ᠡᠳ᠋ ᠪᠠᠷᠠᠭᠠᠨ ᠤ ᠭᠦᠶᠯᠭᠡᠭᠡᠨ ᠤ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ 《 ᠨᠠᠮ  ᠤᠨ ᠲᠡᠦᠬᠡ ᠶᠢᠨ ᠦᠳᠡ ᠶᠢᠨ ᠬᠤᠶᠢᠨᠠᠬᠢ ᠬᠢᠴᠢᠶᠡᠯ 》 ᠢ ᠰᠦᠪᠡᠭᠴᠢᠯᠡᠵᠦ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠬᠠᠯᠠᠭᠤᠨ ᠰᠡᠳᠬᠢᠯᠭᠡ ᠢ ᠬᠥᠭᠵᠢᠭᠡᠪᠡ
ᠨᠡᠶᠢᠲᠡᠯᠡᠭᠰᠡᠨ ᠴᠠᠭ᠄
2022/1/13
      ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ ᠳᠠᠶᠢᠴᠢᠯᠠᠨ ᠪᠠᠶᠢᠷᠢᠯᠠᠭᠤᠯᠤᠭᠰᠠᠨ ᠠᠴᠠ ᠨᠠᠭᠠᠰᠢ᠂ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠦᠳᠲᠡᠷ ᠲᠦᠷᠭᠡᠨ ᠰᠤᠷᠤᠯᠴᠠᠬᠤ ᠥᠷᠨᠢᠯᠲᠡ ᠭᠠᠷᠭᠠᠵᠤ᠂ ᠬᠦᠷᠢᠶᠡᠯᠡᠩ ᠲᠣᠭᠤᠷᠢᠭ ᠤᠨ ᠠᠵᠢᠯ ᠤᠨ ᠪᠣᠳᠠᠲᠤ ᠪᠠᠶᠢᠳᠠᠯ ᠲᠠᠢ  ᠪᠠᠨ ᠤᠶᠠᠯᠳᠤᠭᠤᠯᠤᠨ᠂ ᠠᠵᠢᠯ ᠤᠨ ᠴᠢᠯᠥᠭᠡ ᠪᠠᠷ ᠢᠶᠠᠨ 《 ᠨᠠᠮ ᠤᠨ ᠲᠡᠦᠬᠡ ᠶᠢᠨ ᠦᠳᠡ ᠶᠢᠨ ᠬᠢᠴᠢᠶᠡᠯ 》 ᠢ ᠰᠦᠪᠡᠭᠴᠢᠯᠡᠨ ᠥᠷᠨᠢᠭᠦᠯᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠠᠬᠢᠭᠤᠯᠵᠤ᠂ 《 ᠪᠠᠭ᠎ᠠ ᠬᠢᠴᠢᠶᠡᠯ ᠤᠨ ᠲᠠᠩᠬᠢᠮ 》 ᠢᠶᠠᠷ 《 ᠶᠡᠭᠡ ᠡᠭᠦᠷᠭᠡᠯᠡᠯ 》 ᠢ ᠡᠭᠦᠷᠭᠡᠯᠡᠵᠦ᠂ 《 ᠨᠠᠮ  ᠤᠨ ᠲᠡᠦᠬᠡ ᠶᠢᠨ ᠦᠳᠡ ᠶᠢᠨ ᠬᠢᠴᠢᠶᠡᠯ 》 ᠢ 《 ᠨᠡᠭᠡᠭᠡᠵᠦ 》᠂ 《 ᠠᠮᠢᠳᠤᠯᠢᠭ ᠪᠣᠯᠭᠠᠵᠤ 》᠂ 《 ᠳᠣᠲᠣᠨᠣᠰᠤᠭ ᠪᠣᠯᠭᠠᠵᠤ 》 ᠪᠠᠶᠢᠨ᠎ᠠ  ᠃ ᠣᠲᠣ ᠪᠣᠯᠲᠠᠯ᠎ᠠ᠂ ᠪᠠᠷᠠᠭᠠᠨ ᠤ ᠭᠦᠶᠯᠭᠡᠭᠡᠨ ᠤ ᠬᠦᠷᠢᠶᠡᠯᠡᠩ ᠲᠣᠭᠤᠷᠢᠭ  ᠤᠨ ᠬᠠᠮᠢᠶᠠᠷᠤᠯᠲᠠ ᠶᠢᠨ ᠵᠥᠪᠯᠡᠯ ᠨᠡᠶᠢᠲᠡ 40 ᠭᠠᠷᠤᠶ ᠲᠠᠯᠠᠪᠤᠷ 《 ᠨᠠᠮ ᠤᠨ ᠲᠡᠦᠬᠡ ᠶᠢᠨ ᠦᠳᠡ ᠶᠢᠨ ᠬᠢᠴᠢᠶᠡᠯ 》 ᠢ ᠥᠷᠨᠢᠭᠦᠯᠪᠡ  ᠃       ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ  ᠶᠢᠨ ᠲᠦᠷᠢᠮ ᠲᠠᠢ ᠠᠭᠤᠰᠤᠯᠴᠠᠭᠤᠯᠤᠨ ᠠᠬᠢᠭᠤᠯᠵᠤ᠂ ᠠᠵᠢᠯ ᠤᠨ ᠴᠢᠯᠥᠭᠡᠨ ᠤ ᠬᠡᠰᠡᠭ ᠪᠤᠰᠠᠭ ᠴᠠᠭ ᠢ ᠠᠰᠢᠭᠯᠠᠨ 《 ᠨᠠᠮ ᠤᠨ ᠲᠡᠦᠬᠡ ᠶᠢᠨ ᠦᠳᠡ ᠶᠢᠨ ᠬᠢᠴᠢᠶᠡᠯ 》 ᠢ ᠰᠦᠪᠡᠭᠴᠢᠯᠡᠨ ᠬᠡᠷᠡᠭᠵᠢᠭᠦᠯᠬᠦ ᠶᠢᠨ ᠬᠠᠮᠲᠤ ᠲᠡᠭᠦᠨ ᠢ ᠰᠤᠷᠤᠯᠴᠠᠯᠭ᠎ᠠ ᠬᠥᠮᠦᠵᠢᠯ ᠤᠨ ᠣᠨᠴᠠᠯᠢᠭᠲᠤ ᠬᠥᠳᠡᠯᠭᠡᠭᠡᠨ ᠪᠣᠯᠭᠠᠵᠤ᠂ ᠨᠠᠮ ᠤᠨ ᠭᠡᠰᠢᠭᠦᠨ ᠢ ᠬᠥᠲᠥᠯᠥᠨ ᠵᠢᠯᠣᠭᠤᠳᠴᠤ ᠪᠠᠶᠢᠭᠠᠳ 《 ᠰᠠᠨᠠᠭᠠᠴᠢᠯᠠᠭ᠎ᠠ ᠥᠬᠡᠶ ᠪᠠᠷ ᠭᠥᠯᠢᠶᠡᠨ ᠠᠪᠴᠤ 》 ᠪᠠᠶᠢᠭᠰᠠᠨ ᠠᠴᠠ 《 ᠰᠠᠨᠠᠭᠠᠴᠢᠯᠠᠭ᠎ᠠ ᠠᠴᠠ ᠪᠠᠨ ᠰᠤᠷᠤᠯᠴᠠᠬᠤ 》 ᠪᠣᠯᠭᠠᠨ ᠬᠤᠪᠢᠷᠠᠭᠤᠯᠤᠨ᠎ᠠ  ᠃ ᠪᠢ ᠨᠢᠭᠲᠠ ᠠᠵᠢᠯᠯᠠᠭ᠎ᠠ ᠠᠪᠤᠨ᠎ᠠ᠂ ᠲᠦᠷᠭᠡᠨ ᠳᠠᠭᠠᠵᠤ ᠣᠷᠣᠬᠤ᠂ ᠢᠳᠡᠪᠬᠢ ᠳᠠᠭᠠᠯ᠂ ᠮᠠᠨ ᠤ ᠵᠥᠪᠯᠡᠯ 《 ᠨᠢᠭᠡᠳᠦᠭᠡᠷ ᠭᠠᠷ 》 ᠲᠦᠷᠦᠭᠦᠯᠡᠨ 《 ᠬᠢᠴᠢᠶᠡᠯ ᠣᠷᠣᠨ᠎ᠠ 》᠂ ᠪᠦᠬᠦ ᠠᠵᠢᠯᠲᠠᠨ ᠠᠵᠢᠯᠴᠢᠨ ᠢᠳᠡᠪᠬᠢᠲᠡᠢ ᠣᠷᠣᠯᠴᠠᠪᠠ᠂ 《 ᠨᠠᠮ ᠤᠨ ᠲᠡᠦᠬᠡ ᠶᠢᠨ ᠦᠳᠡ ᠶᠢᠨ ᠬᠢᠴᠢᠶᠡᠯ 》 ᠪᠣᠯᠤᠨ 《 ᠭᠤᠷᠪᠠᠨ ᠬᠤᠷᠠᠯ ᠨᠢᠭᠡ ᠬᠢᠴᠢᠶᠡᠯ 》᠂ ᠭᠤᠤᠯ ᠰᠡᠳᠦᠪᠲᠦ ᠨᠠᠮ ᠤᠨ ᠡᠳᠦᠷ ᠵᠡᠷᠭᠡ ᠨᠠᠮ ᠤᠨ ᠵᠣᠬᠢᠶᠠᠨ ᠪᠠᠶᠢᠭᠤᠯᠤᠯᠲᠠ ᠶᠢᠨ ᠠᠵᠢᠯᠯᠠᠭ᠎ᠠ ᠶᠢ ᠣᠷᠭᠠᠨᠢᠭ ᠢᠶᠠᠷ ᠤᠶᠠᠯᠳᠤᠭᠤᠯᠪᠠ᠂ ᠰᠢᠨ᠎ᠡ ᠳᠤᠮᠳᠠᠳᠤ ᠤᠯᠤᠰ ᠤᠨ ᠲᠡᠦᠬᠡ ᠶᠢ ᠰᠤᠷᠤᠯᠴᠠᠬᠤ᠂ ᠥᠭᠡᠷᠡᠴᠢᠯᠡᠯᠲᠡ ᠨᠡᠭᠡᠭᠡᠯᠲᠡ ᠶᠢᠨ ᠲᠡᠦᠬᠡ᠂ ᠨᠡᠶᠢᠭᠡᠮ ᠵᠢᠷᠤᠮ ᠤᠨ ᠬᠥᠭᠵᠢᠯᠲᠡ ᠶᠢᠨ ᠲᠡᠦᠬᠡ ᠠᠭᠤᠰᠤᠯᠴᠠᠨ ᠨᠡᠪᠲᠡᠷᠡᠯᠴᠡᠪᠡ᠂ ᠯᠧᠢ ᠹᠧᠩ ᠤᠨ ᠵᠣᠷᠢᠭ ᠰᠠᠨᠠᠭ᠎ᠠ ᠶᠢ ᠰᠤᠷᠤᠯᠴᠠᠨ ᠪᠠᠳᠠᠷᠠᠭᠤᠯᠤᠶ᠎ᠠ᠂ ᠺᠦᠡᠭ ᠹᠠᠨ ᠰᠸᠠ ᠤ ᠵᠣᠷᠢᠭ ᠰᠠᠨᠠᠭ᠎ᠠ᠂ ᠵᠢᠶᠤᠤ ᠢᠦ᠋ᠶ ᠯᠦ ᠶᠢᠨ ᠵᠣᠷᠢᠭ ᠰᠠᠨᠠᠭ᠎ᠠ᠂ ᠤᠯᠠᠭᠠᠨ ᠬᠠᠳᠠ  ᠶᠢᠨ ᠵᠣᠷᠢᠭ ᠰᠠᠨᠠᠭ᠎ᠠ᠂ ᠶᠠᠨ ᠠᠨ ᠤ ᠵᠣᠷᠢᠭ ᠰᠠᠨᠠᠭ᠎ᠠ᠂ ᠶᠠᠫᠣᠨ ᠢ ᠡᠰᠡᠷᠭᠦᠴᠡᠬᠦ ᠵᠣᠷᠢᠭ ᠰᠠᠨᠠᠭ᠎ᠠ᠂ ᠤᠷᠳᠤ ᠵᠠᠮ ᠤᠨ ᠠᠶᠠᠨ ᠲᠠᠶᠢᠨ ᠤ ᠵᠣᠷᠢᠭ ᠰᠠᠨᠠᠭ᠎ᠠ᠂ ᠤᠯᠠᠭᠠᠨ ᠣᠩᠭᠤᠴᠠᠨ ᠤ ᠵᠣᠷᠢᠭ ᠰᠠᠨᠠᠭ᠎ᠠ᠂ ᠵᠢᠩᠭᠠᠩᠱᠠᠨ ᠤ ᠵᠣᠷᠢᠭ ᠰᠠᠨᠠᠭ᠎ᠠ᠂ ᠰᠢ ᠪᠠᠶ ᠫᠦᠸᠧ ᠶᠢᠨ ᠵᠣᠷᠢᠭ ᠰᠠᠨᠠᠭ᠎ᠠ ᠵᠡᠷᠭᠡ᠂ 《 ᠰᠤᠷᠤᠯᠴᠠᠯᠭ᠎ᠠ + ᠰᠣᠯᠢᠯᠴᠠᠭ᠎ᠠ 》 ᠶᠢᠨ ᠵᠠᠭᠪᠤᠷ᠂ 《 ᠦᠵᠡᠯ ᠰᠠᠨᠠᠭ᠎ᠠ ᠪᠠᠨ ᠬᠤᠪᠢᠷᠠᠭᠤᠯᠬᠤ 》 ᠪᠠ 《 ᠰᠤᠷᠤᠯᠴᠠᠵᠤ ᠣᠶᠢᠯᠠᠭᠠᠬᠤ ᠶᠢ ᠤᠶᠠᠯᠳᠤᠭᠤᠯᠬᠤ 》 ᠶᠢ ᠴᠢᠩᠭ᠎ᠠ ᠠᠳᠬᠤᠬᠤ ᠬᠡᠷᠡᠭᠲᠡᠶ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ  ᠶᠢ ᠲᠦᠷᠭᠡᠨ ᠠᠬᠢᠭᠤᠯᠬᠤ ᠬᠡᠷᠡᠭᠲᠡᠶ  ᠃

 
ᠢᠷᠡᠯᠲᠡ᠄ ᠪᠤᠭᠤᠲᠤ ᠬᠤᠲᠠ ᠶᠢᠨ ᠬᠠᠮᠲᠤ ᠶᠢᠨ ᠲᠣᠬᠢᠷᠠᠭᠤᠯᠤᠨ ᠬᠦᠷᠭᠡᠬᠦ ᠪᠣᠳᠠᠰ ᠤᠨ ᠭᠦᠢᠯᠭᠡᠭᠡᠨ ᠤ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号