【ᠠᠮᠤᠷ ᠲᠦᠪᠰᠢᠨ ᠤ ᠪᠠᠶᠢᠴᠠᠭᠠᠯᠲᠠ】 ᠱᠢ ᠭᠤᠸᠠᠢ ᠵᠡᠭᠡᠯᠢ ᠭᠤᠳᠤᠮᠵᠢ ᠳᠤ ᠠᠶᠤᠯᠭᠦᠢ ᠦᠢᠯᠡᠳᠪᠦᠷᠢᠯᠡᠯ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ︽ᠬᠤᠶᠠᠷ ᠢ ᠵᠢᠭᠰᠠᠭᠠᠨ ᠪᠠᠶᠢᠴᠠᠭᠠᠬᠤ︾ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2022/1/1
        ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠠᠬᠢ ᠡᠯ᠎ᠡ ᠵᠦᠢᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠪᠦᠬᠦ ᠲᠠᠯ᠎ᠠ ᠪᠠᠷ ᠰᠠᠶᠢᠲᠤᠷ ᠠᠳᠬᠤᠵᠤ᠂ ᠬᠠᠷᠢᠶ᠎ᠠ ᠣᠷᠣᠨ ᠤ ᠳᠣᠲᠣᠷᠠᠬᠢ ᠠᠵᠤ ᠠᠬᠤᠶᠢᠯᠠᠯ᠂ ᠬᠤᠳᠠᠯᠳᠤᠭᠠᠨ ᠤ ᠫᠦᠰᠡ ᠶᠢᠨ ᠠᠶᠤᠯᠭᠦᠢ ᠦᠢᠯᠡᠳᠪᠦᠷᠢᠯᠡᠯ ᠤᠨ ᠤᠬᠠᠮᠰᠠᠷ ᠢ ᠳᠡᠭᠡᠭᠰᠢᠯᠡᠭᠦᠯᠵᠦ᠂ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠬᠤ ᠶᠢ ᠪᠦᠲᠦᠮᠵᠢᠲᠡᠢ ᠡᠵᠡᠮᠳᠡᠵᠦ᠂ ᠢᠳᠡᠪᠬᠢᠲᠡᠢ ᠰᠡᠷᠭᠡᠶᠢᠯᠡᠬᠦ ᠶᠢᠨ ᠲᠥᠯᠥᠭᠡ᠂ ᠣᠶᠢᠷ᠎ᠠ ᠳᠤ᠂ ᠱᠢ ᠭᠤᠸᠠᠢ ᠵᠡᠭᠡᠯᠢ ᠭᠤᠳᠤᠮᠵᠢ ᠶᠢᠨ ᠬᠢᠨ ᠠᠶᠤᠯᠭᠦᠢ ᠦᠢᠯᠡᠳᠪᠦᠷᠢᠯᠡᠯ ᠪᠣᠯᠣᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ︽ᠬᠤᠣᠰ ᠪᠠᠶᠢᠴᠠᠭᠠᠯᠲᠠ︾ ᠶᠢᠨ ᠠᠵᠢᠯ ᠢ ᠥᠷᠨᠢᠭᠦᠯᠵᠡᠢ᠃        ᠲᠣᠰ ᠤᠳᠠᠭᠠᠨ ᠤ ᠪᠠᠶᠢᠴᠠᠭᠠᠯᠲᠠ ᠳᠤ ᠭᠤᠣᠯᠳᠠᠭᠤ ᠪᠠᠭᠤᠳᠠᠯ ᠤᠨ ᠠᠷᠢᠭᠤᠳᠬᠠᠭᠰᠠᠨ ᠲᠡᠮᠳᠡᠭᠯᠡᠯ᠂ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ᠂ ᠬᠥᠮᠥᠰ ᠤᠨ ᠣᠷᠣᠵᠤ ᠰᠠᠭᠤᠭᠰᠠᠨ ᠮᠡᠳᠡᠭᠡ ᠵᠠᠩᠭᠢ᠂ ᠴᠠᠬᠢᠯᠭᠠᠨ ᠬᠡᠷᠡᠭᠯᠡᠭᠰᠡᠨ ᠨᠢ ᠵᠢᠷᠤᠮᠵᠢᠯ ᠲᠠᠢ ᠡᠰᠡᠬᠦ᠂ ᠭᠠᠯ ᠤᠨᠲᠠᠷᠠᠭᠠᠬᠤ ᠪᠠᠭᠠᠵᠢ ᠬᠡᠷᠡᠭᠰᠡᠯ ᠲᠣᠬᠢᠷᠠᠭᠤᠯᠤᠭᠰᠠᠨ ᠡᠰᠡᠬᠦ᠂ ᠠᠮᠤᠷ ᠲᠦᠪᠰᠢᠨ ᠭᠠᠷᠬᠤ ᠡᠭᠦᠳᠡ ᠪᠠ ᠪᠠᠴᠢᠮ ᠪᠠᠶᠢᠳᠠᠯ ᠢ ᠠᠷᠭᠠᠴᠠᠬᠤ ᠲᠠᠷᠬᠠᠭᠠᠨ ᠶᠠᠪᠤᠭᠤᠯᠬᠤ ᠵᠠᠮ ᠵᠡᠷᠭᠡ ᠳᠤ ᠴᠢᠭᠯᠡᠭᠦᠯᠦᠨ ᠪᠠᠶᠢᠴᠠᠭᠠᠯᠲᠠ ᠬᠢᠵᠡᠢ᠃ᠡᠭᠦᠨ ᠤ ᠬᠠᠮᠲᠤ ᠬᠤᠳᠠᠯᠳᠤᠭᠠᠨ ᠤ ᠡᠷᠦᠬᠡ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠮᠡᠳᠡᠯᠭᠡ ᠶᠢᠨ ᠤᠬᠠᠭᠤᠯᠭ᠎ᠠ ᠬᠢᠵᠦ᠂ ᠠᠶᠠᠨᠴᠢᠳ ᠤᠨ ᠪᠠᠭᠤᠳᠠᠯ ᠳᠤ ᠭᠠᠳᠠᠨ᠎ᠠ   ᠠᠴᠠ ᠢᠷᠡᠭᠰᠡᠨ ᠬᠥᠮᠥᠰ   ᠢ ᠪᠦᠷᠢᠳᠬᠡᠬᠦ᠂ ᠪᠡᠶ᠎ᠡ   ᠶᠢᠨ ᠳᠤᠯᠠᠭᠠᠨ   ᠢ ᠬᠡᠮᠵᠢᠬᠦ᠂ ᠡᠷᠡᠭᠦᠯ ᠮᠡᠨᠳᠦ   ᠶᠢᠨ ᠨᠣᠮᠧᠷ᠂ ᠠᠶᠠᠯᠠᠯ ᠤᠨ ᠨᠣᠮᠧᠷ   ᠢ ᠪᠠᠶᠢᠴᠠᠭᠠᠨ ᠦᠵᠡᠬᠦ ᠵᠡᠷᠭᠡ ᠠᠷᠭ᠎ᠠ ᠬᠡᠮᠵᠢᠶ᠎ᠡ   ᠶᠢ ᠴᠢᠩᠭ᠎ᠠ ᠨᠠᠶᠢᠳᠠᠪᠤᠷᠢᠵᠢᠭᠤᠯᠵᠤ᠂ ᠬᠠᠯᠠᠭᠤᠷᠠᠵᠤ ᠪᠠᠶᠢᠭ᠎ᠠ᠂ ᠠᠮᠠᠪᠴᠢ ᠵᠡᠭᠦᠭᠰᠡᠨ ᠦᠭᠡᠢ ᠬᠥᠮᠥᠰ ᠤᠨ ᠣᠷᠣᠵᠤ ᠰᠠᠭᠤᠬᠤ   ᠶᠢ ᠴᠠᠭᠠᠵᠠᠯᠠᠵᠤ᠂ ᠠᠵᠢᠯᠯᠠᠵᠤ ᠪᠠᠶᠢᠭ᠎ᠠ ᠬᠥᠮᠥᠰ   ᠢ ᠰᠢᠨ᠎ᠡ ᠸᠠᠺᠼᠢᠨ ᠤ ᠲᠠᠷᠢᠯᠭ᠎ᠠ ᠬᠢᠯᠭᠡᠵᠦ᠂ ᠣᠯᠠᠨ ᠨᠡᠶᠢᠲᠡ   ᠶᠢᠨ ᠣᠷᠣᠨ ᠪᠦᠰᠡ   ᠶᠢᠨ ᠰᠠᠯᠬᠢ ᠨᠡᠪᠲᠡᠷᠡᠭᠦᠯᠬᠦ᠂ ᠠᠷᠢᠯᠭᠠᠬᠤ᠂ ᠠᠷᠢᠭᠤᠨ ᠴᠡᠪᠡᠷ ᠪᠠᠶᠢᠯᠭᠠᠬᠤ ᠵᠡᠷᠭᠡ   ᠶᠢ ᠰᠠᠶᠢᠲᠤᠷ ᠠᠳᠬᠤᠵᠤ᠂ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠠᠮᠢ ᠨᠠᠰᠤ ᠡᠷᠡᠭᠦᠯ ᠮᠡᠨᠳᠦ   ᠶᠢᠨ ᠠᠮᠤᠷ ᠲᠦᠪᠰᠢᠨ   ᠢ ᠦᠨᠡᠨᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠵᠠᠢ᠃         ᠲᠣᠰ ᠤᠳᠠᠭᠠᠨ ᠤ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠪᠠᠷ ᠳᠡᠮᠵᠢᠨ᠂ ᠬᠠᠷᠢᠶᠠᠲᠤ ᠣᠷᠣᠨ ᠤ ᠳᠣᠲᠣᠷᠠᠬᠢ ᠠᠵᠤ ᠠᠬᠤᠶᠢᠯᠠᠯ᠂ ᠬᠤᠳᠠᠯᠳᠤᠭᠠᠨ ᠤ ᠡᠷᠦᠬᠡ ᠶᠢᠨ ᠠᠶᠤᠯᠭᠦᠢ ᠦᠢᠯᠡᠳᠪᠦᠷᠢᠯᠡᠯ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢᠨ ᠦᠵᠡᠯ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠮᠤᠷ ᠲᠦᠪᠰᠢᠨ ᠤ ᠠᠳᠡᠯ ᠭᠠᠷᠬᠤ ᠶᠢ ᠪᠦᠲᠦᠮᠵᠢᠲᠡᠶ ᠰᠡᠷᠭᠡᠶᠢᠯᠡᠬᠦ᠂ ᠵᠡᠭᠡᠯᠢ ᠭᠤᠳᠤᠮᠵᠢ ᠶᠢᠨ ᠡᠯ᠎ᠡ ᠵᠦᠢᠯ ᠤᠨ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ᠂ ᠰᠠᠭᠤᠭᠠᠯᠢ ᠠᠷᠠᠳ ᠤᠨ ᠠᠮᠢ ᠨᠠᠰᠤ ᠡᠷᠡᠭᠦᠯ ᠮᠡᠨᠳᠦ ᠪᠠ ᠠᠮᠤᠷ ᠲᠦᠪᠰᠢᠨ ᠢ ᠬᠠᠮᠠᠭᠠᠯᠠᠬᠤ ᠳᠤ ᠰᠠᠶᠢᠨ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃
 
ᠢᠷᠡᠯᠲᠡ᠄ ᠰᠢᠭᠤᠶᠢᠲᠤ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号