ᠰᠢᠭᠤᠶᠢᠲᠣ ᠵᠡᠭᠡᠯᠢ ᠭᠤᠳᠤᠮᠵᠢ ᠶᠢᠨ ᠭᠠᠯ ᠤᠨᠲᠠᠷᠠᠭᠠᠬᠤ ᠮᠡᠳᠡᠯᠭᠡ ᠶᠢᠨ ᠲᠠᠶᠢᠯᠤᠮᠵᠢ ᠶᠢ ᠰᠤᠷᠤᠯᠴᠠᠨ᠎ᠠ
ᠨᠡᠶᠢᠲᠡᠯᠡᠭᠰᠡᠨ ᠴᠠᠭ᠄
2022/1/1
        ᠺᠠᠳ᠋ᠷ ᠠᠵᠢᠯᠲᠠᠨ ᠠᠵᠢᠯᠴᠢᠨ ᠤ ᠭᠠᠯ ᠤᠨᠲᠠᠷᠠᠭᠠᠬᠤ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠭᠠᠯ ᠤᠨ ᠭᠠᠮᠰᠢᠭ ᠤᠨ ᠥᠪᠡᠷ ᠢ ᠪᠠᠨ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ 12 ᠳ᠋ᠤᠭᠠᠷ ᠰᠠᠷ᠎ᠠ ᠶᠢᠨ 31 ᠤ ᠡᠳᠦᠷ᠂ ᠪᠤᠭᠤᠲᠤ ᠬᠤᠲᠠ ᠶᠢᠨ ᠭᠠᠯ ᠤᠨᠲᠠᠷᠠᠭᠠᠬᠤ ᠤᠬᠠᠭᠤᠯᠭ᠎ᠠ ᠬᠥᠮᠦᠵᠢᠯ ᠤᠨ ᠲᠥᠪ ᠱᠢ ᠭᠤᠸᠠᠢ ᠵᠡᠭᠡᠯᠢ ᠭᠤᠳᠤᠮᠵᠢ ᠳᠤ ᠬᠦᠷᠴᠦ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢᠨ ᠪᠣᠯᠪᠠᠰᠤᠷᠠᠭᠤᠯᠤᠯ ᠥᠷᠨᠢᠭᠦᠯᠵᠦ᠂ ᠵᠡᠭᠡᠯᠢ ᠭᠤᠳᠤᠮᠵᠢ᠂ ᠨᠡᠶᠢᠭᠡᠮ ᠲᠣᠭᠤᠷᠢᠭ ᠤᠨ ᠪᠥᠬᠦ ᠺᠠᠳ᠋ᠷ ᠠᠵᠢᠯᠲᠠᠨ ᠠᠵᠢᠯᠴᠢᠨ ᠰᠤᠷᠤᠯᠴᠠᠯᠭ᠎ᠠ ᠳᠤ ᠣᠷᠣᠯᠴᠠᠵᠠᠢ᠃        ᠲᠠᠶᠢᠯᠤᠮᠵᠢ ᠳᠤ᠂ ᠬᠤᠲᠠ ᠶᠢᠨ ᠭᠠᠯ ᠤᠨᠲᠠᠷᠠᠭᠠᠬᠤ ᠤᠬᠠᠭᠤᠯᠭ᠎ᠠ ᠬᠥᠮᠦᠵᠢᠯ ᠤᠨ ᠲᠥᠪ ᠤᠨ ᠬᠠᠷᠢᠶᠠᠲᠤ ᠢᠦᠢ ᠵᠢᠶᠦ᠋ᠨ ᠰᠤᠷᠭᠠᠭᠴᠢ ᠠᠴᠠ ᠣᠯᠠᠨ ᠳᠤ ᠭᠠᠯ ᠤᠨ ᠭᠠᠮᠰᠢᠭ ᠢ ᠰᠡᠷᠭᠡᠶᠢᠯᠡᠬᠦ ᠮᠡᠳᠡᠯᠭᠡ ᠶᠢ ᠲᠠᠶᠢᠯᠪᠤᠷᠢᠯᠠᠵᠤ ᠥᠭᠭᠦᠭᠰᠡᠨ ᠪᠥᠭᠡᠳ ᠦᠨᠡᠨ ᠪᠣᠳᠠᠲᠠᠢ ᠬᠡᠷᠡᠭ ᠤᠨ ᠵᠢᠱᠢᠶ᠎ᠡ ᠪᠠᠷ ᠳᠠᠮᠵᠢᠭᠤᠯᠤᠨ ᠣᠯᠠᠨ ᠳᠤ ᠭᠠᠯ ᠤᠨ ᠭᠠᠮᠰᠢᠭ ᠡᠭᠦᠰᠦᠭᠰᠡᠨ ᠤ ᠳᠠᠷᠠᠭᠠᠬᠢ ᠬᠦᠨᠳᠦ ᠨᠣᠴᠢᠲᠠᠢ ᠦᠷ᠎ᠡ ᠳ᠋ᠦᠩ ᠵᠢᠴᠢ ᠭᠠᠯ ᠤᠨ ᠭᠠᠮᠰᠢᠭ ᠡᠭᠦᠰᠦᠭᠰᠡᠨ ᠤ ᠳᠠᠷᠠᠭᠠᠬᠢ ᠠᠮᠤᠷ ᠲᠦᠪᠰᠢᠨ ᠢᠶᠠᠷ ᠲᠠᠷᠬᠠᠭᠠᠬᠤ ᠪᠠ ᠠᠮᠢ ᠵᠢᠭᠤᠲᠠᠬᠤ ᠮᠡᠳᠡᠯᠭᠡ ᠶᠢ ᠳᠡᠯᠭᠡᠨ ᠦᠵᠡᠭᠦᠯᠵᠦ᠂ ᠡᠭᠦᠨ ᠢᠶᠠᠷ ᠣᠯᠠᠨ ᠤ ᠰᠡᠳᠬᠢᠯ ᠳᠠᠬᠢ ᠭᠠᠯ ᠤᠨᠲᠠᠷᠠᠭᠠᠬᠤ ᠠᠮᠤᠷ ᠲᠦᠪᠰᠢᠨ ᠤ ᠰᠡᠷᠡᠮᠵᠢ ᠶᠢᠨ ᠳᠣᠬᠢᠶ᠎ᠠ ᠶᠢ ᠳᠤᠤᠭᠠᠷᠭᠠᠪᠠ᠃ᠡᠭᠦᠨ ᠤ ᠵᠡᠷᠭᠡ ᠳᠤ ᠣᠯᠠᠨ ᠳᠤ ᠰᠠᠨᠠᠭᠤᠯᠬᠤ ᠨᠢ᠂ ᠨᠡᠭᠦᠷᠡᠰᠦᠨ ᠬᠡᠢ ᠯᠡᠪᠡᠷᠡᠬᠦ᠂ ᠴᠠᠬᠢᠯᠭᠠᠨ ᠤᠲᠠᠰᠤ ᠬᠠᠭᠤᠴᠢᠷᠠᠬᠤ᠂ ᠴᠠᠬᠢᠯᠭᠠᠨ ᠭᠤᠭᠤᠵᠢᠬᠤ ᠵᠡᠷᠭᠡ ᠬᠠᠵᠠᠭᠤ ᠳᠠᠭᠠᠨ ᠴᠠᠭ ᠢᠮᠠᠭᠲᠠ ᠣᠷᠣᠰᠢᠵᠤ ᠪᠠᠶᠢᠭ᠎ᠠ ᠠᠮᠤᠷ ᠲᠦᠪᠰᠢᠨ ᠤ ᠳᠠᠯᠳᠠ ᠬᠡᠮ   ᠢ ᠠᠩᠬᠠᠷᠴᠤ᠂ ᠣᠯᠠᠨ ᠳᠤ ᠬᠡᠷᠬᠢᠨ ᠰᠡᠷᠭᠡᠶᠢᠯᠡᠬᠦ᠂ ᠰᠠᠨᠠᠭᠠᠨ ᠳᠤ ᠦᠭᠡᠢ ᠬᠡᠷᠡᠭ ᠭᠠᠷᠬᠤ   ᠶᠢ ᠠᠷᠭᠠᠴᠠᠬᠤ᠂ ᠬᠡᠷᠬᠢᠨ ᠥᠪᠡᠷ ᠤᠨ ᠠᠮᠢ ᠨᠠᠰᠤ ᠪᠠᠨ ᠬᠠᠮᠠᠭᠠᠯᠠᠬᠤ   ᠶᠢᠨ ᠵᠡᠷᠭᠡ ᠳᠤ ᠬᠤᠬᠢᠷᠠᠯ   ᠢ ᠬᠠᠮᠤᠭ ᠤᠨ ᠪᠠᠭ᠎ᠠ ᠬᠡᠮᠵᠢᠶᠡᠨ ᠳᠤ ᠬᠦᠷᠲᠡᠯ᠎ᠡ ᠪᠠᠭᠠᠰᠬᠠᠬᠤ   ᠶᠢ ᠬᠡᠯᠡᠵᠦ ᠥᠭᠬᠦ   ᠶᠢᠨ ᠵᠡᠷᠭᠡ ᠳᠤ ᠭᠠᠯ ᠤᠨᠲᠠᠷᠠᠭᠠᠭᠤᠷ᠂ ᠴᠠᠰᠤ ᠤᠨᠲᠠᠷᠠᠭᠠᠬᠤ ᠬᠡᠪᠢᠰ   ᠢ ᠵᠥᠪ ᠬᠡᠷᠡᠭᠯᠡᠬᠦ ᠠᠷᠭ᠎ᠠ   ᠶᠢ ᠲᠠᠶᠢᠯᠪᠤᠷᠢᠯᠠᠵᠤ ᠥᠭᠭᠦᠭᠰᠡᠨ ᠪᠠᠶᠢᠨ᠎ᠠ᠃ᠲᠤᠰ ᠤᠳᠠᠭᠠᠨ ᠤ ᠭᠠᠯ ᠰᠡᠷᠭᠡᠶᠢᠯᠡᠬᠦ ᠠᠮᠤᠷ ᠲᠦᠪᠰᠢᠨ ᠤ ᠪᠣᠯᠪᠠᠰᠤᠷᠠᠯ ᠢᠶᠠᠷ ᠳᠡᠮᠵᠢᠨ ᠲᠤᠬᠠᠢ ᠶᠢᠨ ᠲᠠᠯᠠᠪᠠᠶ ᠶᠢᠨ ᠬᠥᠮᠥᠨ ᠪᠦᠷᠢ ᠳᠤ ᠭᠠᠯ ᠤᠨ ᠭᠠᠮᠰᠢᠭ ᠤᠨ ᠬᠠᠶᠢᠷ᠎ᠠ ᠨᠠᠶᠢᠷ ᠦᠭᠡᠢ ᠪᠠᠶᠢᠬᠤ ᠪᠠ ᠭᠠᠯ ᠤᠨᠲᠠᠷᠠᠭᠠᠬᠤ ᠮᠡᠳᠡᠯᠭᠡ ᠶᠢᠨ ᠴᠢᠬᠤᠯᠠ ᠴᠢᠨᠠᠷ ᠢ ᠭᠦᠨᠵᠡᠭᠡᠢ ᠲᠠᠨᠢᠭᠤᠯᠵᠤ᠂ ᠪᠥᠬᠦ ᠺᠠᠳ᠋ᠷ ᠠᠵᠢᠯᠲᠠᠨ ᠠᠵᠢᠯᠴᠢᠨ ᠤ ᠠᠶᠤᠯ ᠲᠦᠭᠰᠢᠭᠦᠷᠢ ᠶᠢ ᠤᠷᠢᠳᠴᠢᠯᠠᠨ ᠰᠡᠷᠭᠡᠶᠢᠯᠡᠬᠦ ᠠᠮᠤᠷ ᠲᠦᠪᠰᠢᠨ ᠤ ᠤᠬᠠᠮᠰᠠᠷ ᠢ ᠤᠯᠠᠮ ᠨᠢᠭᠡ ᠠᠯᠬᠤᠮ ᠪᠠᠲᠤᠳᠬᠠᠨ᠂ ᠭᠠᠯ ᠤᠨᠲᠠᠷᠠᠭᠠᠬᠤ ᠦᠨᠳᠦᠰᠦᠨ ᠠᠷᠭ᠎ᠠ ᠪᠠ ᠥᠪᠡᠷ ᠢ ᠪᠠᠨ ᠠᠪᠤᠷᠠᠬᠤ᠂ ᠬᠠᠷᠢᠯᠴᠠᠨ ᠠᠪᠤᠷᠠᠬᠤ ᠦᠨᠳᠦᠰᠦᠨ ᠤᠷ᠎ᠠ ᠴᠢᠳᠠᠪᠤᠷᠢ ᠶᠢ ᠪᠣᠯᠪᠠᠰᠤᠷᠠᠩᠭᠤᠢ ᠡᠵᠡᠮᠰᠢᠭᠦᠯᠵᠦ᠂ ᠭᠠᠯ ᠤᠨ ᠭᠠᠮᠰᠢᠭ ᠢ ᠰᠡᠷᠭᠡᠶᠢᠯᠡᠨ ᠡᠵᠡᠮᠳᠡᠬᠦ ᠠᠵᠢᠯ ᠳᠤ ᠪᠠᠲᠤ ᠪᠠᠬᠢ ᠭᠠᠯ ᠤᠨᠲᠠᠷᠠᠭᠠᠬᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠶᠢᠭᠤᠯᠵᠤ ᠥᠭᠭᠦᠭᠰᠡᠨ ᠪᠠᠶᠢᠨ᠎ᠠ᠃

 
ᠢᠷᠡᠯᠲᠡ᠄ ᠰᠢᠭᠤᠶᠢᠲᠤ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号