ᠰᠢᠭᠤᠶᠢᠲᠤ ᠵᠡᠭᠡᠯᠢ ᠭᠤᠳᠤᠮᠵᠢ ᠴᠢᠬᠡᠴᠢ ᠵᠠᠰᠠᠭ ᠤᠨ ᠬᠥᠮᠦᠵᠢᠯ ᠤᠨ ᠰᠡᠷᠡᠮᠵᠢᠯᠡᠭᠦᠯᠬᠦ ᠶᠡᠭᠡ ᠬᠤᠷᠠᠯ ᠬᠤᠷᠠᠯᠳᠤᠭᠤᠯᠵᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠬᠦ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2021/7/21
       ᠪᠦᠬᠦ ᠵᠡᠭᠡᠯᠢ ᠭᠤᠳᠤᠮᠵᠢ ᠶᠢᠨ ᠪᠠᠶᠢᠭᠤᠯᠤᠯᠭ᠎ᠠ ᠶᠢᠨ ᠺᠠᠳ᠋ᠷᠴᠤᠳ ᠤᠨ ᠨᠠᠮ ᠤᠨ ᠰᠤᠷᠲᠠᠯ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠢ ᠤᠯᠠᠮ ᠨᠢᠭᠡ ᠠᠯᠬᠤᠮ ᠰᠠᠶᠢᠲᠤᠷ ᠠᠳᠬᠤᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠶᠢᠨ ᠲᠥᠯᠥᠭᠡ᠂ ᠣᠶᠢᠷ᠎ᠠ  ᠳᠤ ᠰᠢᠭᠤᠶᠢᠲᠤ ᠵᠡᠭᠡᠯᠢ ᠭᠤᠳᠤᠮᠵᠢ ᠶᠢᠨ ᠰᠠᠬᠢᠯᠭ᠎ᠠ ᠪᠠᠲᠤ ᠪᠠᠶᠢᠴᠠᠭᠠᠬᠤ ᠠᠵᠢᠯ ᠤᠨ ᠬᠤᠷᠢᠶ᠎ᠠ ᠠᠷᠢᠭᠤᠨ ᠴᠢᠬᠡᠴᠢ  ᠪᠠᠷ ᠵᠠᠰᠠᠭ ᠪᠠᠷᠢᠬᠤ ᠬᠥᠮᠦᠵᠢᠯ ᠤᠨ ᠰᠡᠷᠡᠮᠵᠢᠯᠡᠭᠦᠯᠬᠦ ᠶᠡᠭᠡ ᠬᠤᠷᠠᠯ᠂ ᠵᠡᠭᠡᠯᠢ ᠭᠤᠳᠤᠮᠵᠢ ᠶᠢᠨ ᠪᠦᠬᠦ ᠺᠠᠳ᠋ᠷ ᠠᠵᠢᠯᠲᠠᠨ ᠠᠵᠢᠯᠴᠢᠨ ᠬᠤᠷᠠᠯ ᠳᠤ ᠣᠷᠣᠯᠴᠠᠪᠠ᠃

       ᠬᠤᠷᠠᠯ ᠳᠡᠭᠡᠷ᠎ᠡ᠂ ᠵᠡᠭᠡᠯᠢ ᠭᠤᠳᠤᠮᠵᠢ ᠶᠢᠨ ᠰᠠᠬᠢᠯᠭ᠎ᠠ ᠪᠠᠲᠤ ᠪᠠᠶᠢᠴᠠᠭᠠᠬᠤ ᠠᠵᠢᠯ ᠤᠨ ᠬᠤᠷᠢᠶᠠᠨ ᠤ

ᠱᠦᠵᠢ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠬᠤᠬᠢᠷᠠᠭᠤᠯᠤᠭᠰᠠᠨ ᠨᠢᠭᠡᠨ ᠨᠡᠶᠢᠲᠡᠯᠢᠭ ᠬᠡᠷᠡᠭ ᠤᠨ ᠵᠢᠱᠢᠶ᠎ᠡ

 ᠶᠢ ᠤᠯᠠᠮᠵᠢᠯᠠᠵᠤ᠂ ᠰᠠᠬᠢᠯᠭ᠎ᠠ ᠪᠠᠲᠤ ᠶᠢ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠳᠠᠯᠤᠨ ᠦᠨᠡᠯᠡᠵᠦ᠂

ᠬᠤᠷᠠᠯ ᠳᠤ ᠣᠷᠣᠯᠴᠠᠭᠰᠠᠨ ᠪᠥᠬᠦ ᠬᠥᠮᠦᠰ ᠲᠤ ᠰᠡᠷᠡᠮᠵᠢᠯᠡᠭᠦᠯᠬᠦ ᠬᠥᠮᠦᠵᠢᠯ ᠪᠣᠯᠪᠠᠰᠤᠷᠠᠭᠤᠯᠤᠯ ᠬᠢᠪᠠ᠃ ᠬᠤᠷᠠᠯ

 ᠠᠴᠠ᠂ ᠬᠤᠷᠠᠯ ᠳᠤ ᠣᠷᠣᠯᠴᠠᠭᠰᠠᠨ ᠪᠦᠬᠦ ᠬᠥᠮᠦᠰ ᠨᠡᠶᠢᠲᠡᠯᠢᠭ ᠬᠡᠷᠡᠭ ᠤᠨ ᠵᠢᠱᠢᠶ᠎ᠡ ᠪᠠᠷ ᠲᠤᠯᠢ ᠪᠣᠯᠭᠠᠵᠤ᠂

ᠰᠡᠷᠡᠮᠵᠢ ᠶᠢᠨ ᠬᠤᠩᠬᠤ ᠶᠢ ᠪᠠᠶᠢᠩᠭᠤ ᠳᠤᠤᠭᠠᠷᠭᠠᠵᠤ᠂ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ

ᠴᠢᠨᠠᠭᠰᠢᠳᠠ ᠪᠠᠬᠢᠵᠢᠭᠦᠯᠵᠦ᠂ ᠰᠠᠬᠢᠯᠭ᠎ᠠ ᠪᠠᠲᠤ ᠶᠣᠰᠣ ᠲᠦᠷᠢᠮ ᠢ ᠴᠢᠩᠳᠠᠯᠠᠵᠤ᠂ ᠰᠤᠷᠲᠠᠯ ᠢᠶᠠᠨ ᠦᠨᠡᠨ ᠬᠦ

ᠰᠠᠶᠢᠵᠢᠷᠠᠭᠤᠯᠵᠤ᠂ ᠤᠷᠤᠭᠰᠢᠯᠠᠯᠲᠠ ᠶᠢᠨ ᠬᠥᠳᠡᠯᠭᠡᠬᠦ ᠬᠦᠴᠦᠨ ᠤ ᠥᠨᠢᠳᠡ ᠢᠯᠵᠢᠷᠡᠬᠦ ᠦᠭᠡᠢ ᠪᠠᠶᠢᠬᠤ ᠶᠢ

ᠪᠠᠲᠤᠯᠠᠬᠤ ᠬᠡᠷᠡᠭᠲᠡᠢ᠃

       ᠲᠠᠷᠠᠭᠠᠴᠢ ᠶᠢᠨ ᠠᠯᠬᠤᠮ ᠳᠤ᠂ ᠵᠡᠭᠡᠯᠢ ᠭᠤᠳᠤᠮᠵᠢ ᠶᠢᠨ ᠰᠠᠬᠢᠯᠭ᠎ᠠ ᠪᠠᠲᠤ ᠪᠠᠶᠢᠴᠠᠭᠠᠬᠤ ᠠᠵᠢᠯ ᠤᠨ

ᠵᠥᠪᠯᠡᠯ ᠵᠡᠭᠡᠯᠢ ᠭᠤᠳᠤᠮᠵᠢ ᠪᠠ ᠨᠡᠶᠢᠭᠡᠮ ᠲᠣᠭᠤᠷᠢᠭ ᠤᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ

ᠰᠢᠯᠢᠳᠡᠭᠵᠢᠭᠦᠯᠬᠦ ᠠᠵᠢᠯ ᠤᠨ ᠪᠠᠶᠢᠳᠠᠯ ᠢ ᠴᠢᠩᠭ᠎ᠠ ᠠᠩᠬᠠᠷᠴᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠳᠠᠬᠢ

《 ᠠᠵᠢᠯ ᠬᠢᠬᠦ ᠥᠬᠡᠶ᠂ ᠤᠳᠠᠭᠠᠨ ᠬᠢᠬᠦ᠂ ᠳᠤᠷ᠎ᠠ ᠪᠠᠷ ᠢᠶᠠᠨ ᠬᠢᠬᠦ 》 ᠵᠡᠷᠭᠡ ᠠᠰᠠᠭᠤᠳᠠᠯ ᠢ ᠴᠢᠩᠭ᠎ᠠ ᠠᠩᠬᠠᠷᠴᠤ

᠂ ᠡᠷᠲᠡ ᠢᠯᠡᠷᠡᠭᠦᠯᠵᠦ᠂ ᠡᠷᠲᠡ ᠰᠠᠨᠠᠭᠤᠯᠵᠤ᠂ ᠬᠤᠳᠠᠯᠳᠤᠭ᠎ᠠ ᠡᠵᠡᠩᠨᠡᠬᠦ ᠰᠠᠶᠢᠨ ᠰᠠᠶᠢᠬᠠᠨ ᠣᠷᠴᠢᠨ ᠨᠥᠬᠦᠴᠡᠯ ᠢ

ᠪᠣᠶ ᠪᠣᠯᠭᠠᠬᠤ ᠳᠤ ᠬᠦᠴᠦᠨ ᠨᠡᠮᠡᠷᠢᠯᠡᠨ᠎ᠡ᠃

 
ᠢᠷᠡᠯᠲᠡ᠄ ᠰᠢᠭᠤᠶᠢᠲᠤ ᠵᠡᠭᠡᠯᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号