ᠰᠢ ᠶᠢᠨ ᠫᠢᠩ ᠴᠠᠬᠢᠯᠭᠠᠨ ᠴᠢᠮᠡᠭᠡ ᠶᠠᠪᠤᠭᠤᠯᠵᠤ ᠷᠤᠸᠠᠨ ᠴᠦᠨ ᠹᠦ᠋ ᠶᠢᠨ ᠸᠢᠶᠧᠲᠨᠠᠮ ᠤᠨ ᠤᠯᠤᠰ ᠤᠨ | ᠲᠡᠷᠢᠭᠦᠯᠡᠭᠴᠢ ᠪᠠᠷ ᠦᠷᠭᠦᠯᠵᠢᠯᠡᠨ ᠰᠣᠩᠭᠤᠭᠳᠠᠭᠰᠠᠨ ᠳᠤ ᠪᠠᠶᠠᠷ ᠬᠦᠷᠭᠡᠪᠡ | ᠯᠢ ᠺᠧ ᠴᠢᠶᠠᠩ ᠴᠠᠬᠢᠯᠭᠠᠨ ᠴᠢᠮᠡᠭᠡ ᠶᠠᠪᠤᠭᠤᠯᠵᠤ ᠹᠠᠨ ᠮᠢᠩ ᠵᠧᠩ ᠤᠨ ᠸᠢᠶᠧᠲᠨᠠᠮ ᠤᠨ ᠵᠠᠰᠠᠭ ᠤᠨ ᠣᠷᠳᠣᠨ ᠤ | ᠶᠡᠷᠦᠩᠬᠡᠢ ᠰᠠᠶᠢᠳ ᠢᠶᠠᠷ ᠦᠷᠭᠦᠯᠵᠢᠯᠡᠨ ᠰᠣᠩᠭᠤᠭᠳᠠᠭᠰᠠᠨ ᠳᠤ ᠪᠠᠶᠠᠷ ᠬᠦᠷᠭᠡᠪᠡ | ᠰᠢᠨᠬᠤᠸᠠ ᠬᠤᠷᠢᠶᠠᠨ ᠤ ᠪᠡᠭᠡᠵᠢᠩ ᠤᠨ 7 ᠰᠠᠷ᠎ᠠ ᠶᠢᠨ 26 ᠤ ᠴᠠᠬᠢᠯᠭᠠᠨ ᠮᠡᠳᠡᠭᠡ 7 ᠰᠠᠷ᠎ᠠ ᠶᠢᠨ 26 ᠤ ᠡᠳᠦᠷ᠂ | ᠤᠯᠤᠰ ᠤᠨ ᠲᠡᠷᠢᠭᠦᠯᠡᠭᠴᠢ ᠰᠢ ᠶᠢᠨ ᠫᠢᠩ ᠷᠤᠸᠠᠨ ᠴᠦᠨ ᠹᠦ᠋ ᠳᠤ ᠴᠠᠬᠢᠯᠭᠠᠨ ᠴᠢᠮᠡᠭᠡ ᠶᠠᠪᠤᠭᠤᠯᠵᠤ᠂ ᠲᠡᠭᠦᠨ ᠤ | ᠸᠢᠶᠧᠲᠨᠠᠮ ᠤᠨ ᠤᠯᠤᠰ ᠤᠨ ᠲᠡᠷᠢᠭᠦᠯᠡᠭᠴᠢ ᠪᠠᠷ ᠦᠷᠭᠦᠯᠵᠢᠯᠡᠨ ᠰᠣᠩᠭᠤᠭᠳᠠᠭᠰᠠᠨ ᠳᠤ ᠪᠠᠶᠠᠷ ᠬᠦᠷᠭᠡᠪᠡ᠃ | ᠰᠢ ᠶᠢᠨ ᠫᠢᠩ ᠪᠠᠶᠠᠷ ᠤᠨ ᠴᠠᠬᠢᠯᠭᠠᠨ ᠴᠢᠮᠡᠭᠡ ᠳᠡᠭᠡᠨ᠂ ᠳᠤᠮᠳᠠᠳᠤ ᠸᠢᠶᠧᠲᠨᠠᠮ ᠪᠣᠯ ᠠᠭᠤᠯᠠ ᠤᠰᠤ ᠪᠠᠷ ᠢᠶᠠᠨ | ᠵᠠᠯᠭᠠᠯᠳᠤᠭᠰᠠᠨ ᠨᠡᠶᠢᠭᠡᠮ ᠵᠢᠷᠤᠮᠳᠤ ᠬᠥᠷᠰᠢ ᠤᠯᠤᠰ ᠮᠥᠨ᠂ ᠤᠯᠠᠮᠵᠢᠯᠠᠯᠲᠤ ᠨᠥᠬᠦᠷᠯᠡᠯ ᠭᠦᠨ ᠵᠤᠵᠠᠭᠠᠨ᠂ ᠬᠠᠮᠲᠤ ᠶᠢᠨ | ᠠᠰᠢᠭ ᠲᠤᠰᠠ ᠥᠷᠭᠡᠨ ᠳᠡᠯᠭᠡᠷ ᠶᠤᠮ᠃ ᠵᠠᠭᠤᠨ ᠵᠢᠯ ᠤᠨ ᠬᠤᠪᠢᠰᠤᠯᠲᠠ ᠪᠣᠯᠤᠨ ᠡᠷᠢᠨ ᠵᠠᠭᠤᠨ ᠤ ᠭᠠᠮᠰᠢᠭ ᠬᠢᠵᠢᠭ ᠤᠨ | ᠡᠮᠦᠨ᠎ᠡ᠂ ᠬᠤᠶᠠᠷ ᠲᠠᠯ᠎ᠠ ᠪᠠᠷ ᠢᠶᠠᠨ ᠬᠠᠮᠲᠤ ᠶᠢᠨ ᠬᠦᠰᠡᠯᠡᠩ ᠢᠲᠡᠭᠡᠯ ᠪᠢᠰᠢᠷᠡᠯ ᠢᠶᠠᠨ ᠪᠠᠲᠤ ᠰᠠᠬᠢᠵᠤ᠂ ᠪᠦᠯᠬᠦᠮᠳᠡᠯ | ᠨᠥᠬᠦᠷᠯᠡᠯ ᠤᠨ ᠤᠭ ᠰᠠᠨᠠᠭ᠎ᠠ ᠪᠠᠨ ᠦᠢᠯᠡᠳᠦᠯᠭᠡᠵᠢᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠬᠤᠶᠠᠷ ᠤᠯᠤᠰ ᠤᠨ ᠪᠦᠬᠦ | ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠳᠤ ᠰᠢᠨ᠎ᠡ ᠴᠠᠭ ᠦᠶ᠎ᠡ ᠶᠢᠨ ᠠᠭᠤᠯᠤᠭᠳᠠᠬᠤᠨ ᠣᠯᠭᠤᠵᠠᠢ ᠭᠡᠵᠦ | ᠵᠢᠭᠠᠵᠤ ᠭᠠᠷᠭᠠᠪᠠ᠃ | ᠰᠢ ᠶᠢᠨ ᠫᠢᠩ᠂ ᠡᠨᠡ ᠵᠢᠯ ᠠᠴᠠ ᠨᠠᠭᠠᠰᠢ᠂ ᠸᠢᠶᠧᠲᠨᠠᠮ ᠤᠨ ᠡᠪ ᠬᠠᠮᠲᠤ ᠨᠠᠮ ᠤᠨ ᠠᠷᠪᠠᠨ ᠭᠤᠷᠪᠠᠳᠤᠭᠠᠷ ᠶᠡᠭᠡ | ᠬᠤᠷᠠᠯ ᠠᠮᠵᠢᠯᠲᠠ ᠲᠠᠢ ᠬᠤᠷᠠᠯᠳᠤᠵᠤ᠂ ᠳᠤᠮᠳᠠᠳᠤ ᠤᠯᠤᠰ ᠤᠨ ᠡᠪ ᠬᠠᠮᠲᠤ ᠨᠠᠮ ᠵᠠᠭᠤᠨ ᠵᠢᠯ ᠤᠨ ᠤᠢ ᠪᠠᠨ ᠤᠭᠲᠤᠨ | ᠠᠪᠤᠯ᠎ᠠ᠃ ᠳᠤᠮᠳᠠᠳᠤ ᠸᠢᠶᠧᠲᠨᠠᠮ ᠤᠨ ᠬᠤᠶᠠᠷ ᠨᠠᠮ ᠪᠠ ᠤᠯᠤᠰ ᠤᠨ ᠪᠥᠲᠥᠭᠡᠨ ᠪᠠᠶᠢᠭᠤᠯᠤᠯᠲᠠ ᠶᠢᠨ ᠦᠢᠯᠡᠰ | ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠵᠠᠩᠭᠢᠯᠠᠭ᠎ᠠ ᠶᠢᠨ ᠱᠠᠲᠤᠨ ᠳᠤ ᠣᠷᠣᠪᠠ᠃ ᠪᠢ ᠳᠤᠮᠳᠠᠳᠤ | ᠸᠢᠶᠧᠲᠨᠠᠮ ᠤᠨ ᠬᠠᠷᠢᠯᠴᠠᠭ᠎ᠠ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠤᠷᠠᠲᠠᠶ᠎ᠠ ᠸᠢᠶᠧᠲᠨᠠᠮ ᠤᠨ | ᠤᠳᠤᠷᠢᠳᠬᠤ ᠨᠥᠬᠦᠳ ᠲᠠᠢ ᠬᠠᠮᠲᠤ ᠪᠠᠷ ᠴᠢᠷᠮᠠᠶᠢᠵᠤ ᠪᠠᠶᠢᠭᠠᠳ ᠰᠢᠨ᠎ᠡ ᠴᠠᠭ ᠦᠶ᠎ᠡ ᠶᠢᠨ ᠬᠤᠶᠠᠷ ᠨᠠᠮ ᠬᠤᠶᠠᠷ | ᠤᠯᠤᠰ ᠤᠨ ᠬᠠᠷᠢᠯᠴᠠᠭ᠎ᠠ ᠶᠢᠨ ᠪᠠᠶᠢᠯᠳᠤᠬᠤ ᠪᠣᠳᠣᠯᠭ᠎ᠠ ᠶᠢᠨ ᠵᠢᠯᠣᠭᠤᠳᠤᠯᠭ᠎ᠠ ᠶᠢ ᠴᠢᠩᠭᠠᠳᠬᠠᠵᠤ᠂ ᠳᠤᠮᠳᠠᠳᠤ | ᠸᠢᠶᠧᠲᠨᠠᠮ ᠤᠨ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠲᠠᠢ ᠬᠤᠪᠢ ᠵᠠᠶᠠᠭᠠᠨ ᠤ ᠬᠠᠮᠲᠤ ᠴᠣᠭᠴᠠ ᠶᠢ | ᠪᠠᠶᠢᠭᠤᠯᠬᠤ ᠬᠠᠷᠠᠯᠲᠠ ᠲᠡᠶᠢᠰᠢ ᠲᠠᠰᠤᠷᠠᠯᠳᠠ ᠦᠭᠡᠢ ᠤᠷᠤᠭᠰᠢᠯᠠᠨ᠎ᠠ ᠭᠡᠵᠦ ᠴᠢᠬᠤᠯᠠᠴᠢᠯᠠᠪᠠ᠃ | ᠲᠤᠰ ᠡᠳᠦᠷ᠂ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ ᠴᠠᠬᠢᠯᠭᠠᠨ ᠴᠢᠮᠡᠭᠡ | ᠶᠠᠪᠤᠭᠤᠯᠵᠤ ᠹᠠᠨ ᠮᠢᠩ ᠵᠧᠩ ᠤᠨ ᠸᠢᠶᠧᠲᠨᠠᠮ ᠤᠨ ᠵᠠᠰᠠᠭ ᠤᠨ ᠣᠷᠳᠣᠨ ᠤ ᠶᠡᠷᠦᠩᠬᠡᠢ ᠰᠠᠶᠢᠳ ᠢᠶᠠᠷ ᠦᠷᠭᠦᠯᠵᠢᠯᠡᠨ | ᠰᠣᠩᠭᠤᠭᠳᠠᠭᠰᠠᠨ ᠳᠤ ᠪᠠᠶᠠᠷ ᠬᠦᠷᠭᠡᠵᠦ᠂ ᠳᠤᠷᠠᠲᠠᠶ᠎ᠠ ᠶᠡᠷᠦᠩᠬᠡᠢ ᠰᠠᠶᠢᠳ ᠹᠠᠨ ᠮᠢᠩ ᠵᠧᠩ ᠲᠠᠢ ᠬᠠᠮᠲᠤ ᠪᠠᠷ ᠴᠢᠷᠮᠠᠶᠢᠵᠤ᠂ | ᠬᠤᠶᠠᠷ ᠲᠠᠯ᠎ᠠ ᠶᠢᠨ ᠤᠯᠤᠰ ᠲᠦᠷᠦ ᠶᠢᠨ ᠢᠲᠡᠭᠡᠯᠴᠡᠭᠡ ᠪᠠᠨ ᠨᠡᠮᠡᠭᠳᠡᠭᠦᠯᠵᠦ᠂ ᠨᠥᠬᠦᠷᠰᠡᠭ ᠬᠠᠮᠲᠤᠷᠠᠯᠴᠠᠭᠠᠨ ᠤ ᠰᠠᠭᠤᠷᠢ ᠶᠢ | ᠪᠠᠬᠢᠵᠢᠭᠦᠯᠤᠨ᠂ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠵᠤᠯᠭᠠᠯᠴᠠᠭ᠎ᠠ ᠶᠢ ᠲᠦᠷᠭᠡᠳᠬᠡᠵᠦ᠂ ᠬᠠᠷᠢᠯᠴᠠᠨ ᠠᠰᠢᠭᠲᠠᠢ | ᠬᠠᠮᠲᠤ ᠪᠠᠷ ᠠᠰᠢᠭ ᠬᠦᠷᠳᠡᠬᠦ ᠪᠠᠶᠢᠷᠢᠰᠢᠯ ᠢ ᠪᠠᠶᠢᠭᠤᠯᠤᠨ᠂ ᠰᠢᠨ᠎ᠡ ᠴᠠᠭ ᠦᠶ᠎ᠡ ᠶᠢᠨ ᠳᠤᠮᠳᠠᠳᠤ ᠸᠢᠶᠧᠲᠨᠠᠮ ᠤᠨ | ᠬᠠᠷᠢᠯᠴᠠᠭ᠎ᠠ ᠶᠢᠨ ᠲᠠᠰᠤᠷᠠᠯᠳᠡ ᠦᠭᠡᠢ ᠤᠷᠤᠬᠰᠢ ᠬᠥᠭᠵᠢᠬᠦ ᠶᠢ ᠠᠬᠢᠭᠤᠯᠤᠨ᠎ᠠ ᠭᠡᠵᠦ ᠢᠯᠡᠳᠬᠡᠪᠡ᠃ | |