ᠡᠯ᠎ᠡ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠨᠠᠮ ᠤᠨ | ᠪᠠᠶᠢᠭᠤᠯᠤᠯᠲᠠ ᠶᠢᠨ ᠠᠵᠢᠯ ᠢ ᠠᠳᠬᠤᠬᠤ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠤᠯᠠᠮ ᠨᠢᠭᠡ | ᠠᠯᠬᠤᠮ ᠴᠢᠩᠭᠠᠳᠬᠠᠨ ᠪᠣᠳᠠᠲᠠᠶᠢᠵᠢᠭᠤᠯᠵᠤ᠂ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠶᠢ ᠦᠨᠳᠦᠰᠦᠨ ᠱᠠᠲᠤ | ᠳᠠᠰᠢ ᠤᠷᠲᠤᠳᠬᠠᠬᠤ ᠶᠢ ᠲᠠᠰᠤᠷᠠᠯᠲᠠ ᠥᠬᠡᠶ ᠠᠬᠢᠭᠤᠯᠤᠨ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ | ᠶᠢᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ ᠶᠢᠨ ᠲᠥᠯᠥᠭᠡ᠂ 1 ᠰᠠᠷ᠎ᠠ ᠶᠢᠨ 11 ᠤ ᠡᠳᠦᠷ᠂ ᠪᠠᠶᠢᠭᠠᠯᠢ ᠶᠢᠨ | ᠡᠬᠢ ᠪᠠᠶᠠᠯᠢᠭ ᠤᠨ ᠲᠣᠪᠴᠢᠶ᠎ᠠ 2021 ᠣᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ | ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠠᠳᠬᠤᠭᠰᠠᠨ ᠬᠠᠷᠢᠭᠤ ᠮᠡᠳᠡᠭᠦᠯᠦᠯᠲᠡ ᠶᠢᠨ | ᠦᠨᠡᠯᠡᠨ ᠶᠠᠷᠢᠯᠴᠠᠬᠤ ᠬᠤᠷᠠᠯ ᠬᠤᠷᠠᠯᠳᠤᠭᠤᠯᠵᠤ᠂ ᠬᠤᠷᠠᠯ ᠳᠤ ᠣᠷᠣᠯᠴᠠᠭᠰᠠᠳ ᠲᠤ ᠵᠣᠬᠢᠶᠠᠨ ᠪᠠᠶᠢᠭᠤᠯᠬᠤ ᠬᠡᠯᠲᠡᠰ | ᠤᠨ ᠯᠢ ᠱᠤ᠋ ᠷᠦᠩ᠂ ᠲᠣᠪᠴᠢᠶ᠎ᠠ ᠶᠢᠨ ᠤᠳᠤᠷᠢᠳᠬᠤ ᠪᠠᠭ ᠤᠨ ᠪᠦᠷᠢᠯᠳᠦᠬᠦᠨ᠂ ᠨᠠᠮ ᠤᠨ ᠶᠡᠷᠦᠩᠬᠡᠶ ᠡᠭᠦᠷ ᠤᠨ | ᠪᠦᠷᠢᠯᠳᠦᠬᠦᠨ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ᠂ ᠦᠨᠳᠦᠰᠦᠨ ᠱᠠᠲᠤᠨ | ᠤ ᠨᠠᠮ ᠤᠨ ᠭᠡᠰᠢᠭᠦᠨ ᠺᠠᠳ᠋ᠷ ᠪᠠ ᠣᠯᠠᠨ ᠲᠦᠮᠡᠨ ᠤ ᠲᠥᠯᠥᠭᠡᠯᠡᠭᠴᠢ ᠬᠤᠷᠠᠯ ᠳᠤ ᠣᠷᠣᠯᠴᠠᠪᠠ ᠃ | ᠬᠤᠷᠠᠯ ᠳᠡᠭᠡᠷ᠎ᠡ᠂ ᠡᠯ᠎ᠡ ᠨᠠᠮ ᠤᠨ ᠡᠭᠦᠷ 2021 ᠣᠨ ᠳᠤ ᠦᠨᠳᠦᠰᠦᠨ ᠱᠠᠲᠤᠨ ᠤ ᠨᠠᠮ ᠤᠨ | ᠪᠠᠶᠢᠭᠤᠯᠤᠯᠲᠠ ᠶᠢᠨ ᠠᠵᠢᠯ ᠤᠨ ᠬᠠᠷᠢᠭᠤᠴᠠᠯᠭ᠎ᠠ ᠪᠠᠨ ᠭᠦᠶᠴᠡᠳᠬᠡᠭᠰᠡᠨ ᠪᠠᠶᠢᠳᠠᠯ᠂ ᠣᠷᠣᠰᠢᠵᠤ ᠪᠠᠶᠢᠭ᠎ᠠ | ᠠᠰᠠᠭᠤᠳᠠᠯ ᠪᠣᠯᠤᠨ ᠬᠠᠯᠠᠨ ᠰᠠᠶᠢᠵᠢᠷᠠᠭᠤᠯᠬᠤ ᠠᠷᠭ᠎ᠠ ᠬᠡᠮᠵᠢᠶ᠎ᠡ ᠵᠡᠷᠭᠡ ᠪᠠᠶᠢᠳᠠᠯ ᠤᠨ ᠲᠣᠭᠤᠷᠢᠨ ᠳᠤ ᠲᠤᠰᠢᠶᠠᠯ ᠤᠨ | ᠮᠡᠳᠡᠭᠦᠯᠦᠯᠲᠡ ᠬᠢᠵᠦ᠂ ᠨᠠᠮ ᠤᠨ ᠶᠡᠷᠦᠩᠬᠡᠶ ᠡᠭᠦᠷ ᠤᠨ ᠱᠦᠵᠢ ᠨᠢᠭᠡᠳ ᠨᠢᠭᠡ ᠪᠠᠷ ᠦᠨᠡᠯᠡᠯᠲᠡ ᠬᠢᠵᠦ᠂ ᠵᠣᠬᠢᠶᠠᠨ | ᠪᠠᠶᠢᠭᠤᠯᠬᠤ ᠬᠡᠯᠲᠡᠰ ᠤᠨ ᠯᠢ ᠱᠤ᠋ ᠷᠦᠩ ᠶᠡᠷᠦᠩᠬᠡᠶᠢᠯᠡᠨ ᠦᠨᠡᠯᠡᠯᠲᠡ ᠬᠢᠪᠠ ᠃ ᠬᠤᠷᠠᠯ ᠳᠤ ᠣᠷᠣᠯᠴᠠᠭᠰᠠᠳ ᠡᠯ᠎ᠡ | ᠨᠠᠮ ᠤᠨ ᠡᠭᠦᠷ ᠤᠨ ᠱᠦᠵᠢ ᠳᠤ ᠰᠢᠯᠭᠠᠨ ᠦᠨᠡᠯᠡᠯᠲᠡ ᠬᠢᠪᠡ ᠃ ᠡᠴᠦᠰ ᠲᠤ᠂ ᠲᠣᠪᠴᠢᠶ᠎ᠠ ᠶᠢᠨ ᠨᠠᠮ ᠤᠨ | ᠶᠡᠷᠦᠩᠬᠡᠶ ᠡᠭᠦᠷ ᠤᠨ ᠱᠦᠵᠢ ᠭᠦᠸᠧ ᠽᠧ ᠬᠤᠩ ᠳ᠋ᠦᠩᠨᠡᠯᠲᠡ ᠶᠢᠨ ᠶᠠᠷᠢᠶ᠎ᠠ ᠲᠠᠯᠪᠢᠪᠠ ᠃ | | | | | ᠭᠦᠸᠧ ᠽᠧ ᠬᠤᠩ᠂ 2021 ᠣᠨ ᠳᠤ᠂ ᠡᠯ᠎ᠡ ᠦᠨᠳᠦᠰᠦᠨ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠲᠣᠪᠴᠢᠶᠠᠨ ᠤ ᠨᠠᠮ ᠤᠨ ᠵᠣᠬᠢᠶᠠᠨ ᠪᠠᠶᠢᠭᠤᠯᠤᠯᠲᠠ | ᠶᠢᠨ ᠠᠵᠢᠯ ᠤᠨ ᠪᠠᠶᠢᠷᠢᠯᠠᠭᠤᠯᠤᠯᠲᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠦᠬᠦ ᠲᠠᠯ᠎ᠠ ᠶᠢᠨ ᠨᠠᠮ ᠤᠨ | ᠪᠠᠶᠢᠭᠤᠯᠤᠯᠲᠠ ᠶᠢᠨ ᠰᠠᠭᠤᠷᠢ ᠴᠢᠨᠠᠷᠲᠠᠢ ᠠᠵᠢᠯ ᠢ ᠴᠢᠨᠠᠭᠰᠢᠳᠠ ᠪᠠᠬᠢᠵᠢᠭᠦᠯᠵᠦ᠂ ᠰᠢᠨ᠎ᠡ ᠳᠡᠭᠲᠡᠷ ᠲᠤ ᠭᠠᠷᠭᠠᠵᠤ᠂ | ᠰᠢᠨ᠎ᠡ ᠦᠨᠳᠦᠷᠴᠡ ᠳᠤ ᠬᠦᠷᠭᠡᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠨ | ᠪᠠᠬᠢᠯᠡᠯᠲᠡ ᠶᠢᠨ ᠦᠢᠯᠡᠳᠦᠯ ᠪᠣᠯᠤᠨ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ ᠴᠢᠨᠠᠭᠰᠢᠳᠠ | ᠪᠠᠳᠠᠷᠠᠭᠤᠯᠪᠠ ᠃ ᠡᠯ᠎ᠡ ᠨᠠᠮ ᠤᠨ ᠵᠣᠬᠢᠶᠠᠨ ᠪᠠᠶᠢᠭᠤᠯᠤᠯᠲᠠ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢᠶᠠᠷ | ᠭᠤᠣᠯ ᠰᠢᠵᠢᠮ ᠪᠣᠯᠭᠠᠵᠤ᠂ 《 ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ 》 ᠦᠢᠯᠡᠳᠦᠯᠭᠡ ᠶᠢᠨ | ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠪᠦᠬᠦ ᠣᠷᠣᠨ ᠤ ᠭᠠᠵᠠᠷ ᠰᠢᠷᠣᠢ ᠬᠠᠩᠭᠠᠬᠤ᠂ ᠦᠯᠦ | ᠬᠥᠳᠡᠯᠬᠦ ᠬᠦᠷᠦᠩᠭᠡ ᠶᠢ ᠳᠠᠩᠰᠠᠯᠠᠭᠰᠠᠨ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠰᠢᠢᠳᠪᠦᠷᠢᠯᠡᠬᠦ᠂ | ᠡᠷᠬᠡ ᠶᠢ ᠨᠤᠲᠠᠯᠠᠨ ᠳᠠᠩᠰᠠᠯᠠᠬᠤ᠂ ᠲᠠᠷᠢᠶᠠᠨ ᠭᠠᠵᠠᠷ ᠠᠭᠤᠷᠬᠠᠢ ᠶᠢᠨ ᠭᠠᠷᠤᠯᠲᠠ ᠶᠢ ᠬᠠᠮᠠᠭᠠᠯᠠᠬᠤ᠂ ᠤᠢ ᠰᠢᠭᠤᠢ | ᠡᠪᠡᠰᠦ ᠪᠡᠯᠴᠢᠭᠡᠷ ᠢ ᠭᠡᠳᠡᠷᠬᠦ ᠪᠠᠶᠢᠴᠠᠭᠠᠬᠤ ᠠᠷᠪᠠᠨ ᠵᠢᠯ ᠤᠨ ᠲᠤᠰᠬᠠᠢ ᠴᠡᠭᠴᠡᠯᠡᠨ ᠵᠠᠰᠠᠯᠲᠠ᠂ ᠪᠠᠶᠢᠭᠠᠯᠢ ᠶᠢᠨ ᠡᠬᠢ | ᠪᠠᠶᠠᠯᠢᠭ ᠤᠨ ᠬᠠᠤᠯᠢ ᠬᠡᠷᠡᠭᠵᠢᠭᠦᠯᠦᠯᠲᠡ ᠵᠡᠷᠭᠡ ᠠᠵᠢᠯ ᠴᠥᠮ ᠪᠦᠬᠦ ᠬᠤᠳᠠ ᠶᠢᠨ ᠡᠮᠦᠨ᠎ᠡ ᠡᠩᠨᠡᠭᠡᠨ ᠳᠤ | ᠬᠤᠰᠢᠭᠤᠷᠠᠵᠤ᠂ ᠡᠭᠦᠨ ᠤ ᠳᠣᠲᠣᠷ᠎ᠠ ᠵᠥᠪᠰᠢᠶᠡᠷᠡᠭᠰᠡᠨ ᠪᠣᠯᠪᠠᠴᠤ ᠰᠢᠢᠳᠪᠦᠷᠢᠯᠡᠵᠦ ᠳᠡᠶᠢᠯᠦᠭᠰᠡᠨ ᠦᠭᠡᠢ ᠨᠢ ᠬᠤᠳᠠ | ᠶᠢᠨ ᠮᠠᠭᠲᠠᠭᠠᠯ ᠰᠠᠶᠢᠰᠢᠶᠠᠯ ᠢ ᠤᠯᠪᠠ ᠃ ᠡᠯ᠎ᠡ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ | ᠱᠦᠵᠢ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠠᠭᠠᠷᠳᠠᠯᠭ᠎ᠠ ᠶᠢ ᠡᠷᠡᠰ ᠲᠤᠭᠤᠰᠢᠯᠠᠭᠤᠯᠪᠠ᠂ | ᠡᠭᠦᠷᠭᠡ ᠲᠤᠰᠢᠶᠠᠯ ᠢᠶᠠᠨ ᠬᠢᠴᠢᠶᠡᠩᠭᠦᠶᠢᠯᠡᠨ ᠭᠦᠶᠴᠡᠳᠬᠡᠬᠦ᠂ ᠦᠨᠡᠨ ᠬᠦ ᠠᠳᠬᠤᠵᠤ ᠪᠣᠳᠠᠲᠠᠶ ᠠᠵᠢᠯᠯᠠᠭᠰᠠᠨ ᠤ ᠦᠷ᠎ᠡ | ᠳ᠋ᠦᠩ᠂ ᠡᠯ᠎ᠡ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠥᠷᠭᠡᠨ ᠣᠯᠠᠨ ᠨᠠᠮ ᠤᠨ | ᠭᠡᠰᠢᠭᠦᠨ ᠺᠠᠳ᠋ᠷ ᠢ ᠳᠠᠭᠠᠭᠤᠯᠤᠨ ᠢᠳᠡᠪᠬᠢᠲᠡᠶ ᠣᠷᠣᠯᠴᠠᠬᠤ᠂ ᠴᠥᠬᠦᠷᠡᠰᠢ ᠦᠭᠡᠢ ᠴᠢᠷᠮᠠᠶᠢᠭᠰᠠᠨ ᠤ ᠦᠷ᠎ᠡ ᠳ᠋ᠦᠩ᠂ | ᠨᠥᠬᠦᠳ ᠨᠡᠷ ᠤᠨ ᠤᠯᠤᠰ ᠲᠦᠷᠦ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢ ᠬᠦᠰᠡᠵᠦ | ᠪᠠᠶᠢᠨ᠎ᠠ᠂ 《 ᠳᠥᠷᠪᠡᠨ ᠤᠬᠠᠮᠰᠠᠷ 》 ᠢ ᠪᠠᠲᠤ ᠪᠣᠶ ᠪᠣᠯᠭᠠᠶ᠎ᠠ᠂ 《 ᠳᠥᠷᠪᠡᠨ ᠢᠲᠡᠭᠡᠯ 》 ᠢ ᠴᠢᠩᠭᠠᠳᠬᠠᠶ᠎ᠠ᠂ | 《 ᠬᠤᠶᠠᠷ ᠢ ᠬᠠᠮᠠᠭᠠᠯᠠᠬᠤ 》 ᠶᠢ ᠪᠡᠶᠡᠯᠡᠭᠦᠯᠦᠨ᠎ᠡ᠂ ᠦᠷᠭᠦᠯᠵᠢᠯᠡᠨ ᠠᠵᠢᠯ ᠤᠨ ᠡᠷᠴᠢ ᠵᠣᠷᠢᠭ ᠢᠶᠠᠨ ᠪᠠᠲᠤᠯᠠ᠂ | ᠡᠷᠴᠢ ᠵᠣᠷᠢᠭ ᠪᠠ ᠬᠠᠳᠠᠨ ᠵᠣᠷᠢᠭ᠂ ᠲᠡᠷᠢᠭᠦᠨ ᠤ ᠨᠠᠮ ᠤᠨ ᠡᠭᠦᠷ ᠤᠨ ᠰᠢᠯᠢᠳᠡᠭ ᠲᠤᠷᠰᠢᠯᠭ᠎ᠠ ᠪᠠ ᠰᠠᠶᠢᠨ ᠠᠷᠭ᠎ᠠ | ᠬᠢᠳᠡᠯ ᠢ ᠬᠢᠨᠠᠮᠠᠭᠠᠶ ᠲᠣᠯᠢᠳᠠᠵᠤ ᠰᠤᠷᠤᠯᠴᠠᠬᠤ ᠬᠡᠷᠡᠭᠲᠡᠶ᠂ ᠲᠡᠷᠢᠭᠦᠨ ᠤ ᠬᠢ ᠪᠠᠷ ᠳᠠᠭᠤᠷᠢᠶᠠᠯ ᠪᠣᠯᠭᠠᠬᠤ᠂ ᠲᠣᠰ ᠲᠣᠰ | ᠤᠨ ᠣᠷᠣᠰᠢᠵᠤ ᠪᠠᠶᠭ᠎ᠠ ᠠᠰᠠᠭᠤᠳᠠᠯ ᠢ ᠬᠦᠴᠦᠯᠡᠨ ᠰᠢᠶᠳᠪᠦᠷᠢᠯᠡᠬᠦ ᠬᠡᠷᠡᠭᠲᠡᠶ᠂ ᠦᠨᠳᠦᠰᠦᠨ ᠱᠠᠲᠤᠨ ᠤ ᠨᠠᠮ ᠤᠨ | ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠲᠠᠰᠤᠷᠠᠯᠲᠠ ᠥᠬᠡᠶ ᠰᠢᠨ᠎ᠡ ᠲᠦᠪᠰᠢᠨ ᠳᠤ ᠬᠦᠷᠭᠡᠬᠦ ᠬᠡᠷᠡᠭᠲᠡᠶ ᠃ | | ᠭᠦᠸᠧ ᠽᠧ ᠬᠤᠩ᠄ ᠨᠢᠭᠡ ᠳᠤ᠂ ᠨᠠᠮ ᠤᠨ ᠡᠭᠦᠷ ᠤᠨ ᠪᠠᠭ ᠤᠨ ᠬᠠᠷᠢᠭᠤᠴᠠᠯᠭ᠎ᠠ ᠶᠢ | ᠪᠣᠳᠠᠲᠠᠶᠢᠵᠢᠭᠤᠯᠵᠤ᠂ ᠱᠦᠵᠢ ᠶᠢᠨ ᠨᠢᠭᠡᠳᠦᠭᠡᠷ ᠬᠠᠷᠢᠭᠤᠴᠠᠯᠭᠠᠲᠠᠨ ᠤ ᠡᠭᠦᠷᠭᠡ ᠬᠠᠷᠢᠭᠤᠴᠠᠯᠭ᠎ᠠ ᠪᠠᠨ ᠦᠨᠡᠨ ᠬᠦ | ᠰᠠᠶᠢᠲᠤᠷ ᠭᠦᠢᠴᠡᠳᠬᠡᠬᠦ ᠬᠡᠷᠡᠭᠲᠡᠢ ᠃ 《 ᠨᠠᠮ ᠤᠨ ᠪᠠᠶᠢᠭᠤᠯᠤᠯᠲᠠ ᠶᠢ ᠠᠳᠬᠤᠬᠤ ᠶᠢ ᠬᠠᠮᠤᠭ ᠤᠨ ᠶᠡᠭᠡ ᠠᠵᠢᠯ | ᠤᠨ ᠪᠦᠲᠦᠮᠵᠢ ᠪᠣᠯᠭᠠᠬᠤ 》 ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠨᠠᠮ ᠤᠨ ᠪᠠᠶᠢᠭᠤᠯᠤᠯᠲᠠ ᠶᠢᠨ ᠠᠵᠢᠯ ᠢ | ᠰᠡᠳᠬᠢᠯ ᠳᠡᠭᠡᠨ ᠪᠤᠳᠤᠵᠤ᠂ ᠮᠥᠷᠥᠨ ᠳᠡᠭᠡᠨ ᠡᠭᠦᠷᠭᠡᠯᠡᠨ᠂ ᠭᠠᠷ ᠲᠠᠭᠠᠨ ᠠᠳᠬᠤᠵᠤ᠂ ᠬᠠᠷᠢᠭᠤᠴᠠᠯᠭ᠎ᠠ ᠪᠠᠨ ᠦᠨᠡᠨ | ᠬᠦ ᠡᠭᠦᠷᠭᠡᠯᠡᠬᠦ ᠬᠡᠷᠡᠭᠲᠡᠢ ᠃ ᠬᠤᠶᠠᠷ ᠲᠤ ᠴᠢᠬᠤᠯᠠ ᠡᠭᠦᠷᠭᠡ ᠶᠢ ᠨᠠᠶᠢᠳᠠᠪᠤᠷᠢᠵᠢᠭᠤᠯᠵᠤ᠂ ᠨᠠᠮ ᠢ ᠬᠠᠮᠢᠶᠠᠷᠴᠤ ᠨᠠᠮ | ᠢ ᠵᠠᠰᠠᠬᠤ ᠲᠤᠰᠢᠶᠠᠯ ᠬᠠᠷᠢᠭᠤᠴᠠᠯᠭ᠎ᠠ ᠪᠠᠨ ᠦᠨᠡᠨ ᠬᠦ ᠰᠠᠶᠢᠲᠤᠷ ᠭᠦᠢᠴᠡᠳᠬᠡᠬᠦ ᠬᠡᠷᠡᠭᠲᠡᠢ ᠃ ᠨᠠᠮ ᠤᠨ ᠲᠡᠦᠬᠡ ᠶᠢᠨ | ᠰᠤᠷᠤᠯᠴᠠᠯᠭ᠎ᠠ ᠬᠥᠮᠦᠵᠢᠯ ᠤᠨ ᠠᠵᠢᠯ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠠᠵᠢᠯ ᠢᠶᠠᠨ ᠲᠥᠯᠥᠪᠵᠢᠭᠦᠯᠬᠦ | ᠶᠠᠰᠤ ᠴᠢᠨᠠᠷ ᠢ ᠳᠡᠭᠡᠭᠰᠢᠯᠡᠭᠦᠯᠵᠦ᠂ ᠲᠣᠭᠲᠠᠴᠠ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠨᠠᠶᠢᠳᠠᠪᠤᠷᠢᠵᠢᠭᠤᠯᠤᠯᠲᠠ | ᠶᠢ ᠠᠬᠢᠭᠤᠯᠬᠤ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ ᠃ ᠭᠤᠷᠪᠠ ᠳᠤ ᠴᠡᠭᠴᠡᠯᠡᠨ ᠰᠠᠶᠢᠵᠢᠷᠠᠭᠤᠯᠵᠤ | ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠠᠳᠬᠤᠵᠤ᠂ ᠡᠩᠨᠡᠭᠡ ᠶᠢ ᠪᠠᠶᠢᠭᠤᠯᠬᠤ ᠲᠤᠰᠢᠶᠠᠯ ᠬᠠᠷᠢᠭᠤᠴᠠᠯᠭ᠎ᠠ ᠪᠠᠨ | ᠦᠨᠡᠨ ᠬᠦ ᠰᠠᠶᠢᠲᠤᠷ ᠭᠦᠢᠴᠡᠳᠬᠡᠬᠦ ᠬᠡᠷᠡᠭᠲᠡᠢ ᠃ ᠲᠦᠷᠪᠡ ᠳᠤ ᠠᠵᠢᠯᠯᠠᠬᠤ ᠠᠷᠭ᠎ᠠ ᠶᠢᠨ ᠲᠠᠯ᠎ᠠ ᠪᠠᠷ ᠰᠢᠨ᠎ᠡ ᠶᠢ | ᠡᠭᠦᠳᠴᠦ᠂ ᠨᠠᠮ ᠤᠨ ᠪᠠᠶᠢᠭᠤᠯᠤᠯᠲᠠ ᠶᠢᠨ ᠠᠵᠢᠯ ᠬᠢᠭᠡᠳ ᠲᠤᠬᠠᠶᠢᠯᠠᠭᠰᠠᠨ ᠠᠵᠢᠯ ᠤᠨ ᠣᠷᠭᠠᠨᠢᠭ ᠤᠶᠠᠯᠳᠤᠯ ᠢ | ᠦᠨᠡᠨ ᠬᠦ ᠴᠢᠩᠭᠠᠳᠬᠠᠬᠤ ᠬᠡᠷᠡᠭᠲᠡᠢ ᠃ ᠨᠠᠮ ᠤᠨ ᠪᠠᠶᠢᠭᠤᠯᠤᠯᠲᠠ ᠶᠢᠨ ᠠᠵᠢᠯ ᠤᠨ ᠵᠢᠮ᠎ᠡ ᠶᠣᠰᠣ ᠶᠢ ᠵᠢᠷᠤᠮᠯᠠᠵᠤ᠂ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠦᠢᠯᠡᠴᠢᠯᠡᠬᠦ ᠡᠲᠡᠭᠡᠳ ᠲᠤ ᠰᠠᠶᠢᠲᠤᠷ | ᠦᠢᠯᠡᠴᠢᠯᠡᠵᠦ᠂ ᠰᠢᠨᠵᠢᠯᠡᠬᠦ ᠤᠬᠠᠭᠠᠨᠴᠢ ᠠᠷᠭ᠎ᠠ ᠶᠢ ᠬᠡᠷᠡᠭᠯᠡᠬᠦ ᠶᠢ ᠴᠢᠬᠤᠯᠠᠴᠢᠯᠠᠵᠤ᠂ ᠴᠢᠩᠭ᠎ᠠ ᠪᠣᠳᠠᠲᠠᠢ ᠪᠠᠶᠢᠵᠤ᠂ | ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ ᠃ ᠪᠣᠳᠠᠲᠤ ᠪᠦᠲᠦᠮᠵᠢᠲᠦ ᠴᠢᠨᠠᠷ ᠪᠠ | ᠬᠠᠨᠳᠤᠯᠭᠠᠲᠤ ᠴᠢᠨᠠᠷ ᠲᠤ ᠰᠠᠭᠤᠷᠢᠯᠠᠨ᠂ ᠨᠠᠮ ᠤᠨ ᠪᠠᠶᠢᠭᠤᠯᠤᠯᠲᠠ ᠶᠢᠨ ᠠᠵᠢᠯ ᠬᠢᠭᠡᠳ ᠲᠤᠬᠠᠶᠢᠯᠠᠭᠰᠠᠨ ᠠᠵᠢᠯ ᠢ | ᠤᠶᠠᠯᠳᠤᠭᠤᠯᠬᠤ ᠠᠷᠭ᠎ᠠ ᠪᠠ ᠵᠠᠭᠪᠤᠷ ᠢ ᠴᠢᠷᠮᠠᠶᠢᠨ ᠬᠠᠶᠢᠨ ᠰᠦᠪᠡᠭᠴᠢᠯᠡᠬᠦ ᠪᠠ ᠰᠢᠨ᠎ᠡ ᠶᠢ ᠡᠭᠦᠳᠴᠦ᠂ ᠠᠰᠢᠭᠲᠠᠢ | ᠲᠤᠷᠰᠢᠯᠭ᠎ᠠ ᠠᠷᠭ᠎ᠠ ᠬᠢᠳᠡᠯ ᠢ ᠶᠡᠭᠡ ᠪᠠᠷ ᠰᠤᠷᠤᠯᠴᠠᠨ ᠳᠡᠯᠭᠡᠷᠡᠭᠦᠯᠵᠦ᠂ ᠠᠵᠢᠯ ᠤᠨ ᠬᠢᠷᠢ ᠲᠦᠪᠰᠢᠨ ᠢᠶᠠᠨ | ᠳᠡᠭᠡᠭᠰᠢᠯᠡᠭᠦᠯᠦᠭᠰᠡᠨ ᠰᠠᠭᠤᠷᠢᠨ ᠳᠡᠭᠡᠷ᠎ᠡ ᠨᠠᠮ ᠤᠨ ᠪᠠᠶᠢᠭᠤᠯᠤᠯᠲᠠ ᠶᠢᠨ ᠠᠵᠢᠯ ᠤᠨ ᠰᠢᠨ᠎ᠡ ᠦᠷ᠎ᠡ ᠪᠦᠲᠦᠮᠵᠢ | ᠤᠯᠬᠤ ᠶᠢ ᠦᠨᠡᠨ ᠬᠦ ᠪᠠᠲᠤᠯᠠᠬᠤ ᠬᠡᠷᠡᠭᠲᠡᠢ ᠃ | | | | | |