ᠰᠢᠭᠤᠶᠢᠲᠤ ᠵᠡᠭᠡᠯᠢ ᠭᠤᠳᠤᠮᠵᠢ ᠶᠢᠨ ᠭᠤᠷᠪᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠦᠶᠡᠷ ᠢ ᠰᠡᠷᠭᠡᠶᠢᠯᠡᠬᠦ ᠠᠵᠢᠯ ᠢ ᠴᠢᠩᠭᠠᠳᠬᠠᠨ᠎ᠠ
ᠨᠡᠶᠢᠲᠡᠯᠡᠭᠰᠡᠨ ᠴᠠᠭ᠄
2021/8/2
       ᠦᠶᠡᠷ ᠢ ᠰᠡᠷᠭᠡᠶᠢᠯᠡᠬᠦ ᠠᠵᠢᠯ ᠤᠨ ᠡᠷᠴᠢᠮ ᠢ ᠦᠨᠡᠨᠬᠦ ᠴᠢᠩᠭᠠᠳᠬᠠᠵᠤ᠂ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠡᠨᠡ ᠵᠢᠯ ᠦᠶᠡᠷ ᠤᠨ ᠬᠤᠭᠤᠴᠠᠭᠠᠨ ᠳᠤ ᠣᠷᠣᠭᠰᠠᠨ ᠠᠴᠠ ᠨᠠᠭᠠᠰᠢ᠂ ᠰᠢᠭᠤᠶᠢᠲᠤ ᠵᠡᠭᠡᠯᠢ ᠭᠤᠳᠤᠮᠵᠢ ᠶᠢᠨ ᠬᠢᠨ ᠳᠡᠭᠡᠳᠦ ᠱᠠᠲᠤᠨ ᠤ ᠦᠶᠡᠷ ᠢ ᠰᠡᠷᠭᠡᠶᠢᠯᠡᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠦᠴᠦᠲᠡᠶ ᠠᠷᠭ᠎ᠠ ᠬᠡᠮᠵᠢᠶ᠎ᠡ ᠠᠪᠴᠤ ᠦᠶᠡᠷ ᠢ ᠰᠡᠷᠭᠡᠶᠢᠯᠡᠬᠦ ᠠᠵᠢᠯ ᠢ ᠴᠢᠩᠭᠠᠳᠬᠠᠵᠤ᠂ ᠦᠶᠡᠷ ᠤᠨ ᠬᠤᠭᠤᠴᠠᠭ᠎ᠠ ᠶᠢ ᠠᠮᠤᠷ ᠲᠦᠪᠰᠢᠨ  ᠢᠶᠠᠷ ᠥᠩᠭᠡᠷᠡᠭᠦᠯᠬᠦ ᠶᠢ ᠴᠢᠷᠮᠠᠶᠢᠨ ᠪᠡᠶᠡᠯᠡᠭᠦᠯᠪᠡ᠃

       ᠨᠢᠭᠡ ᠳᠤ ᠳᠠᠯᠳᠠ ᠭᠡᠮ ᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠨ᠎ᠠ᠃ ᠰᠢᠭᠤᠶᠢᠲᠤ ᠵᠡᠭᠡᠯᠢ ᠭᠤᠳᠤᠮᠵᠢ

 ᠶᠢᠨ ᠬᠡᠪᠰᠢᠭᠰᠡᠨ ᠦᠶᠡᠷ ᠢ ᠰᠡᠷᠭᠡᠶᠢᠯᠡᠬᠦ ᠠᠵᠢᠯ ᠢ ᠢᠳᠡᠪᠬᠢᠲᠡᠶ ᠥᠷᠨᠢᠭᠦᠯᠵᠦ᠂ ᠨᠡᠶᠢᠭᠡᠮ ᠲᠣᠭᠤᠷᠢᠭ ᠤᠨ ᠠᠵᠢᠯᠲᠠᠨ

 ᠢ ᠵᠣᠬᠢᠶᠠᠨ ᠪᠠᠶᠢᠭᠤᠯᠤᠨ ᠬᠠᠷᠢᠶ᠎ᠠ ᠣᠷᠣᠨ ᠤ ᠪᠠᠨ ᠳᠣᠲᠣᠷ᠎ᠠ ᠬᠡᠪᠢᠰ ᠮᠠᠶ᠋ᠢᠭ ᠤᠨ ᠪᠠᠶᠢᠳᠠᠯ ᠢ ᠤᠶᠢᠯᠠᠭᠠᠨ

ᠵᠢᠭᠰᠠᠭᠠᠵᠤ᠂ ᠬᠠᠷᠢᠶ᠎ᠠ ᠣᠷᠣᠨ ᠤ ᠪᠠᠨ ᠳᠣᠲᠣᠷᠠᠬᠢ ᠠᠮᠠᠷᠬᠠᠨ ᠤᠰᠤᠲᠤᠬᠤ ᠴᠡᠭ᠂ ᠠᠶᠤᠯᠲᠠᠶ ᠴᠡᠭ ᠢ ᠡᠮᠬᠢᠯᠡᠨ

ᠭᠠᠷᠭᠠᠵᠤ᠂ ᠠᠮᠠᠷᠬᠠᠨ ᠤᠰᠤᠲᠤᠬᠤ ᠴᠡᠭ ᠲᠤ ᠣᠷᠣᠰᠢᠵᠤ ᠪᠠᠶᠢᠭ᠎ᠠ ᠡᠯ᠎ᠡ ᠠᠰᠠᠭᠤᠳᠠᠯ ᠵᠢᠴᠢ ᠰᠢᠯᠲᠠᠭᠠᠨ ᠢ

ᠭᠦᠶᠴᠡᠳ ᠡᠵᠡᠮᠰᠢᠬᠦ ᠶᠢᠨ ᠬᠠᠮᠲᠤ ᠰᠢᠶᠳᠪᠦᠷᠢᠯᠡᠬᠦ ᠲᠥᠰᠦᠯ ᠢᠶᠠᠨ ᠲᠣᠳᠣᠷᠬᠠᠶᠢᠯᠠᠵᠤ᠂ ᠦᠶᠡᠷ ᠢ ᠰᠡᠷᠭᠡᠶᠢᠯᠡᠵᠦ

ᠭᠠᠮᠰᠢᠭ ᠠᠴᠠ ᠠᠪᠤᠷᠬᠠᠤ ᠳᠤ ᠭᠦᠶᠴᠡᠳ ᠪᠡᠯᠡᠳᠬᠡᠯ ᠬᠢᠬᠦ ᠬᠡᠷᠡᠭᠲᠡᠶ᠃

       ᠬᠤᠶᠠᠷ ᠲᠤ ᠦᠶᠡᠷ ᠢ ᠰᠡᠷᠭᠡᠶᠢᠯᠡᠬᠦ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠦᠶᠡᠷ ᠢ ᠰᠡᠷᠭᠡᠶᠢᠯᠡᠬᠦ

ᠠᠵᠢᠯ ᠢ ᠥᠷᠨᠢᠭᠦᠯᠦᠭᠰᠡᠨ ᠠᠴᠠ ᠨᠠᠭᠠᠰᠢ᠂ ᠰᠢᠭᠤᠶᠢᠲᠤ ᠵᠡᠭᠡᠯᠢ ᠭᠤᠳᠤᠮᠵᠢ᠂ ᠰᠢᠨ ᠸᠠᠩ ᠨᠡᠶᠢᠭᠡᠮ ᠲᠣᠭᠤᠷᠢᠭ ᠤᠨ

 ᠬᠢᠨ 24 ᠴᠠᠭ ᠤᠨ ᠦᠶᠡᠷ ᠢ ᠰᠡᠷᠭᠡᠶᠢᠯᠡᠬᠦ ᠵᠢᠵᠢᠭᠦᠷ ᠲᠣᠬᠢᠷᠠᠭᠤᠯᠬᠤ ᠶᠢᠨ ᠬᠠᠮᠲᠤ ᠬᠢᠨᠠᠯᠲᠠ ᠲᠠᠯᠪᠢᠬᠤ ᠪᠠᠨ

ᠴᠢᠩᠭᠠᠳᠬᠠᠵᠤ᠂ ᠵᠢᠵᠢᠭᠦᠷᠯᠡᠭᠴᠢ ᠶᠢᠨ ᠠᠵᠢᠯ ᠤᠨ ᠪᠠᠶᠢᠷᠢ ᠳᠠᠭᠠᠨ ᠪᠠᠶᠢᠬᠤ ᠶᠢ ᠦᠨᠡᠨ ᠬᠦ ᠪᠠᠲᠤᠯᠠᠪᠠ᠃ ᠭᠤᠤᠯ

ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠶᠤᠯ ᠲᠦᠭᠰᠢᠭᠦᠷᠢ ᠶᠢᠨ ᠤᠬᠠᠮᠰᠠᠷ ᠢ ᠳᠡᠭᠡᠭᠰᠢᠯᠡᠭᠦᠯᠵᠦ᠂

ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢ ᠨᠠᠷᠢᠯᠢᠬᠵᠢᠭᠤᠯᠬᠤ ᠬᠡᠷᠡᠭᠲᠡᠶ᠃

       ᠭᠤᠷᠪᠠ ᠳᠤ ᠦᠶᠡᠷ ᠤᠨ ᠪᠠᠶᠢᠳᠠᠯ ᠢ ᠢᠳᠡᠪᠬᠢᠲᠡᠶ ᠠᠷᠭᠠᠴᠠᠨ᠎ᠠ᠃ ᠴᠠᠭ ᠠᠭᠤᠷ ᠤᠨ ᠤᠷᠢᠳᠴᠢᠯᠠᠭᠰᠠᠨ

ᠮᠡᠳᠡᠭᠡ ᠶᠢ ᠴᠠᠭ ᠢᠮᠠᠭᠲᠠ ᠠᠩᠬᠠᠷᠴᠤ᠂ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠵᠢᠯᠣᠭᠤᠳᠬᠤ ᠭᠠᠵᠠᠷ ᠤᠨ

ᠮᠡᠳᠡᠭᠳᠡᠯ ᠢ ᠴᠠᠭ ᠲᠤᠬᠠᠶ ᠳᠤᠨᠢ ᠬᠦᠯᠢᠶᠡᠨ ᠠᠪᠬᠤ ᠶᠢᠨ ᠬᠠᠮᠲᠤ ᠤᠯᠠᠮᠵᠢᠯᠠᠬᠤ ᠬᠡᠷᠡᠭᠲᠡᠶ᠃ ᠬᠡᠷᠪᠡ ᠠᠶᠤᠯ

ᠲᠦᠭᠰᠢᠭᠦᠷᠢ ᠲᠤᠯᠭᠠᠷᠠᠪᠠᠯ ᠳᠠᠷᠤᠶᠢᠬᠠᠨ ᠳᠠᠶᠢᠨ ᠤ ᠪᠠᠶᠢᠳᠠᠯ ᠳᠤ ᠣᠷᠣᠵᠤ᠂ ᠬᠢᠯᠪᠠᠷᠬᠠᠨ ᠤᠰᠤᠲᠤᠬᠤ ᠴᠢᠭ ᠤᠨ

ᠬᠠᠷᠢᠭᠤᠴᠠᠯᠭ᠎ᠠ ᠡᠭᠦᠷᠭᠡᠯᠡᠭᠴᠢ ᠨᠢ ᠠᠵᠢᠯ ᠤᠨ ᠪᠠᠶᠢᠷᠢ ᠳᠠᠭᠠᠨ ᠬᠦᠷᠴᠦ ᠡᠭᠡᠯᠵᠢ ᠪᠠᠨ ᠳᠠᠭᠠᠭᠤᠯᠵᠤ᠂ ᠨᠢᠭᠡᠳᠦᠭᠡᠷ

ᠹᠷᠣᠨᠲ ᠲᠤ ᠭᠦᠨᠵᠡᠭᠡᠶᠢᠷᠡᠨ᠂ ᠡᠮᠦᠨ᠎ᠡ ᠨᠢ ᠵᠢᠯᠣᠭᠤᠳᠴᠤ᠂ ᠪᠣᠷᠣᠭᠠᠨ ᠤ ᠪᠠᠶᠢᠳᠠᠯ ᠢ ᠴᠠᠭ ᠲᠤᠬᠠᠶ ᠳᠤᠨᠢ

ᠪᠠᠶᠢᠴᠠᠭᠠᠨ ᠦᠵᠡᠵᠦ᠂ ᠠᠮᠠᠷᠬᠠᠨ ᠤᠰᠤᠲᠤᠬᠤ ᠴᠢᠭ ᠤᠨ ᠵᠣᠬᠢᠴᠠᠩᠭᠤᠶ ᠰᠢᠶᠳᠪᠦᠷᠢᠯᠡᠬᠦ ᠠᠵᠢᠯ ᠤᠨ ᠪᠡᠯᠡᠳᠬᠡᠯ ᠢ

ᠰᠠᠶᠢᠲᠤᠷ ᠬᠢᠬᠦ ᠬᠡᠷᠡᠭᠲᠡᠶ᠃

       ᠲᠠᠷᠠᠭᠠᠴᠢ ᠶᠢᠨ ᠠᠯᠬᠤᠮ ᠳᠤ᠂ ᠰᠢᠭᠤᠶᠢᠲᠤ ᠵᠡᠭᠡᠯᠢ ᠭᠤᠳᠤᠮᠵᠢ ᠦᠷᠭᠦᠯᠵᠢᠯᠡᠨ ᠦᠶᠡᠷ ᠢ ᠰᠡᠷᠭᠡᠶᠢᠯᠡᠬᠦ

ᠴᠠᠭᠳᠠᠨ ᠪᠠᠶᠢᠴᠠᠭᠠᠯᠲᠠ ᠶᠢ ᠴᠢᠩᠭᠠᠳᠬᠠᠵᠤ᠂ ᠪᠦᠲᠦᠮᠵᠢᠲᠡᠶ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠦᠶᠡᠷ ᠢ

ᠰᠡᠷᠭᠡᠶᠢᠯᠡᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠦᠶᠡᠷ ᠢ ᠰᠡᠷᠭᠡᠶᠢᠯᠡᠬᠦ ᠤᠬᠠᠭᠤᠯᠭ᠎ᠠ ᠶᠢ ᠢᠳᠡᠪᠬᠢᠲᠡᠶ

ᠥᠷᠨᠢᠭᠦᠯᠦᠨ᠂ ᠰᠠᠭᠤᠭᠠᠯᠢ ᠠᠷᠠᠳ ᠤᠨ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠵᠦ᠂ ᠦᠶᠡᠷ ᠤᠨ

ᠬᠤᠭᠤᠴᠠᠭᠠᠨ ᠳᠤ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠠᠮᠢᠳᠤᠷᠠᠯ ᠤᠨ ᠡᠮᠬᠢ ᠳᠢᠭᠯᠢᠮ ᠤᠨ ᠬᠡᠪ ᠤᠨ

ᠪᠠᠶᠢᠬᠤ ᠶᠢ ᠦᠨᠡᠨ ᠬᠦ ᠪᠠᠲᠤᠯᠠᠵᠤ᠂ ᠬᠠᠷᠢᠶ᠎ᠠ ᠣᠷᠣᠨ ᠤ ᠦᠶᠡᠷ ᠢ ᠰᠡᠷᠭᠡᠶᠢᠯᠡᠬᠦ 《 ᠠᠮᠤᠷ ᠲᠦᠪᠰᠢᠨ ᠤ ᠲᠣᠤᠷ

》 ᠢ ᠦᠨᠡᠨ ᠬᠦ ᠨᠢᠭᠲᠠ ᠰᠦᠯᠵᠢᠨ᠎ᠡ᠃

 
ᠢᠷᠡᠯᠲᠡ᠄ ᠰᠢᠭᠤᠶᠢᠲᠤ ᠵᠡᠭᠡᠯᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号