2021 ᠣᠨ ᠤ 12 ᠰᠠᠷ᠎ᠠ ᠶᠢᠨ 9 - 10 ᠤ ᠡᠳᠦᠷ ᠪᠣᠯᠲᠠᠯ᠎ᠠ᠂ ᠪᠠᠷᠠᠭᠠᠨ ᠤ ᠭᠦᠶᠯᠭᠡᠭᠡᠨ ᠤ | ᠬᠦᠷᠢᠶᠡᠯᠡᠩ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ 2 ᠡᠳᠦᠷ ᠤᠨ ᠬᠤᠭᠤᠴᠠᠭ᠎ᠠ ᠲᠠᠢ ᠨᠠᠮ ᠤᠨ ᠲᠡᠦᠬᠡ | ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠶ ᠰᠡᠳᠦᠪᠲᠦ ᠨᠣᠮ ᠤᠩᠰᠢᠬᠤ ᠠᠩᠭᠢ ᠶᠢ ᠥᠷᠨᠢᠭᠦᠯᠪᠡ᠂ ᠲᠣᠰ | ᠬᠤᠭᠤᠴᠠᠭᠠᠨ ᠤ ᠨᠣᠮ ᠤᠩᠰᠢᠬᠤ ᠠᠩᠭᠢ ᠶᠢᠨ ᠭᠤᠤᠯ ᠰᠡᠳᠦᠪ ᠪᠣᠯ ᠨᠠᠮ ᠤᠨ ᠠᠷᠪᠠ ᠶᠢᠰᠦᠳᠦᠭᠡᠷ ᠬᠤᠭᠤᠴᠠᠭᠠᠨ | ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠶᠠᠪᠤᠳᠠᠯ ᠪᠣᠯᠤᠨ᠎ᠠ ᠃ | | 12 ᠰᠠᠷ᠎ᠠ ᠶᠢᠨ 9 ᠤ ᠡᠳᠦᠷ ᠤᠨ ᠦᠳᠡ ᠶᠢᠨ ᠡᠮᠦᠨ᠎ᠡ᠂ ᠬᠦᠷᠢᠶᠡᠯᠡᠩ ᠲᠣᠭᠤᠷᠢᠭ ᠲᠤ ᠨᠣᠮ ᠤᠩᠰᠢᠬᠤ | ᠠᠩᠭᠢ ᠶᠢᠨ ᠰᠤᠷᠤᠯᠭ᠎ᠠ ᠡᠬᠢᠯᠡᠬᠦ ᠶᠣᠰᠣᠯᠠᠯ ᠬᠢᠵᠦ᠂ ᠬᠤᠷᠠᠯ ᠢ ᠨᠠᠮ ᠤᠨ ᠠᠵᠢᠯᠯᠠᠬᠤ ᠬᠤᠷᠢᠶᠠᠨ ᠤ ᠱᠦᠵᠢ | ᠡᠷᠭᠢᠯᠡᠭᠰᠡᠨ ᠪᠥᠭᠡᠳ ᠰᠤᠷᠤᠯᠭ᠎ᠠ ᠡᠬᠢᠯᠡᠬᠦ ᠶᠣᠰᠣᠯᠠᠯ ᠳᠡᠭᠡᠷ᠎ᠡ ᠴᠢᠬᠤᠯᠠ ᠶᠠᠷᠢᠶ᠎ᠠ ᠲᠠᠯᠪᠢᠪᠠ᠂ ᠲᠡᠷᠡ᠂ ᠨᠠᠮ ᠤᠨ | ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠪᠣᠯ ᠮᠠᠨ ᠤ ᠨᠠᠮ | ᠪᠠᠶᠢᠭᠤᠯᠤᠭᠳᠠᠭᠰᠠᠨ ᠵᠠᠭᠤᠨ ᠵᠢᠯ ᠤᠨ ᠣᠶ᠂ ᠨᠠᠮ ᠪᠣᠯᠤᠨ ᠠᠷᠠᠳ ᠲᠦᠮᠡᠨ ᠤ ᠨᠢᠭᠡᠳᠦᠭᠡᠷ ᠵᠠᠭᠤᠨ ᠵᠢᠯ ᠤᠨ | ᠲᠡᠮᠡᠴᠡᠬᠦ ᠬᠠᠷᠠᠯᠲᠠ ᠶᠢ ᠢᠯᠠᠯᠲᠠ ᠲᠠᠢ ᠪᠡᠶᠡᠯᠡᠭᠦᠯᠬᠦ ᠪᠠ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠡᠶᠡᠯᠡᠭᠦᠯᠬᠦ᠂ | ᠨᠡᠶᠢᠭᠡᠮ ᠵᠢᠷᠤᠮ ᠤᠨ ᠣᠳᠣᠬᠢᠴᠢᠯᠠᠭᠰᠠᠨ ᠬᠦᠴᠦᠷᠬᠡᠭ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ | ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ ᠤᠷᠤᠭᠰᠢᠯᠠᠵᠤ ᠪᠠᠶᠢᠭ᠎ᠠ ᠴᠢᠬᠤᠯᠠ ᠶᠡᠭᠡ ᠲᠡᠦᠬᠡᠨ | ᠵᠠᠩᠭᠢᠯᠠᠭ᠎ᠠ ᠶᠢᠨ ᠦᠶ᠎ᠡ ᠳᠤ ᠬᠤᠷᠠᠯᠳᠤᠭᠰᠠᠨ ᠨᠢᠭᠡ ᠤᠳᠠᠭ᠎ᠠ ᠶᠢᠨ ᠴᠢᠬᠤᠯᠠ ᠬᠤᠷᠠᠯ ᠪᠣᠯᠤᠨ᠎ᠠ᠂ ᠵᠠᠪᠠᠯ ᠡᠨᠡ | ᠤᠳᠠᠭ᠎ᠠ ᠶᠢᠨ ᠬᠤᠷᠠᠯ ᠤᠨ ᠴᠢᠬᠤᠯᠠ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠵᠤ᠂ ᠪᠥᠬᠦᠳᠡ ᠬᠤᠷᠠᠯ ᠤᠨ | ᠵᠣᠷᠢᠭ ᠰᠠᠨᠠᠭ᠎ᠠ ᠶᠢ ᠰᠠᠶᠢᠲᠤᠷ ᠣᠶᠢᠯᠠᠭᠠᠬᠤ ᠬᠡᠷᠡᠭᠲᠡᠶ ᠭᠡᠵᠦ ᠴᠢᠬᠤᠯᠠᠴᠢᠯᠠᠪᠠ ᠃ ᠨᠣᠮ ᠤᠩᠰᠢᠬᠤ ᠠᠩᠬᠢ ᠶᠢᠨ | ᠬᠤᠭᠤᠴᠠᠭᠠᠨ ᠳᠤ᠂ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ | ᠱᠦᠵᠢ ᠲᠦᠷᠦᠭᠦᠯᠡᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ | ᠤᠨ ᠵᠣᠷᠢᠭ ᠰᠠᠨᠠᠭ᠎ᠠ ᠶᠢᠨ ᠲᠣᠭᠤᠷᠢᠨ ᠳᠤ ᠲᠤᠰᠬᠠᠢ ᠰᠡᠳᠦᠪᠲᠦ ᠰᠤᠷᠤᠯᠴᠠᠯᠭ᠎ᠠ ᠬᠢᠵᠦ᠂ ᠦᠳᠡ ᠶᠢᠨ ᠬᠤᠶᠢᠨ᠎ᠠ | ᠪᠠᠶᠢᠭᠤᠯᠤᠯᠭ᠎ᠠ ᠶᠢᠨ ᠨᠠᠮ ᠤᠨ ᠡᠭᠦᠷ ᠤᠨ ᠱᠦᠵᠢ ᠬᠦᠷᠢᠶᠡᠯᠡᠩ ᠲᠣᠭᠤᠷᠢᠭ ᠤᠨ ᠨᠠᠮ ᠤᠨ ᠭᠡᠰᠢᠭᠦᠨ ᠵᠢᠴᠢ | ᠢᠳᠡᠪᠬᠢᠲᠡᠨ ᠢ ᠵᠣᠬᠢᠶᠠᠨ ᠪᠠᠶᠢᠭᠤᠯᠵᠤ 《 ᠪᠢ ᠤᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ ᠠᠵᠢᠯᠯᠠᠭ᠎ᠠ | 》 ᠥᠷᠨᠢᠭᠦᠯᠪᠡ ᠃ 10 ᠤ ᠡᠳᠦᠷ ᠤᠨ ᠦᠳᠡ ᠶᠢᠨ ᠬᠤᠶᠢᠨ᠎ᠠ᠂ ᠬᠦᠷᠢᠶᠡᠯᠡᠩ ᠲᠣᠭᠤᠷᠢᠭ ᠤᠨ ᠨᠠᠮ ᠤᠨ | ᠭᠡᠰᠢᠭᠦᠨ ᠺᠠᠳ᠋ᠷᠴᠤᠳ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ | ᠤᠨ ᠵᠣᠷᠢᠭ ᠰᠠᠨᠠᠭᠠᠨ ᠤ ᠲᠣᠭᠤᠷᠢᠨ ᠳᠤ ᠲᠥᠪᠯᠡᠷᠡᠭᠦᠯᠦᠨ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ ᠃ | ᠨᠣᠮ ᠤᠩᠰᠢᠬᠤ ᠠᠩᠬᠢ ᠶᠢᠨ ᠬᠤᠭᠤᠴᠠᠭᠠᠨ ᠳᠤ᠂ ᠬᠦᠷᠢᠶᠡᠯᠡᠩ ᠲᠣᠭᠤᠷᠢᠭ ᠤᠨ ᠨᠠᠮ ᠤᠨ ᠭᠡᠰᠢᠭᠦᠨ ᠺᠠᠳ᠋ᠷ | ᠬᠠᠷᠢᠯᠴᠠᠨ ᠰᠣᠯᠢᠯᠴᠠᠵᠤ᠂ ᠬᠠᠷᠢᠯᠴᠠᠨ ᠰᠡᠩᠬᠡᠷᠡᠭᠦᠯᠵᠦ᠂ ᠬᠠᠮᠲᠤ ᠪᠠᠷ ᠳᠡᠭᠡᠭᠰᠢᠯᠡᠵᠦ᠂ ᠰᠠᠶᠢᠨ ᠰᠠᠶᠢᠬᠠᠨ ᠰᠤᠷᠤᠯᠭ᠎ᠠ | ᠶᠢᠨ ᠦᠷ᠎ᠡ ᠪᠦᠲᠦᠮᠵᠢ ᠤᠯᠪᠠ ᠃ ᠨᠠᠮ ᠪᠠᠶᠢᠭᠤᠯᠬᠤ ᠠᠭᠤᠤ ᠶᠡᠭᠡ ᠵᠣᠷᠢᠭ ᠰᠠᠨᠠᠭ᠎ᠠ ᠪᠣᠯ ᠮᠠᠨ ᠤ ᠨᠠᠮ ᠤᠨ ᠤᠷᠳᠤ | ᠬᠤᠭᠤᠴᠠᠭᠠᠨ ᠤ ᠦᠢᠯᠡᠳᠦᠯᠭᠡ ᠪᠠᠷ ᠬᠤᠷᠠᠮᠳᠤᠭᠤᠯᠤᠭᠰᠠᠨ ᠡᠷᠬᠢᠮ ᠨᠠᠨᠳᠢᠨ ᠲᠤᠷᠰᠢᠯᠭ᠎ᠠ ᠮᠥᠨ᠂ ᠨᠠᠮ ᠪᠠ ᠠᠷᠠᠳ | ᠲᠦᠮᠡᠨ ᠤ ᠬᠠᠮᠲᠤ ᠪᠠᠷ ᠡᠭᠦᠳᠦᠨ ᠪᠦᠲᠦᠭᠡᠭᠰᠡᠨ ᠤᠶᠤᠨ ᠰᠠᠨᠠᠭᠠᠨ ᠤ ᠡᠳ᠋ ᠪᠠᠶᠠᠯᠢᠭ ᠮᠥᠨ ᠃ ᠡᠪ ᠬᠠᠮᠲᠤ ᠨᠠᠮ | ᠤᠨ ᠭᠡᠰᠢᠭᠦᠨ ᠡᠷᠬᠡᠪᠰᠢ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠰᠢᠷᠭᠠᠭᠤ | ᠬᠠᠲᠠᠭᠤᠵᠢᠯᠲᠠᠶ ᠲᠡᠮᠡᠴᠡᠬᠦ ᠵᠣᠷᠢᠭ ᠰᠠᠨᠠᠭ᠎ᠠ ᠶᠢ ᠪᠠᠳᠠᠷᠠᠭᠤᠯᠵᠤ᠂ ᠢᠮᠠᠭᠲᠠ ᠬᠠᠮᠤᠭ ᠤᠨ ᠡᠮᠦᠨ᠎ᠡ ᠹᠷᠣᠨᠲ ᠲᠤ | ᠲᠡᠮᠡᠴᠡᠬᠦ ᠬᠡᠷᠡᠭᠲᠡᠶ ᠃ ᠪᠠᠶᠢᠭᠤᠯᠭ᠎ᠠ ᠶᠢᠨ ᠠᠵᠢᠯᠲᠠᠨ ᠪᠣᠯᠤᠭᠰᠠᠨ ᠤ ᠬᠤᠪᠢ ᠳᠤ᠂ ᠪᠥᠬᠦᠳᠡ ᠬᠤᠷᠠᠯ ᠤᠨ ᠵᠣᠷᠢᠭ | ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠠᠴᠠ ᠡᠭᠦᠰᠦᠭᠰᠡᠨ ᠠᠵᠢᠯ ᠤᠨ ᠬᠠᠯᠠᠭᠤᠨ ᠰᠡᠳᠬᠢᠯᠭᠡ ᠪᠠ | ᠤᠷᠤᠭᠰᠢᠯᠠᠨ ᠳᠠᠪᠰᠢᠬᠤ ᠵᠣᠷᠢᠭ ᠰᠠᠨᠠᠭ᠎ᠠ ᠶᠢ ᠦᠨᠡᠨ ᠬᠦ ᠠᠵᠢᠯ ᠤᠨ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ | ᠂ ᠪᠠᠲᠤ ᠰᠠᠬᠢᠬᠤ ᠪᠠ ᠪᠠᠷᠢᠮᠲᠠᠯᠠᠬᠤ ᠪᠠᠷ ᠦᠵᠡᠯ ᠰᠠᠨᠠᠭᠠᠨ ᠤ ᠳᠠᠪᠲᠠᠯᠲᠠ᠂ ᠤᠯᠤᠰ ᠲᠥᠷᠥ ᠶᠢᠨ ᠳᠠᠪᠲᠠᠯᠲᠠ᠂ | ᠦᠶᠯᠡᠳᠦᠯᠭᠡ ᠶᠢᠨ ᠳᠠᠪᠲᠠᠯᠲᠠ ᠳᠤᠮᠳᠠ ᠰᠢᠨ᠎ᠡ ᠴᠠᠭ ᠦᠶ᠎ᠡ ᠶᠢᠨ ᠵᠠᠯᠠᠭᠤ ᠨᠠᠰᠤᠨ ᠤ ᠬᠠᠷᠢᠭᠤᠯᠲᠠ ᠶᠢᠨ | ᠬᠠᠭᠤᠳᠠᠰᠤ ᠶᠢ ᠪᠢᠴᠢᠭᠯᠡᠬᠦ ᠬᠡᠷᠡᠭᠲᠡᠶ ᠃ | | | | | |