【ᠬᠢᠨᠠᠯᠲᠠ ᠪᠠᠶᠢᠴᠠᠭᠠᠯᠲᠠ】  ᠰᠢᠭᠤᠶᠢᠲᠤ ᠵᠡᠭᠡᠯᠢ ᠭᠤᠳᠤᠮᠵᠢ ᠶᠢᠨ ᠰᠠᠬᠢᠯᠭ᠎ᠠ ᠪᠠᠲᠤ ᠶᠢᠨ ᠠᠵᠢᠯ ᠤᠨ ᠬᠤᠷᠢᠶᠠᠨ ᠤ ᠬᠢᠵᠢᠭ ᠢ ᠰᠡᠷᠭᠡᠶᠢᠯᠡᠬᠦ ᠠᠵᠢᠯ ᠢ ᠰᠢᠪᠠᠳᠠᠨ ᠪᠠᠶᠢᠴᠠᠭᠠᠬᠤ ᠠᠵᠢᠯ ᠢ ᠪᠠᠶᠠᠷ ᠤᠨ ᠡᠳᠦᠷ ᠠᠴᠠ ᠡᠮᠦᠨ᠎ᠡ ᠰᠤᠯᠠᠷᠠᠭᠤᠯᠵᠤ ᠪᠣᠯᠬᠤ ᠦᠭᠡᠢ
ᠨᠡᠶᠢᠲᠡᠯᠡᠭᠰᠡᠨ ᠴᠠᠭ᠄
2022/1/1
         ᠬᠤᠶᠠᠷ ᠪᠠᠶᠠᠷ ᠤᠨ ᠡᠳᠦᠷ ᠪᠣᠯᠬᠤ ᠭᠡᠵᠦ ᠪᠠᠶᠢᠭ᠎ᠠ ᠦᠶ᠎ᠡ ᠳᠤ ᠨᠤᠲᠤᠭ ᠲᠠᠭᠠᠨ ᠪᠤᠴᠠᠭᠰᠠᠳ ᠪᠠ ᠴᠤᠭᠯᠠᠷᠠᠬᠤ ᠪᠠᠶᠢᠳᠠᠯ ᠡᠳᠦᠷ ᠢᠷᠡᠬᠦᠶ᠎ᠡ ᠣᠯᠠᠰᠢᠷᠠᠵᠤ ᠪᠠᠶᠢᠨ᠎ᠠ᠂ ᠪᠠᠶᠠᠷ ᠤᠨ ᠡᠳᠦᠷ ᠤᠨ ᠬᠤᠭᠤᠴᠠᠭᠠᠨ ᠳᠠᠬᠢ ᠬᠢᠵᠢᠭ ᠤᠨ ᠪᠠᠶᠢᠳᠠᠯ   ᠢ ᠰᠡᠷᠭᠡᠶᠢᠯᠡᠨ ᠬᠢᠵᠠᠭᠠᠷᠯᠠᠬᠤ ᠠᠵᠢᠯ   ᠢ ᠤᠯᠠᠮ ᠨᠢᠭᠡ ᠠᠯᠬᠤᠮ ᠰᠠᠶᠢᠲᠤᠷ ᠬᠢᠬᠦ   ᠶᠢᠨ ᠲᠤᠰᠠᠳᠠ᠂ ᠱᠢ ᠭᠤᠸᠠᠢ ᠵᠡᠭᠡᠯᠢ ᠭᠤᠳᠤᠮᠵᠢ   ᠶᠢᠨ ᠰᠠᠬᠢᠯᠭ᠎ᠠ ᠪᠠᠲᠤ   ᠶᠢᠨ ᠠᠵᠢᠯ ᠤᠨ ᠬᠤᠷᠢᠶ᠎ᠠ ᠬᠢᠵᠢᠭ ᠤᠨ ᠪᠠᠶᠢᠳᠠᠯ   ᠢ ᠰᠡᠷᠭᠡᠶᠢᠯᠡᠨ ᠬᠢᠵᠠᠭᠠᠷᠯᠠᠬᠤ ᠲᠤᠰᠬᠠᠢ ᠵᠦᠢᠯ ᠤᠨ ᠬᠢᠨᠠᠯᠲᠠ ᠪᠠᠶᠢᠴᠠᠭᠠᠯᠲᠠ   ᠶᠢ ᠥᠷᠨᠢᠭᠦᠯᠵᠦ᠂ ᠬᠢᠨᠠᠯᠲᠠ ᠲᠠᠯᠪᠢᠬᠤ ᠪᠠᠷ ᠳᠠᠮᠵᠢᠭᠤᠯᠤᠨ ᠬᠢᠵᠢᠭ   ᠢ ᠰᠡᠷᠭᠡᠶᠢᠯᠡᠬᠦ ᠠᠷᠭ᠎ᠠ ᠬᠡᠮᠵᠢᠶ᠎ᠡ   ᠶᠢ ᠪᠣᠳᠠᠲᠠᠢ ᠳᠤ ᠨᠠᠶᠢᠳᠠᠪᠤᠷᠢᠵᠢᠭᠤᠯᠬᠤ   ᠶᠢ ᠠᠬᠢᠭᠤᠯᠵᠤ ᠪᠠᠶᠢᠨ᠎ᠠ᠃         ᠵᠡᠭᠡᠯᠢ ᠭᠤᠳᠤᠮᠵᠢ ᠶᠢᠨ ᠰᠠᠬᠢᠯᠭ᠎ᠠ ᠪᠠᠲᠤ ᠪᠠᠶᠢᠴᠠᠭᠠᠬᠤ ᠠᠵᠢᠯ ᠤᠨ ᠵᠥᠪᠯᠡᠯ ᠲᠠᠰᠢᠷᠠᠮ ᠳᠠᠭᠠᠤ ᠰᠤᠭᠤᠴᠢᠨ ᠪᠠᠶᠢᠴᠠᠭᠠᠵᠤ ᠳᠠᠯᠳᠠᠭᠤᠷ ᠰᠤᠷᠪᠤᠯᠵᠢᠯᠠᠬᠤ ᠠᠷᠭ᠎ᠠ ᠮᠠᠶ᠋ᠢᠭ ᠢᠶᠠᠷ ᠵᠡᠭᠡᠯᠢ ᠭᠤᠳᠤᠮᠵᠢ᠂ ᠨᠡᠶᠢᠭᠡᠮ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠥᠷᠨᠢᠭᠦᠯᠦᠭᠰᠡᠨ ᠪᠠᠶᠢᠳᠠᠯ ᠵᠢᠴᠢ ᠵᠢᠵᠢᠭ ᠲᠣᠭᠤᠷᠢᠭ᠂ ᠱᠠᠩ ᠴᠤᠸ᠂ ᠡᠮ ᠤᠨ ᠳᠡᠯᠭᠡᠭᠦᠷ ᠵᠡᠷᠭᠡ ᠭᠤᠣᠯᠳᠠᠯᠭ᠎ᠠ ᠲᠠᠢ ᠲᠠᠯᠠᠪᠤᠷ ᠭᠠᠵᠠᠷ ᠤᠨ ᠺᠣᠳ᠋ ᠰᠢᠷᠪᠢᠵᠦ ᠲᠡᠮᠳᠡᠭᠯᠡᠬᠦ᠂ ᠪᠡᠶ᠎ᠡ ᠶᠢᠨ ᠳᠤᠯᠠᠭᠠᠨ ᠢ ᠬᠡᠮᠵᠢᠬᠦ᠂ ᠠᠮᠠᠪᠴᠢ ᠵᠡᠭᠦᠬᠦ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠯᠲᠠ ᠬᠢᠵᠦ᠂ ᠨᠠᠶᠢᠳᠠᠪᠤᠷᠢᠵᠢᠭᠤᠯᠤᠭᠰᠠᠨ ᠨᠢ ᠬᠦᠷᠦᠯᠴᠡᠬᠦ ᠦᠭᠡᠢ ᠪᠠᠶᠢᠪᠠᠯ᠂ ᠪᠠᠶᠢᠳᠠᠯ ᠢ ᠴᠠᠭ ᠲᠤᠬᠠᠢ ᠳᠤᠨᠢ ᠬᠠᠷᠢᠭᠤ ᠲᠤᠰᠬᠠᠵᠤ᠂ ᠳᠠᠷᠤᠶᠢᠬᠠᠨ ᠴᠡᠭᠴᠡᠯᠡᠨ ᠰᠠᠶᠢᠵᠢᠷᠠᠭᠤᠯᠬᠤ ᠪᠠᠷ ᠵᠠᠷᠯᠢᠭᠳᠠᠪᠠ᠃        ᠳᠠᠷᠠᠭ᠎ᠠ ᠶᠢᠨ ᠠᠯᠬᠤᠮ ᠳᠤ᠂ ᠵᠡᠭᠡᠯᠢ ᠭᠤᠳᠤᠮᠵᠢ ᠶᠢᠨ ᠰᠠᠬᠢᠯᠭ᠎ᠠ ᠪᠠᠲᠤ ᠶᠢᠨ ᠠᠵᠢᠯ ᠤᠨ ᠬᠤᠷᠢᠶ᠎ᠠ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠭᠤᠭᠴᠤᠭ᠎ᠠ ᠳᠤ ᠦᠷᠭᠦᠯᠵᠢᠯᠡᠨ ᠬᠢᠨᠠᠯᠲᠠ ᠲᠠᠯᠪᠢᠵᠤ ᠪᠠᠶᠢᠴᠠᠭᠠᠯᠲᠠ ᠬᠢᠵᠦ᠂ ᠴᠢᠩᠭ᠎ᠠ ᠬᠢᠨᠠᠯᠲᠠ ᠲᠠᠯᠪᠢᠬᠤ ᠪᠠᠷ ᠬᠠᠷᠢᠭᠤᠴᠠᠯᠭ᠎ᠠ ᠪᠠᠨ ᠭᠦᠢᠴᠡᠳᠬᠡᠵᠦ ᠨᠠᠶᠢᠳᠠᠪᠤᠷᠢᠵᠢᠭᠤᠯᠬᠤ ᠶᠢ ᠠᠬᠢᠭᠤᠯᠵᠤ᠂ ᠬᠠᠷᠢᠶ᠎ᠠ ᠣᠷᠣᠨ ᠤ ᠪᠠᠨ ᠭᠤᠣᠯᠳᠠᠯᠭ᠎ᠠ ᠲᠠᠢ ᠲᠠᠯᠠᠪᠤᠷ᠂ ᠭᠤᠣᠯᠳᠠᠯᠭ᠎ᠠ ᠲᠠᠢ ᠬᠥᠮᠥᠰ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠵᠡᠷᠭᠡ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢᠶᠠᠨ ᠴᠢᠩᠭᠠᠳᠬᠠᠵᠤ᠂ ᠪᠠᠶᠢᠴᠠᠭᠠᠬᠤ ᠪᠠᠷ ᠥᠭᠡᠷᠡᠴᠢᠯᠡᠬᠦ ᠶᠢ ᠠᠬᠢᠭᠤᠯᠬᠤ ᠪᠠᠷ ᠳᠠᠮᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ ᠦᠷᠭᠦᠯᠵᠢᠯᠡᠨ ᠪᠠᠬᠢᠵᠢᠭᠦᠯᠵᠦ᠂ ᠠᠷᠠᠳ ᠤᠯᠠᠨ ᠤ ᠪᠠᠶᠠᠷ ᠳᠤᠷᠠᠰᠬᠠᠯ ᠤᠨ ᠡᠳᠦᠷ ᠢᠶᠠᠨ ᠠᠮᠤᠷ ᠲᠠᠶᠢᠪᠤᠩ ᠢᠶᠠᠷ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ᠃

 
ᠢᠷᠡᠯᠲᠡ᠄ ᠰᠢᠭᠤᠶᠢᠲᠤ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号