ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ 2021 ᠣᠨ  ᠤ ᠰᠡᠭᠦᠯᠴᠢ ᠵᠢᠯ ᠤᠨ ᠡᠬᠢ ᠵᠢᠴᠢ 2022 ᠣᠨ ᠤ ᠬᠤᠣᠰ ᠪᠠᠶᠠᠷ ᠤᠨ ᠬᠤᠭᠤᠴᠠᠭᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠶᠤᠯᠭᠦᠢ ᠦᠢᠯᠡᠳᠪᠦᠷᠢᠯᠡᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/1/13
       ᠣᠶᠢᠷ᠎ᠠ ᠳᠤ᠂ ᠪᠠᠷᠠᠭᠠᠨ ᠤ ᠭᠦᠶᠯᠭᠡᠭᠡᠨ ᠤ ᠬᠦᠷᠢᠶᠡᠯᠡᠩ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ 2021 ᠣᠨ ᠤ ᠡᠴᠦᠰ ᠵᠢᠯ ᠤᠨ ᠡᠬᠢ ᠵᠢᠴᠢ 2022 ᠣᠨ ᠤ 《 ᠰᠢᠨ᠎ᠡ ᠵᠢᠯ 》᠂ 《 ᠴᠠᠭᠠᠨ ᠰᠠᠷ᠎ᠠ 》 ᠬᠤᠤᠰ ᠪᠠᠶᠠᠷ ᠤᠨ ᠡᠳᠦᠷ ᠤᠨ ᠬᠤᠭᠤᠴᠠᠭᠠᠨ ᠤ ᠠᠶᠤᠯᠭᠦᠶ ᠦᠶᠯᠡᠳᠪᠦᠷᠢᠯᠡᠯ ᠤᠨ ᠠᠵᠢᠯ ᠤᠨ ᠪᠠᠶᠢᠷᠢᠯᠠᠭᠤᠯᠤᠯᠲᠠ  ᠶᠢᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠬᠤᠷᠠᠯ ᠢ ᠪᠠᠷᠠᠭᠠᠨ ᠤ ᠭᠦᠶᠯᠭᠡᠭᠡᠨ ᠤ ᠬᠦᠷᠢᠶᠡᠯᠡᠩ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠡᠷᠭᠢᠯᠡᠵᠦ᠂ ᠪᠥᠬᠦ ᠺᠠᠳ᠋ᠷ ᠠᠵᠢᠯᠲᠠᠨ ᠠᠵᠢᠯᠴᠢᠨ ᠬᠤᠷᠠᠯ ᠳᠤ ᠣᠷᠣᠯᠴᠠᠪᠠ  ᠃        ᠬᠤᠷᠠᠯ ᠠᠴᠠ ᠳᠡᠭᠡᠳᠦ ᠱᠠᠲᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠠᠯ ᠤᠨ ᠵᠣᠷᠢᠭ ᠰᠠᠨᠠᠭ᠎ᠠ ᠪᠣᠯᠤᠨ ᠪᠦᠬᠦ ᠣᠷᠣᠨ ᠤ ᠵᠢᠯ ᠤᠨ ᠰᠡᠭᠦᠯᠴᠢ ᠵᠢᠯ ᠤᠨ ᠡᠬᠢᠨ ᠤ ᠠᠶᠤᠯᠭᠦᠢ ᠦᠢᠯᠡᠳᠪᠦᠷᠢᠯᠡᠯ ᠤᠨ ᠠᠵᠢᠯ ᠵᠢᠴᠢ ᠬᠤᠳᠠ ᠪᠠᠯᠭᠠᠰᠤᠨ ᠤ ᠰᠢᠲᠠᠮᠠᠬᠠᠢ ᠬᠡᠢ ᠶᠢᠨ ᠠᠮᠤᠷ ᠲᠦᠪᠰᠢᠨ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠲᠠᠶᠢᠴᠢᠯᠠᠯᠳᠠ ᠪᠠᠶᠢᠷᠢᠯᠠᠭᠤᠯᠤᠯᠲᠠ ᠶᠢᠨ ᠲᠧᠯᠸᠢᠰ ᠤᠲᠠᠰᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠲᠠᠶᠢᠯᠪᠤᠷᠢᠯᠠᠭᠰᠠᠨ ᠪᠥᠭᠡᠳ ᠮᠠᠨ ᠤ ᠨᠠᠮ ᠤᠨ ᠬᠤᠷᠢᠶᠠᠨ ᠤ ᠤᠢᠢᠷ᠎ᠠ ᠶᠢᠨ ᠬᠤᠭᠤᠴᠠᠭᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠶᠤᠯᠭᠦᠢ ᠦᠢᠯᠡᠳᠪᠦᠷᠢᠯᠡᠯ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ  ᠃        ᠬᠤᠷᠠᠯ ᠠᠴᠠ ᠪᠥᠬᠦ ᠠᠵᠢᠯᠲᠠᠨ ᠠᠵᠢᠯᠴᠢᠨ ᠢ ᠲᠠᠨᠢᠯᠲᠠ ᠪᠠᠨ ᠤᠯᠠᠮ ᠴᠢᠨᠠᠭᠰᠢᠳᠠ ᠳᠡᠭᠡᠭᠰᠢᠯᠡᠭᠦᠯᠵᠦ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠣᠳᠣᠬᠠᠨ  ᠤ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠬᠤ ᠶᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠦᠷ᠎ᠡ ᠪᠦᠲᠦᠮᠵᠢ ᠪᠠᠷ 《 ᠳᠥᠷᠪᠡᠨ ᠤᠬᠠᠮᠰᠠᠷ 》 ᠢᠶᠠᠨ ᠴᠢᠩᠭᠠᠳᠬᠠᠬᠤ᠂ 《 ᠳᠥᠷᠪᠡᠨ ᠢᠲᠡᠭᠡᠯ 》 ᠢᠶᠠᠨ ᠪᠠᠲᠤᠳᠬᠠᠬᠤ᠂ 《 ᠬᠤᠶᠠᠷ ᠢ ᠬᠠᠮᠠᠭᠠᠯᠠᠬᠤ 》 ᠶᠢ ᠪᠡᠶᠡᠯᠡᠭᠦᠯᠬᠦ ᠴᠢᠬᠤᠯᠠ ᠪᠠᠷᠢᠮᠵᠢᠶ᠎ᠠ ᠪᠣᠯᠭᠠᠵᠤ᠂ ᠵᠠᠪᠠᠯ ᠢᠯᠠᠬᠤ ᠢᠲᠡᠭᠡᠯ ᠵᠣᠷᠢᠭ ᠢᠶᠠᠨ ᠪᠠᠲᠤᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠲᠡᠷᠡ ᠶᠣᠰᠣᠭᠠᠷ ᠨᠢ ᠨᠠᠶᠢᠳᠠᠪᠤᠷᠢᠵᠢᠭᠤᠯᠵᠤ᠂ ᠨᠠᠷᠢᠯᠢᠭ ᠨᠠᠶᠢᠳᠠᠪᠤᠷᠢᠵᠢᠭᠤᠯᠵᠤ᠂ ᠪᠣᠳᠠᠲᠠᠶᠢᠵᠢᠭᠤᠯᠬᠤ ᠬᠡᠷᠡᠭᠲᠡᠶ ᠭᠡᠵᠦ ᠱᠠᠭᠠᠷᠳᠠᠪᠠ  ᠃ ᠨᠢᠭᠡ ᠳᠤ ᠬᠦᠷᠢᠶᠡᠯᠡᠩ ᠲᠣᠭᠤᠷᠢᠭ ᠤᠨ ᠳᠤᠮᠳᠠ ᠥᠨᠳᠥᠷ ᠲᠦᠭᠰᠢᠭᠦᠷᠢᠲᠡᠶ ᠭᠠᠵᠠᠷ ᠣᠷᠣᠨ ᠤ ᠠᠵᠤ ᠠᠬᠤᠶᠢᠯᠠᠯ ᠤᠨ ᠠᠵᠢᠯᠲᠠᠨ ᠢ ᠵᠢᠭᠰᠠᠭᠠᠨ ᠪᠠᠶᠢᠴᠠᠭᠠᠬᠤ ᠪᠠᠨ ᠴᠢᠩᠭᠠᠳᠬᠠᠵᠤ᠂ ᠠᠵᠢᠯᠲᠠᠨ ᠢ ᠵᠢᠭᠰᠠᠭᠠᠨ ᠪᠠᠶᠢᠴᠠᠭᠠᠬᠤ ᠪᠠ ᠤᠷᠢᠳᠴᠢᠯᠠᠨ ᠮᠡᠳᠡᠭᠦᠯᠵᠦ ᠳᠠᠩᠰᠠᠯᠠᠭᠤᠯᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠬᠢᠵᠢᠭ ᠢ ᠰᠡᠷᠭᠡᠶᠢᠯᠡᠬᠦ ᠱᠠᠭᠠᠷᠳᠠᠯᠭ᠎ᠠ ᠶᠣᠰᠣᠭᠠᠷ ᠵᠣᠬᠢᠴᠠᠩᠭᠤᠶ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠺᠠᠳ᠋ᠷ ᠠᠵᠢᠯᠲᠠᠨ ᠠᠵᠢᠯᠴᠢᠨ ᠢ ᠴᠢᠬᠤᠯᠠ ᠪᠤᠰᠤ ᠵᠦᠶᠯ  ᠠᠴᠠ ᠰᠠᠯᠬᠤ ᠥᠬᠡᠶ ᠪᠠᠷ ᠱᠠᠭᠠᠷᠳᠠᠬᠤ ᠬᠡᠷᠡᠭᠲᠡᠶ  ᠃ ᠬᠤᠶᠠᠷ ᠲᠤ ᠳᠠᠯᠳᠠ ᠭᠡᠮ ᠢ ᠵᠢᠭᠰᠠᠭᠠᠨ ᠪᠠᠶᠢᠴᠠᠭᠠᠵᠤ ᠵᠠᠰᠠᠬᠤ  ᠶᠢ ᠴᠢᠩᠭᠠᠳᠬᠠᠨ᠎ᠠ  ᠃ ᠲᠣᠣᠷᠴᠢᠯᠠᠭᠰᠠᠨ ᠬᠠᠮᠢᠶᠠᠷᠤᠯᠲᠠ ᠶᠢᠨ ᠠᠵᠢᠯᠲᠠᠳ ᠬᠠᠷᠢᠶ᠎ᠠ ᠣᠷᠣᠨ ᠤ ᠠᠵᠤ ᠠᠬᠤᠶᠢᠯᠠᠯ  ᠤᠨ ᠬᠥᠮᠥᠷᠭᠡᠯᠡᠨ ᠬᠠᠳᠠᠭᠠᠯᠠᠬᠤ ᠪᠠᠷᠠᠭ᠎ᠠ ᠶᠢᠨ ᠭᠦᠢᠯᠭᠡᠭᠡᠨ ᠵᠡᠷᠭᠡ ᠴᠢᠬᠤᠯᠠ ᠲᠠᠯᠠᠪᠤᠷ᠂ ᠰᠢᠲᠠᠮᠠᠬᠠᠶ ᠬᠡᠢ ᠬᠡᠷᠡᠭᠯᠡᠬᠦ ᠵᠡᠷᠭᠡ ᠭᠤᠣᠯᠳᠠᠯᠭ᠎ᠠ ᠲᠠᠢ ᠭᠤᠭᠴᠤᠭ᠎ᠠ ᠳᠤ ᠠᠮᠤᠷ ᠲᠦᠪᠰᠢᠨ ᠤ ᠳᠠᠯᠳᠠ ᠭᠡᠮ ᠢ ᠪᠦᠬᠦ ᠲᠠᠯ᠎ᠠ ᠪᠠᠷ ᠲᠤᠶᠢᠯᠪᠤᠷᠢᠲᠠᠶ ᠪᠠᠶᠢᠴᠠᠭᠠᠨ ᠴᠡᠭᠴᠡᠯᠡᠨ ᠵᠠᠰᠠᠵᠤ᠂ ᠠᠶᠤᠯ ᠦᠭᠡᠶ ᠦᠢᠯᠡᠳᠪᠦᠷᠢᠯᠡᠯ ᠤᠨ ᠠᠵᠢᠯ ᠢ ᠰᠠᠶᠢᠲᠤᠷ ᠠᠳᠬᠤᠨ᠂ ᠡᠯ᠎ᠡ ᠲᠥᠷᠥᠯ ᠤᠨ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠶ  ᠃ ᠭᠤᠷᠪᠠ ᠳᠤ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠢ ᠱᠠᠭᠠᠷᠳᠠᠯᠭ᠎ᠠ ᠶᠣᠰᠣᠭᠠᠷ ᠪᠥᠭᠡᠮ ᠬᠦᠴᠢᠯ ᠢ ᠰᠢᠯᠭᠠᠨ ᠪᠠᠶᠢᠴᠠᠭᠠᠬᠤ ᠠᠵᠢᠯ ᠪᠠ ᠸᠠᠺᠼᠢᠨ  ᠤ ᠭᠤᠷᠪᠠᠳᠤᠭᠠᠷ ᠲᠠᠷᠢᠯᠭ᠎ᠠ ᠶᠢᠨ ᠠᠵᠢᠯ ᠢ ᠰᠠᠶᠢᠲᠤᠷ ᠬᠢᠬᠦ ᠶᠢ ᠱᠠᠯᠠᠪᠳᠠᠭᠤᠯᠤᠨ᠎ᠠ  ᠃ ᠳᠥᠷᠪᠡ ᠳᠤ ᠭᠠᠯ ᠤᠨᠲᠠᠷᠠᠭᠠᠬᠤ ᠠᠮᠤᠷ ᠲᠦᠪᠰᠢᠨ ᠢ ᠠᠩᠬᠠᠷᠬᠤ ᠬᠡᠷᠡᠭᠲᠡᠶ  ᠃ ᠠᠵᠤ ᠠᠬᠤᠶᠢᠯᠠᠯ ᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠭᠠᠯ ᠤᠨᠲᠠᠷᠠᠭᠠᠭᠤᠷ ᠵᠡᠷᠭᠡ ᠭᠠᠯ ᠤᠨᠲᠠᠷᠠᠭᠠᠬᠤ ᠪᠡᠯᠡᠳᠬᠡᠮᠵᠢ ᠶᠢᠨ ᠪᠦᠷᠢᠨ ᠭᠦᠢᠴᠡᠳ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ  ᠃ ᠲᠠᠪᠤ ᠳᠤ ᠵᠢᠵᠢᠭᠦᠷᠯᠡᠬᠦ ᠲᠦᠷᠢᠮ ᠢ ᠴᠢᠩᠳᠠᠯᠠᠨ᠎ᠠ  ᠃ ᠰᠢᠨ᠎ᠡ ᠵᠢᠯ ᠴᠠᠭᠠᠨ ᠰᠠᠷ᠎ᠠ  ᠶᠢᠨ ᠠᠮᠠᠷᠠᠯᠲᠠ ᠶᠢᠨ ᠬᠤᠭᠤᠴᠠᠭᠠᠨ ᠳᠠᠬᠢ ᠵᠢᠵᠢᠭᠦᠷᠯᠡᠨ ᠰᠠᠬᠢᠬᠤ ᠠᠵᠢᠯ ᠢ ᠴᠢᠩᠭᠠᠳᠬᠠᠵᠤ᠂ 24 ᠴᠠᠭ ᠢᠶᠠᠷ ᠵᠢᠵᠢᠭᠦᠷᠯᠡᠨ ᠰᠠᠬᠢᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠭᠡᠨᠡᠳᠲᠡ ᠶᠢᠨ ᠬᠡᠷᠡᠭ ᠤᠨ ᠮᠡᠳᠡᠭᠡ ᠵᠠᠩᠭᠢ ᠶᠢ ᠮᠡᠳᠡᠭᠦᠯᠬᠦ ᠲᠦᠷᠢᠮ ᠢ ᠵᠢᠷᠤᠮᠵᠢᠭᠤᠯᠤᠨ ᠲᠡᠭᠦᠯᠳᠡᠷᠵᠢᠭᠦᠯᠵᠦ᠂ ᠭᠡᠨᠡᠳᠲᠡ ᠶᠢᠨ ᠬᠡᠷᠡᠭ ᠡᠭᠦᠰᠪᠡᠯ ᠴᠠᠭ ᠲᠤᠬᠠᠶ ᠳᠤᠨᠢ ᠳᠡᠭᠡᠭᠰᠢ ᠮᠡᠳᠡᠭᠦᠯᠬᠦ ᠶᠢᠨ ᠬᠠᠮᠲᠤ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠲᠣᠬᠢᠲᠠᠶ ᠠᠷᠭᠠᠴᠠᠵᠤ᠂ ᠤᠳᠠᠭᠠᠰᠢᠷᠠᠭᠤᠯᠤᠨ ᠮᠡᠳᠡᠭᠦᠯᠬᠦ᠂ ᠣᠷᠬᠢᠭᠳᠠᠭᠤᠯᠤᠨ ᠮᠡᠳᠡᠭᠦᠯᠬᠦ᠂ ᠪᠤᠷᠤᠭᠤ ᠮᠡᠳᠡᠭᠦᠯᠬᠦ᠂ ᠳᠠᠷᠤᠭᠠᠳ ᠮᠡᠳᠡᠭᠦᠯᠬᠦ ᠥᠬᠡᠶ ᠪᠠᠶᠢᠬᠤ ᠶᠢ ᠡᠷᠡᠰ ᠬᠤᠷᠢᠭᠯᠠᠨ᠎ᠠ  ᠃ ᠠᠵᠢᠯ ᠤᠨ ᠬᠠᠷᠢᠭᠤᠴᠠᠯᠭ᠎ᠠ ᠪᠠᠨ ᠭᠦᠶᠴᠡᠳᠬᠡᠬᠦ ᠶᠢ ᠪᠠᠷᠢᠮᠲᠠᠯᠠᠵᠤ᠂ ᠠᠶᠤᠯᠭᠦᠶ ᠦᠶᠯᠡᠳᠪᠦᠷᠢᠯᠡᠯ ᠤᠨ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠬᠦ ᠬᠡᠷᠡᠭᠲᠡᠶ  ᠃

 
ᠢᠷᠡᠯᠲᠡ᠄ ᠪᠤᠭᠤᠲᠤ ᠬᠤᠲᠠ ᠶᠢᠨ ᠬᠠᠮᠲᠤ ᠶᠢᠨ ᠲᠣᠬᠢᠷᠠᠭᠤᠯᠤᠨ ᠬᠦᠷᠭᠡᠬᠦ ᠪᠣᠳᠠᠰ ᠤᠨ ᠭᠦᠢᠯᠭᠡᠭᠡᠨ ᠤ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号