠᠬᠤ᠂ ᠵᠠᠩᠭᠢᠯᠠᠭ᠎ᠠ ᠶᠢᠨ ᠡᠳ᠋ ᠪᠣᠳᠠᠰ ᠤᠨ | ᠭᠦᠢᠯᠭᠡᠭᠡ ᠶᠢ ᠠᠬᠢᠭᠤᠯᠬᠤ ᠵᠡᠷᠭᠡ ᠬᠠᠮᠲᠤᠷᠠᠯᠴᠠᠭᠠᠨ ᠤ ᠰᠠᠨᠠᠭᠠᠴᠢᠯᠠᠭ᠎ᠠ ᠳᠤ ᠢᠳᠡᠪᠬᠢᠲᠡᠶ ᠣᠷᠣᠯᠴᠠᠵᠤ᠂ ᠪᠦᠲᠦᠮᠵᠢᠲᠡᠶ | ᠠᠷᠭ᠎ᠠ ᠬᠡᠮᠵᠢᠶ᠎ᠡ ᠠᠪᠴᠤ ᠬᠥᠮᠦᠰ ᠤᠨ ᠡᠷᠡᠭᠦᠯ ᠮᠡᠨᠳᠦ ᠠᠮᠤᠷ ᠲᠦᠪᠰᠢᠨ ᠡᠮᠬᠢ ᠵᠢᠷᠤᠮ ᠲᠠᠢ ᠶᠠᠪᠤᠯᠴᠠᠭ᠎ᠠ ᠶᠢ ᠪᠠᠲᠤᠯᠠᠵᠤ᠂ | ᠭᠠᠵᠠᠷ ᠣᠷᠣᠨ ᠤ ᠠᠵᠤ ᠠᠬᠤᠶ ᠠᠷᠠᠯᠵᠢᠶᠠᠨ ᠤ ᠬᠠᠮᠲᠤᠷᠠᠯᠴᠠᠭ᠎ᠠ ᠶᠢᠨ ᠡᠷᠲᠡᠬᠡᠨ ᠬᠡᠪ ᠤᠨ ᠪᠠᠶᠢᠳᠠᠯ ᠢᠶᠠᠨ ᠰᠡᠷᠭᠦᠭᠡᠬᠦ ᠶᠢ | ᠠᠬᠢᠭᠤᠯᠤᠨ᠎ᠠ᠃ ᠳᠤᠮᠳᠠᠳᠤ ᠤᠯᠤᠰ ᠠᠴᠠ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠠᠵᠤ ᠠᠬᠤᠢ ᠶᠢᠨ | ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠳᠤ ᠪᠡᠯᠡ ᠮᠦᠩᠭᠦ ᠬᠠᠨᠳᠢᠪᠯᠠᠵᠤ ︽ᠬᠢᠵᠢᠭ ᠤᠨ ᠪᠠᠶᠢᠳᠠᠯ ᠢ ᠠᠷᠭᠠᠴᠠᠭᠠᠬᠤ | ᠪᠠ ᠠᠵᠤ ᠠᠬᠤᠢ ᠶᠢᠨ ᠰᠡᠷᠭᠦᠯᠲᠡ︾ ᠶᠢᠨ ᠬᠤᠪᠢᠶᠠᠷᠢ ᠰᠠᠭᠤᠷᠢ ᠮᠥᠩᠭᠦ ᠶᠢ ᠪᠠᠶᠢᠭᠤᠯᠤᠭᠰᠠᠨ ᠨᠢ ᠠᠽᠢᠶ᠎ᠠ ᠲᠢᠪ ᠨᠣᠮᠣᠬᠠᠨ | ᠳᠠᠯᠠᠢ ᠶᠢᠨ ᠣᠷᠣᠨ ᠤ ᠠᠵᠤ ᠠᠬᠤᠢ ᠶᠢᠨ ᠴᠣᠭᠴᠠ ᠶᠢᠨ ᠡᠷᠲᠡᠬᠡᠨ ᠬᠢᠵᠢᠭ ᠤᠨ ᠪᠠᠶᠢᠳᠠᠯ ᠢ ᠢᠯᠠᠨ ᠳᠠᠪᠠᠵᠤ᠂ ᠠᠵᠤ | ᠠᠬᠤᠢ ᠶᠢᠨ ᠰᠡᠷᠭᠦᠯᠲᠡ ᠶᠢ ᠪᠡᠶᠡᠯᠡᠭᠦᠯᠬᠦ ᠳᠤ ᠠᠰᠢᠭᠲᠠᠢ ᠶᠤᠮ᠃ | ᠬᠤᠶᠠᠳᠤᠭᠠᠷ ᠲᠤ᠂ ᠣᠷᠣᠨ ᠪᠦᠰᠡ ᠶᠢᠨ ᠠᠵᠤ ᠠᠬᠤᠢ ᠶᠢᠨ ᠨᠢᠭᠡ ᠴᠤᠭᠴᠠᠵᠢᠯᠳᠠ ᠶᠢ ᠭᠦᠨᠵᠡᠭᠡᠶᠢᠷᠡᠭᠦᠯᠦᠶᠠ᠃ | ᠨᠡᠭᠡᠭᠡᠯᠲᠡᠳᠤ ᠠᠭᠤᠰᠤᠯᠴᠠᠨ ᠨᠡᠪᠲᠡᠷᠡᠯᠴᠡᠬᠦ ᠪᠣᠯ ᠶᠡᠭᠡ ᠬᠠᠨᠳᠤᠰᠢ ᠮᠥᠨ᠃ ᠪᠢᠳᠡ ᠠᠷᠠᠯᠵᠢᠶ᠎ᠠ ᠪᠣᠯᠤᠨ ᠪᠡᠯᠡ | ᠣᠷᠣᠭᠤᠯᠤᠯᠲᠠ ᠶᠢ ᠴᠢᠯᠦᠭᠡᠳᠠᠢ ᠪᠠ ᠳᠦᠭᠦᠮ ᠪᠤᠯᠭᠠᠬᠤ ᠶᠢ ᠠᠬᠢᠭᠤᠯᠵᠤ᠂ ᠳᠡᠯᠡᠬᠡᠢ ᠶᠢᠨ ᠠᠷᠠᠯᠵᠢᠶᠠᠨ ᠤ ᠵᠣᠬᠢᠶᠠᠨ | ᠪᠠᠶᠢᠭᠤᠯᠤᠯᠲᠠ ᠪᠠᠷ ᠭᠤᠣᠯ ᠪᠣᠯᠭᠠᠭᠰᠠᠨ ᠤᠯᠠᠨ ᠲᠠᠯᠠᠲᠤ ᠠᠷᠠᠯᠵᠢᠶᠠᠨ ᠤ ᠪᠠᠶᠢᠭᠤᠯᠤᠮᠵᠢ ᠶᠢ ᠬᠠᠮᠠᠭᠠᠯᠠᠶ᠎ᠠ᠃ ᠪᠢᠳᠡ ᠬᠡᠷᠡᠮ ᠢ | ᠨᠤᠷᠠᠭᠠᠬᠤ ᠠᠴᠠ ᠪᠢᠰᠢ ᠬᠡᠷᠡᠮ ᠪᠠᠷᠢᠵᠤ ᠪᠣᠯᠬᠤ ᠦᠭᠡᠢ᠂ ᠨᠡᠬᠡᠬᠡᠯᠳᠡ ᠬᠢᠬᠦ ᠠᠴᠠ ᠪᠢᠰᠢ ᠲᠤᠰᠠᠭᠠᠷᠯᠠᠵᠤ ᠪᠣᠯᠬᠤ ᠦᠭᠡᠢ᠂ | ᠠᠭᠤᠰᠤᠯᠴᠠᠬᠤ ᠠᠴᠠ ᠪᠢᠰᠢ ᠬᠠᠷᠢᠯᠴᠠᠭ᠎ᠠ ᠪᠠᠨ ᠲᠠᠰᠤᠯᠵᠤ ᠪᠣᠯᠬᠤ ᠦᠭᠡᠢ᠂ ᠠᠵᠤ ᠠᠬᠤᠢ ᠶᠢᠨ ᠳᠡᠯᠡᠬᠡᠶᠢᠵᠢᠯᠲᠡ ᠶᠢ ᠨᠡᠩ | ᠨᠡᠭᠡᠭᠡᠯᠲᠡᠲᠡᠢ᠂ ᠪᠠᠭᠲᠠᠭᠠᠮᠵᠢᠲᠠᠢ᠂ ᠲᠦᠭᠡᠮᠡᠯ ᠠᠰᠢᠭ ᠬᠦᠷᠲᠡᠭᠡᠬᠦ᠂ ᠲᠡᠩᠴᠡᠭᠦᠷᠢᠲᠡᠢ᠂ ᠬᠠᠮᠲᠤ ᠪᠠᠷ ᠠᠰᠢᠭ ᠬᠦᠷᠳᠡᠬᠦ ᠴᠢᠭᠯᠡᠯ | ᠲᠡᠶᠢᠰᠢ ᠬᠥᠭᠵᠢᠬᠦ ᠶᠢ ᠬᠦᠳᠦᠯᠥᠨ ᠳᠠᠭᠠᠭᠤᠯᠤᠶ᠎ᠠ᠃ ᠪᠢᠳᠡ ᠬᠤᠷᠸ᠎ᠠ ᠠᠵᠤ ᠠᠬᠤᠢ ᠶᠢᠨ ᠲᠦᠷᠦ ᠶᠢᠨ ᠪᠤᠳᠤᠯᠭ᠎ᠠ ᠶᠢᠨ | ᠵᠣᠬᠢᠴᠠᠭᠤᠯᠭ᠎ᠠ ᠪᠠᠨ ᠴᠢᠩᠭᠠᠳᠬᠠᠵᠤ᠂ ᠨᠠᠵᠠᠭᠠᠢ ᠲᠠᠯ᠎ᠠ ᠶᠢᠨ ᠪᠢᠯᠬᠠᠬᠤ ᠦᠢᠯᠡᠳᠦᠯ ᠢ ᠬᠤᠷᠢᠬᠯᠠᠵᠤ᠂ ᠠᠽᠢᠶ᠎ᠠ ᠲᠢᠪ | ᠨᠣᠮᠣᠬᠠᠨ ᠳᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠬᠤᠯᠪᠣᠯᠳᠤᠨ | ᠨᠡᠪᠲᠡᠷᠡᠯᠴᠡᠬᠦ ᠵᠢᠷᠤᠭ ᠲᠥᠯᠥᠪᠯᠡᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠣᠭᠠᠴᠢᠯᠠᠯᠳᠠ ᠶᠢᠨ ᠬᠤᠯᠪᠣᠯᠳᠤᠨ | ᠨᠡᠪᠲᠡᠷᠡᠯᠴᠡᠬᠦ ᠬᠠᠮᠲᠤᠷᠠᠯᠴᠠᠭ᠎ᠠ ᠶᠢ ᠠᠬᠢᠭᠤᠯᠤᠶ᠎ᠠ᠃ ᠪᠢᠳᠡ ᠣᠷᠣᠨ ᠪᠦᠰᠡ ᠶᠢᠨ ᠠᠵᠤ ᠠᠬᠤᠢ ᠶᠢᠨ ᠨᠢᠭᠡ | ᠴᠤᠭᠴᠠᠵᠢᠯᠳᠠ ᠶᠢ ᠠᠬᠢᠭᠤᠯᠵᠤ᠂ ᠥᠨᠳᠥᠷ ᠲᠦᠪᠰᠢᠨ ᠲᠠᠢ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠴᠢᠯᠥᠭᠡᠲᠦ | ᠠᠷᠠᠯᠵᠢᠶᠠᠨ ᠤ ᠣᠷᠣᠨ ᠢ ᠡᠷᠲᠡᠬᠡᠨ ᠪᠠᠶᠢᠭᠤᠯᠤᠶ᠎ᠠ᠃ ᠳᠤᠮᠳᠠᠳᠤ ᠤᠯᠤᠰ ᠨᠢᠭᠡᠨᠲᠡ ᠣᠷᠣᠨ ᠪᠦᠰᠡ ᠶᠢᠨ ᠪᠦᠬᠦ ᠲᠠᠯ᠎ᠠ ᠶᠢᠨ | ᠠᠵᠤ ᠠᠬᠤᠢ ᠶᠢᠨ ᠬᠠᠨᠢᠲᠠᠨ ᠤ ᠬᠠᠷᠢᠯᠴᠠᠭ᠎ᠠ ᠶᠢᠨ ᠬᠡᠯᠡᠯᠴᠡᠭᠡᠷ ᠢ ᠬᠢᠨᠠᠨ ᠵᠥᠪᠰᠢᠶᠡᠷᠡᠬᠦ ᠠᠵᠢᠯ ᠢ ᠲᠦᠷᠦᠭᠦᠯᠡᠨ ᠪᠡᠶᠡᠯᠡᠭᠦᠯᠵᠦ | ᠂ ᠬᠡᠯᠡᠯᠴᠡᠭᠡᠷ ᠡᠨᠡ ᠵᠢᠯ ᠵᠢᠩᠬᠢᠨᠢ ᠪᠠᠷ ᠬᠦᠴᠦᠨ ᠲᠠᠢ ᠪᠣᠯᠬᠤ ᠶᠢ ᠬᠦᠰᠡᠨ ᠬᠦᠯᠢᠶᠡᠵᠤ ᠪᠠᠶᠢᠨ᠎ᠠ᠃ | ᠭᠤᠷᠪᠠᠳᠤᠭᠠᠷ ᠲᠤ᠂ ᠪᠠᠭᠲᠠᠭᠠᠮᠵᠢᠲᠠᠢ ᠦᠷᠭᠦᠯᠵᠢᠯᠡᠬᠦ ᠬᠥᠭᠵᠢᠯᠲᠡ ᠶᠢ ᠪᠠᠷᠢᠮᠲᠠᠯᠠᠶ᠎ᠠ᠃ ᠳᠡᠯᠡᠬᠡᠶ ᠶᠢᠨ ᠪᠥᠮᠪᠥᠷᠴᠡᠭ | ᠪᠣᠯ ᠬᠥᠮᠦᠨ ᠲᠥᠷᠥᠯᠬᠢᠲᠡᠨ ᠤ ᠣᠷᠣᠰᠢᠨ ᠲᠣᠭᠲᠠᠨᠢᠬᠤ ᠴᠣᠷ ᠤᠨ ᠭᠠᠭᠴᠠ ᠭᠡᠷ ᠣᠷᠣᠨ ᠮᠥᠨ᠃ ᠪᠢᠳᠡ ᠬᠥᠮᠦᠨ ᠢᠶᠠᠷ | ᠦᠨᠳᠦᠰᠦ ᠪᠣᠯᠭᠠᠬᠤ ᠶᠢ ᠪᠠᠷᠢᠮᠲᠠᠯᠠᠵᠤ᠂ ᠰᠠᠶᠢᠨ ᠰᠠᠶᠢᠬᠠᠨ ᠠᠮᠢ ᠠᠬᠤᠢ ᠤᠷᠴᠢᠨ ᠲᠤᠭᠤᠷᠢᠨ ᠢ ᠪᠦᠬᠦ ᠪᠥᠮᠪᠥᠷᠴᠡᠭ ᠤᠨ | ᠠᠵᠤ ᠠᠬᠤᠢ ᠨᠡᠶᠢᠭᠡᠮ ᠤᠨ ᠦᠷᠭᠦᠯᠵᠢᠯᠡᠬᠦ ᠬᠥᠭᠵᠢᠯᠲᠡ ᠶᠢᠨ ᠴᠢᠬᠤᠯᠠ ᠲᠤᠯᠭᠠᠭᠤᠷᠢᠯᠡᠯ ᠪᠣᠯᠭᠠᠵᠤ᠂ ᠪᠣᠬᠢᠷᠲᠤᠯ ᠦᠭᠡᠢ | ᠨᠡᠮᠡᠭᠳᠡᠯ ᠢ ᠪᠡᠶᠡᠯᠡᠭᠦᠯᠦᠶ᠎ᠠ᠃ ᠳᠤᠮᠳᠠᠳᠤ ᠤᠯᠤᠰ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠡᠭᠠᠬᠤ ᠶᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ 2030 ᠣᠨ ᠠᠴᠠ ᠡᠮᠦᠨ᠎ᠡ ᠨᠡᠭᠦᠷᠡᠰᠦᠲᠥ᠋ᠷᠥᠭᠴᠢ ᠶᠢ ᠪᠠᠭᠠᠰᠬᠠᠬᠤ᠂ 2060 ᠣᠨ | ᠠᠴᠠ ᠡᠮᠦᠨ᠎ᠡ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ ᠪᠡᠶᠡᠯᠡᠭᠦᠯᠬᠦ ᠪᠠᠷ ᠴᠢᠷᠮᠠᠶᠢᠨ᠎ᠠ᠃ ᠳᠤᠮᠳᠠᠳᠤ ᠤᠯᠤᠰ | ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭ᠎ᠠ ᠶᠢᠨ ᠦᠷᠭᠦᠯᠵᠢᠯᠡᠬᠦ ᠬᠥᠭᠵᠢᠯᠲᠡ ᠶᠢᠨ | ᠬᠠᠮᠲᠤᠷᠠᠯᠴᠠᠭ᠎ᠠ ᠥᠷᠨᠢᠭᠦᠯᠬᠦ ᠶᠢ ᠳᠡᠮᠵᠢᠵᠦ᠂ ᠣᠷᠴᠢᠨ ᠲᠣᠭᠤᠷᠢᠨ ᠤ ᠦᠢᠯᠡᠳᠬᠦᠨ ᠤ ᠭᠠᠶᠢᠯᠢ ᠶᠢ ᠪᠠᠭᠤᠷᠠᠭᠤᠯᠬᠤ ᠨᠠᠷᠢᠨ | ᠳᠠᠩᠰᠠ ᠶᠢ ᠲᠡᠭᠦᠯᠳᠡᠷᠵᠢᠭᠦᠯᠵᠦ᠂ ᠡᠨᠧᠷᠭᠢ ᠶᠢᠨ ᠥᠨᠳᠥᠷ ᠪᠦᠲᠦᠮᠵᠢᠲᠡᠢ᠂ ᠠᠷᠢᠭᠤᠨ ᠴᠡᠪᠡᠷ᠂ ᠤᠯᠠᠨ ᠡᠰᠢᠵᠢᠭᠰᠡᠨ | ᠬᠥᠭᠵᠢᠯᠲᠡ ᠲᠡᠶᠢᠰᠢ ᠬᠥᠭᠵᠢᠬᠦ ᠶᠢ ᠠᠬᠢᠭᠤᠯᠤᠨ᠎ᠠ᠃ ᠪᠢᠳᠡ ᠠᠵᠤ ᠠᠬᠤᠢ ᠮᠡᠷᠭᠡᠵᠢᠯ ᠤᠨ ᠬᠠᠮᠲᠤᠷᠠᠯᠴᠠᠭ᠎ᠠ ᠪᠠᠨ | ᠴᠢᠩᠭᠠᠳᠬᠠᠵᠤ᠂ ᠪᠠᠭᠲᠠᠭᠠᠮᠵᠢᠲᠤ ᠴᠢᠨᠠᠷᠲᠠᠢ ᠠᠷᠠᠯᠵᠢᠶᠠᠨ ᠤ ᠪᠡᠯᠡ ᠣᠷᠣᠭᠤᠯᠤᠯᠲᠠ ᠶᠢ ᠠᠬᠢᠭᠤᠯᠵᠤ᠂ ᠳᠤᠮᠳᠠ ᠪᠠᠭ᠎ᠠ ᠠᠵᠤ | ᠠᠬᠤᠶᠢᠯᠠᠯ ᠤᠨ ᠬᠥᠭᠵᠢᠯᠲᠡ ᠶᠢ ᠳᠡᠮᠵᠢᠵᠦ᠂ ᠡᠮᠡᠭᠲᠡᠶᠢᠴᠦᠳ ᠵᠡᠷᠭᠡ ᠪᠠᠭᠤᠷᠠᠶᠢᠴᠤᠤᠯ ᠢ ᠳᠡᠮᠵᠢᠬᠦ ᠡᠷᠴᠢᠮ ᠢᠶᠠᠨ | ᠴᠢᠩᠭᠠᠷᠠᠭᠤᠯᠵᠤ᠂ ᠲᠦᠢᠯ ᠤᠨ ᠶᠠᠳᠠᠭᠤ ᠬᠦᠴᠢᠷᠳᠡᠯ ᠢ ᠠᠷᠢᠯᠭᠠᠭᠰᠠᠨ ᠲᠤᠷᠰᠢᠯᠭ᠎ᠠ ᠪᠠᠨ ᠬᠤᠪᠢᠶᠠᠯᠴᠠᠵᠤ᠂ 2030 ᠣᠨ ᠤ | ᠦᠷᠭᠦᠯᠵᠢᠯᠡᠬᠦ ᠬᠥᠭᠵᠢᠯᠲᠡ ᠶᠢᠨ ᠵᠥᠪᠯᠡᠬᠦ ᠵᠦᠢᠯ ᠢ ᠴᠢᠷᠮᠠᠶᠢᠨ ᠨᠠᠶᠢᠳᠠᠪᠤᠷᠢᠵᠢᠭᠤᠯᠤᠶ᠎ᠠ᠃ | ᠳᠥᠷᠪᠡᠳᠦᠭᠡᠷ ᠲᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠵᠠ ᠲᠣᠬᠢᠶᠠᠯ ᠢ | ᠡᠵᠡᠮᠳᠡᠶ᠎ᠠ᠃ ᠲᠣᠭᠠᠴᠢᠯᠠᠭᠰᠠᠨ ᠠᠵᠤ ᠠᠬᠤᠢ ᠪᠣᠯ ᠳᠡᠯᠡᠬᠡᠢ ᠶᠢᠨ ᠠᠵᠤ ᠠᠬᠤᠢ ᠶᠢᠨ ᠬᠥᠭᠵᠢᠯᠲᠡ ᠶᠢᠨ ᠴᠢᠬᠤᠯᠠ ᠴᠢᠭᠯᠡᠯ | ᠪᠣᠯᠤᠨ᠎ᠠ᠃ ᠪᠦᠬᠦ ᠪᠥᠮᠪᠥᠷᠴᠡᠭ ᠤᠨ ᠲᠣᠭᠠᠴᠢᠯᠠᠭᠰᠠᠨ ᠠᠵᠤ ᠠᠬᠤᠢ ᠪᠣᠯ ᠨᠡᠬᠡᠬᠡᠯᠳᠡ ᠲᠠᠢ ᠪᠦᠬᠡᠳ ᠨᠢᠭᠲᠠ | ᠬᠤᠯᠪᠣᠯᠳᠤᠬᠰᠠᠨ ᠪᠦᠬᠦᠯᠢ ᠴᠣᠭᠴᠠ ᠮᠥᠨ᠂ ᠬᠠᠮᠲᠤᠷᠠᠯᠴᠠᠵᠤ ᠬᠠᠮᠲᠤ ᠪᠠᠷ ᠠᠰᠢᠭ ᠬᠦᠷᠳᠡᠬᠦ ᠪᠣᠯ ᠴᠤᠷ ᠤᠨ ᠭᠠᠭᠴᠠ | ᠵᠥᠪ ᠵᠠᠮ ᠮᠥᠨ᠂ ᠪᠢᠲᠡᠭᠦᠮᠵᠢᠯᠡᠵᠤ ᠪᠤᠰᠤᠳ ᠢ ᠭᠠᠳᠠᠭᠤᠷᠴᠢᠯᠠᠵᠤ᠂ ᠡᠰᠡᠷᠭᠦᠴᠡᠯᠳᠦᠨ ᠬᠠᠭᠠᠴᠠᠭᠤᠯᠬᠤ ᠨᠢ ᠵᠦᠪᠬᠡᠨ | ᠮᠤᠬᠤᠷ ᠭᠤᠳᠤᠮᠵᠢᠨ ᠳᠤ ᠯᠡ ᠣᠷᠣᠨ᠎ᠠ᠃ ᠪᠢᠳᠡ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠠᠵᠤ ᠠᠬᠤᠢ ᠶᠢᠨ | ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠢᠨᠲ᠋ᠧᠷ ᠰᠦᠯᠵᠢᠶ᠎ᠡ ᠪᠠ ᠲᠣᠭᠠᠴᠢᠯᠠᠭᠰᠠᠨ ᠠᠵᠤ ᠠᠬᠤᠢ ᠶᠢᠨ ᠵᠠᠮ | ᠱᠤᠭᠤᠮ ᠤᠨ ᠵᠢᠷᠤᠭ ᠢ ᠪᠦᠬᠦ ᠲᠠᠯ᠎ᠠ ᠪᠠᠷ ᠲᠡᠩᠴᠡᠭᠦᠷᠢᠲᠡᠢ ᠨᠠᠶᠢᠳᠠᠪᠤᠷᠢᠵᠢᠭᠤᠯᠵᠤ᠂ ᠲᠣᠭᠠᠴᠢᠯᠠᠭᠰᠠᠨ ᠰᠠᠭᠤᠷᠢ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠰᠢᠨ᠎ᠡ ᠮᠡᠷᠭᠡᠵᠢᠯ ᠢ ᠤᠯᠠᠮᠵᠢᠯᠠᠨ ᠳᠡᠯᠭᠡᠷᠡᠭᠦᠯᠬᠦ ᠪᠠ | ᠬᠡᠷᠡᠭᠯᠡᠬᠦ ᠶᠢ ᠠᠬᠢᠭᠤᠯᠵᠤ᠂ ᠨᠡᠭᠡᠭᠡᠯᠲᠡᠲᠦ᠂ ᠡᠷᠬᠡ ᠲᠡᠭᠰᠢ᠂ ᠭᠠᠳᠠᠭᠤᠷᠴᠢᠯᠠᠯ ᠦᠭᠡᠢ ᠲᠣᠭᠠᠴᠢᠯᠠᠭᠰᠠᠨ ᠬᠤᠳᠠᠯᠳᠤᠭ᠎ᠠ | ᠡᠷᠬᠢᠯᠡᠬᠦ ᠣᠷᠴᠢᠨ ᠨᠥᠬᠦᠴᠡᠯ ᠢ ᠴᠢᠷᠮᠠᠶᠢᠨ ᠪᠠᠶᠢᠭᠤᠯᠤᠶ᠎ᠠ᠃ ᠳᠤᠮᠳᠠᠳᠤ ᠤᠯᠤᠰ ᠲᠣᠭᠠᠴᠢᠯᠠᠭᠰᠠᠨ ᠮᠡᠷᠭᠡᠵᠢᠯ ᠢᠶᠠᠷ | ᠬᠢᠵᠢᠭ ᠲᠠᠢ ᠲᠡᠮᠡᠴᠡᠬᠦ᠂ ᠤᠶᠤᠨᠲᠤ ᠬᠤᠳᠠ ᠵᠡᠷᠭᠡ ᠤᠯᠠᠨ ᠵᠦᠢᠯ ᠤᠨ ᠬᠠᠮᠲᠤᠷᠠᠯᠴᠠᠭᠠᠨ ᠤ ᠰᠠᠨᠠᠭᠠᠴᠢᠯᠠᠭ᠎ᠠ ᠶᠢ ᠨᠢᠭᠡᠨᠲᠡ | ᠪᠡᠶᠡᠯᠡᠭᠦᠯᠵᠦ᠂ ᠪᠠᠰᠠ ᠲᠣᠭᠠᠴᠢᠯᠠᠯᠳᠠ ᠶᠢᠨ ᠴᠢᠳᠠᠪᠤᠷᠢ ᠶᠢᠨ ᠪᠠᠶᠢᠭᠤᠯᠤᠯᠲᠠ ᠶᠢᠨ ᠰᠤᠳᠤᠯᠤᠨ ᠶᠠᠷᠢᠯᠴᠠᠬᠤ ᠬᠤᠷᠠᠯ ᠢ | ᠡᠷᠬᠢᠯᠡᠨ᠂ ᠲᠣᠭᠠᠴᠢᠯᠠᠭᠰᠠᠨ ᠮᠡᠷᠭᠡᠵᠢᠯ ᠢᠶᠠᠷ ᠵᠢᠭᠤᠯᠴᠢᠯᠠᠯ ᠤᠨ ᠦᠢᠯᠡᠰ ᠤᠨ ᠰᠡᠷᠭᠦᠯᠲᠡ ᠳᠤ ᠬᠦᠴᠦᠨ ᠨᠡᠮᠡᠷᠢᠯᠡᠬᠦ ᠵᠡᠷᠭᠡ | ᠬᠠᠮᠲᠤᠷᠠᠯᠴᠠᠭᠠᠨ ᠤ ᠰᠠᠨᠠᠭᠠᠴᠢᠯᠠᠭ᠎ᠠ ᠶᠢ ᠠᠬᠢᠭᠤᠯᠵᠤ᠂ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠲᠣᠭᠠᠴᠢᠯᠠᠭᠰᠠᠨ | ᠠᠵᠤ ᠠᠬᠤᠢ ᠶᠢᠨ ᠬᠠᠮᠲᠤᠷᠠᠯᠴᠠᠭ᠎ᠠ ᠳᠤ ᠨᠡᠩ ᠤᠯᠠᠨ ᠬᠤᠪᠢ ᠨᠡᠮᠡᠷᠢ ᠦᠵᠡᠭᠦᠯᠦᠨ᠎ᠠ᠃ | ᠡᠯ᠎ᠠ ᠬᠠᠮᠲᠤ ᠠᠵᠢᠯᠯᠠᠭᠰᠠᠳ ᠡ︕ | ᠳᠤᠮᠳᠠᠳᠤ ᠤᠯᠤᠰ ᠨᠢᠭᠡᠨᠲᠡ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ | ᠪᠠᠶᠢᠭᠤᠯᠬᠤ ᠰᠢᠨ᠎ᠡ ᠠᠶᠠᠨ ᠢᠶᠠᠨ ᠡᠬᠢᠯᠡᠭᠦᠯᠪᠡ᠃ ᠪᠢᠳᠡ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠵᠤ᠂ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ᠂ ᠨᠡᠩ | ᠥᠨᠳᠥᠷ ᠲᠦᠪᠰᠢᠨ ᠪᠦᠬᠦᠢ ᠨᠡᠭᠡᠭᠡᠯᠲᠡᠲᠦ ᠮᠠᠶ᠋ᠢᠭ ᠤᠨ ᠠᠵᠤ ᠠᠬᠤᠢ ᠶᠢᠨ ᠰᠢᠨ᠎ᠡ ᠪᠠᠶᠢᠭᠤᠯᠤᠮᠵᠢ ᠶᠢ ᠪᠠᠶᠢᠭᠤᠯᠵᠤ᠂ ᠨᠡᠩ | ᠲᠠᠲᠠᠬᠤ ᠬᠦᠴᠦᠨ ᠲᠠᠢ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠡᠭᠦᠳᠴᠦ᠂ ︽ᠨᠢᠭᠡ ᠪᠦᠰᠡ ᠨᠢᠭᠡ ᠵᠠᠮ︾ ᠢ | ᠬᠠᠮᠲᠤ ᠪᠠᠷ ᠴᠢᠨᠠᠷ ᠰᠠᠶᠢᠲᠠᠢ ᠪᠦᠳᠦᠭᠡᠨ ᠪᠠᠶᠢᠭᠤᠯᠬᠤ ᠶᠢ ᠠᠬᠢᠭᠤᠯᠵᠤ᠂ ᠳᠡᠯᠡᠬᠡᠢ ᠶᠢᠨ ᠪᠠ ᠠᠽᠢᠶ᠎ᠠ ᠲᠢᠪ ᠨᠣᠮᠣᠬᠠᠨ | ᠳᠠᠯᠠᠢ ᠶᠢᠨ ᠣᠷᠣᠨ ᠤ ᠡᠯ᠎ᠡ ᠤᠯᠤᠰ ᠯᠤᠭ᠎ᠠ ᠨᠡᠩ ᠥᠨᠳᠥᠷ ᠲᠦᠪᠰᠢᠨ ᠪᠦᠬᠦᠢ ᠬᠠᠷᠢᠯᠴᠠᠨ ᠠᠰᠢᠭᠲᠠᠢ ᠬᠠᠮᠲᠤ ᠪᠠᠷ ᠠᠰᠢᠭ | ᠬᠦᠷᠳᠡᠬᠦ ᠶᠢ ᠪᠡᠶᠡᠯᠡᠭᠦᠯᠦᠨ᠎ᠡ᠃ | ᠰᠢᠨ᠎ᠡ ᠽᠧᠯᠡᠨᠳ᠋ ᠲᠤ ︽ᠨᠡᠷᠡᠨ ᠵᠦᠭ ᠲᠤ ᠬᠠᠨᠳᠤᠬᠤ ᠦᠶ᠎ᠠ ᠳᠤ ᠪᠠᠷᠠᠭᠠᠨ ᠰᠡᠭᠦᠳᠡᠷ ᠠᠶᠠᠨᠳᠠᠭᠠᠨ ᠠᠷᠢᠯᠤᠨ᠎ᠠ︾ | ᠭᠡᠬᠦ ᠰᠡᠴᠡᠨ ᠦᠭᠡ ᠪᠠᠶᠢᠳᠠᠭ᠂ ᠪᠢᠳᠡ ᠬᠥᠮᠦᠨ ᠲᠥᠷᠥᠯᠬᠢᠲᠡᠨ ᠤ ᠬᠠᠮᠲᠤᠷᠠᠯᠴᠠᠵᠤ ᠪᠠᠶᠢᠭᠠᠳ ᠬᠢᠵᠢᠭ ᠤᠨ ᠪᠠᠶᠢᠳᠠᠯ ᠢ | ᠢᠯᠠᠨ ᠳᠠᠪᠠᠭ᠋ᠤ ᠳᠤ ᠢᠲᠡᠭᠡᠯ ᠲᠡᠭᠦᠯᠳᠡᠷ ᠪᠠᠶᠢᠨ᠎ᠠ᠂ ᠳᠡᠯᠡᠬᠡᠢ ᠶᠢᠨ ᠠᠵᠤ ᠠᠬᠤᠢ ᠶᠢᠨ ᠰᠡᠷᠭᠦᠯᠲᠡ ᠶᠢᠨ ᠢᠷᠡᠭᠡᠳᠦᠢ ᠳᠤ | ᠢᠲᠡᠭᠡᠯ ᠳᠦᠭᠦᠷᠡᠩ ᠪᠠᠶᠢᠨ᠎ᠠ᠂ ᠬᠥᠮᠦᠨ ᠲᠥᠷᠥᠯᠬᠢᠲᠡᠨ ᠤ ᠬᠠᠮᠲᠤ ᠶᠢᠨ ᠰᠠᠶᠢᠨ ᠰᠠᠶᠢᠬᠠᠨ ᠢᠷᠡᠭᠡᠳᠦᠢ ᠳᠤ ᠢᠲᠡᠭᠡᠯ | ᠲᠡᠭᠦᠯᠳᠡᠷ ᠪᠠᠶᠢᠨ᠎ᠠ᠃ ᠪᠢᠳᠡ ᠬᠠᠲᠠᠭᠤ ᠪᠡᠷᠬᠡᠰᠢᠶᠡᠯ ᠢ ᠬᠠᠮᠲᠤ ᠪᠠᠷ ᠳᠤᠭᠤᠯᠵᠤ᠂ ᠰᠠᠬᠢᠨ ᠪᠡᠷᠡᠯᠡᠵᠦ ᠬᠠᠷᠢᠯᠴᠠᠨ | ᠬᠠᠪᠰᠤᠷᠤᠯᠴᠠᠵᠤ᠂ ᠬᠢᠵᠢᠭ ᠲᠠᠢ ᠲᠡᠮᠡᠴᠡᠬᠦ ᠬᠠᠮᠲᠤᠷᠠᠯᠴᠠᠭ᠎ᠠ ᠪᠣᠯᠤᠨ ᠠᠵᠤ ᠠᠬᠤᠶ ᠶᠢᠨ ᠰᠡᠷᠭᠦᠯᠲᠡ ᠶᠢ ᠭᠠᠷ ᠬᠤᠯᠪᠣᠨ | ᠠᠬᠢᠭᠤᠯᠵᠤ᠂ ᠠᠽᠢᠶ᠎ᠠ ᠲᠢᠪ ᠨᠣᠮᠣᠬᠠᠨ ᠲᠡᠯᠡᠶ ᠶᠢᠨ ᠣᠷᠣᠨ ᠤ ᠬᠥᠭᠵᠢᠯ ᠴᠡᠴᠡᠭᠯᠡᠯ ᠤᠨ ᠰᠠᠶᠢᠨ ᠰᠠᠶᠢᠬᠠᠨ ᠢᠷᠡᠭᠡᠳᠦᠶ ᠶᠢ | ᠬᠠᠮᠲᠤ ᠪᠠᠷ ᠴᠣᠭᠴᠠᠯᠠᠵᠤ ᠬᠠᠮᠲᠤ ᠪᠠᠷ ᠡᠳ᠋ᠯᠡᠶ᠎ᠡ︕ | ᠣᠯᠠᠨ ᠳᠤ ᠪᠠᠶᠠᠷᠯᠠᠯ᠎ᠠ᠃ |