《 ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠣᠳᠠᠲᠤ ᠪᠠᠶᠢᠯᠳᠤᠭᠠᠨ ᠤ ᠭᠠᠷ ᠳᠡᠪᠲᠡᠷ 》 ᠤᠨ ᠲᠤᠰᠬᠠᠢ ᠰᠡᠳᠦᠪᠲᠦ ᠪᠣᠯᠪᠠᠰᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/1/13
      ᠪᠠᠷᠠᠭ᠎ᠠ ᠶᠢᠨ ᠭᠦᠶᠯᠭᠡᠭᠡᠨ ᠤ ᠬᠦᠷᠢᠶᠡᠯᠡᠩ ᠬᠤᠷᠠᠯᠳᠤᠪᠠ  ᠃《 ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠣᠳᠠᠲᠤ ᠪᠠᠶᠢᠯᠳᠤᠭᠠᠨ ᠤ ᠭᠠᠷ ᠳᠡᠪᠲᠡᠷ 》᠃ᠲᠤᠰᠬᠠᠶ ᠰᠡᠳᠦᠪᠲᠦ ᠪᠣᠯᠪᠠᠰᠤᠷᠠᠯ ᠤᠨ ᠬᠤᠷᠠᠯ  ᠃2022 ᠣᠨ ᠤ 1 ᠳ᠋ᠦ᠋ᠭᠡᠷ ᠰᠠᠷ᠎ᠠ ᠶᠢᠨ 12 ᠤᠨ ᠡᠳᠦᠷ᠂ ᠪᠠᠷᠠᠭᠠᠨ ᠤ ᠭᠦᠶᠯᠭᠡᠭᠡᠨ ᠤ ᠬᠦᠷᠢᠶᠡᠯᠡᠩ ᠲᠣᠭᠤᠷᠢᠭ 《 ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠣᠳᠠᠲᠤ ᠪᠠᠶᠢᠯᠳᠤᠭᠠᠨ ᠤ ᠭᠠᠷ ᠠᠪᠤᠯᠭ᠎ᠠ 》 ᠶᠢᠨ ᠪᠣᠯᠪᠠᠰᠤᠷᠠᠭᠤᠯᠤᠯ ᠤᠨ ᠬᠤᠷᠠᠯ ᠢ ᠬᠤᠷᠠᠯᠳᠤᠭᠤᠯᠵᠤ ᠂ ᠬᠤᠷᠠᠯ ᠳᠡᠭᠡᠷ᠎ᠡ ᠡᠩ ᠲᠡᠷᠢᠭᠦᠨ ᠳᠤ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠬᠢᠵᠢᠭ ᠤᠨ ᠪᠠᠶᠢᠳᠠᠯ  ᠢ ᠰᠡᠷᠭᠡᠶᠢᠯᠡᠨ ᠡᠵᠡᠮᠳᠡᠬᠦ ᠪᠣᠯᠪᠠᠰᠤᠷᠠᠭᠤᠯᠤᠯ ᠤᠨ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ 《 ᠪᠣᠳᠠᠲᠤ ᠪᠠᠶᠢᠯᠳᠤᠭᠠᠨ ᠤ ᠭᠠᠷ ᠠᠪᠤᠯᠭ᠎ᠠ 》 ᠳᠤ ᠥᠪᠡᠷᠲᠡᠭᠡᠨ ᠵᠠᠰᠠᠬᠤ ᠣᠷᠣᠨ ᠤ ᠳ᠋ᠦᠩᠨᠡᠨ ᠪᠣᠯᠪᠠᠰᠤᠷᠠᠭᠤᠯᠤᠭᠰᠠᠨ ᠮᠠᠨᠵᠤᠤᠷ ᠬᠤᠲᠠ᠂ ᠡᠷᠢᠶᠡᠨ ᠬᠤᠲᠠ᠂ ᠡᠵᠡᠨ᠎ᠡ ᠬᠤᠰᠢᠭᠤᠨ ᠤ ᠬᠢᠵᠢᠭ ᠤᠨ ᠪᠠᠶᠢᠳᠠᠯ ᠢ ᠪᠠᠴᠢᠮ ᠠᠷᠭᠠᠴᠠᠭᠠᠨ ᠰᠢᠶᠳᠪᠦᠷᠢᠯᠡᠭᠰᠡᠨ ᠲᠤᠷᠰᠢᠯᠭ᠎ᠠ ᠰᠤᠷᠭᠠᠮᠵᠢ ᠳᠤ ᠭᠤᠤᠯᠳᠠᠯᠭ᠎ᠠ ᠲᠠᠢ ᠴᠢᠭᠯᠡᠭᠦᠯᠦᠨ᠂ ᠬᠢᠵᠢᠭ  ᠤᠨ ᠪᠠᠶᠢᠳᠠᠯ ᠢ ᠪᠠᠴᠢᠮ ᠠᠷᠭᠠᠴᠠᠭᠠᠨ ᠰᠢᠶᠳᠪᠦᠷᠢᠯᠡᠬᠦ ᠡᠯ᠎ᠡ ᠭᠤᠭᠴᠤᠭ᠎ᠠ᠂ ᠪᠥᠬᠦ ᠶᠠᠪᠤᠴᠠ ᠳᠤ ᠪᠠᠶᠢᠩᠭᠤ ᠲᠣᠬᠢᠶᠠᠯᠳᠤᠳᠠᠭ ᠠᠰᠠᠭᠤᠳᠠᠯ ᠪᠠ ᠰᠢᠶᠳᠪᠦᠷᠢᠯᠡᠬᠦ ᠠᠷᠭ᠎ᠠ ᠵᠡᠷᠭᠡ ᠬᠤᠯᠪᠣᠭᠳᠠᠯ ᠪᠥᠬᠦᠶ ᠠᠭᠤᠯᠭ᠎ᠠ ᠶᠢ ᠪᠥᠬᠦ ᠲᠠᠯ᠎ᠠ  ᠪᠠᠷ ᠡᠮᠬᠢᠯᠡᠨ ᠳᠢᠭᠯᠡᠵᠦ ᠬᠠᠨᠳᠤᠯᠭᠠᠲᠤ ᠴᠢᠨᠠᠷᠲᠠᠶ ᠪᠣᠯᠪᠠᠰᠤᠷᠠᠭᠤᠯᠤᠯ ᠬᠢᠪᠠ  ᠃        ᠪᠣᠯᠪᠠᠰᠤᠷᠠᠯ ᠤᠨ ᠬᠤᠷᠠᠯ ᠳᠡᠭᠡᠷ᠎ᠡ᠂ ᠭᠡᠨᠡᠳᠲᠡ ᠶᠢᠨ ᠬᠢᠵᠢᠭ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠣᠯᠭ᠎ᠠ ᠶᠢ ᠭᠤᠤᠯᠳᠠᠯᠭ᠎ᠠ ᠲᠠᠢ ᠲᠠᠶᠢᠯᠪᠤᠷᠢᠯᠠᠪᠠ᠂ ᠪᠥᠭᠡᠮ ᠬᠦᠴᠢᠯ ᠤᠨ ᠪᠠᠶᠢᠴᠠᠭᠠᠯᠲᠠ᠂ ᠡᠮᠨᠡᠨ ᠠᠪᠤᠷᠠᠬᠤ᠂ ᠤᠷᠤᠰᠬᠠᠯ ᠤᠨ ᠡᠬᠢ ᠶᠢ ᠡᠷᠢᠬᠦ᠂ ᠲᠤᠰᠠᠭᠠᠷᠯᠠᠨ ᠬᠠᠮᠢᠶᠠᠷᠬᠤ᠂ ᠨᠡᠶᠢᠭᠡᠮ ᠤᠨ ᠬᠠᠮᠢᠶᠠᠷᠤᠯᠲᠠ ᠡᠵᠡᠮᠳᠡᠯ᠂ ᠪᠣᠭᠤᠮᠲᠠ ᠶᠢᠨ ᠰᠡᠷᠭᠡᠶᠢᠯᠡᠨ ᠡᠵᠡᠮᠰᠢᠯ᠂ ᠠᠷᠢᠭᠤᠳᠬᠠᠬᠤ᠂ ᠡᠳ᠋ ᠪᠣᠳᠠᠰ ᠤᠨ ᠪᠠᠲᠤᠯᠠᠭ᠎ᠠ᠂ ᠤᠬᠠᠭᠤᠯᠭ᠎ᠠ ᠶᠠᠷᠢᠶ᠎ᠠ ᠬᠡᠯᠡᠯᠴᠡᠭᠡ᠂ ᠰᠠᠬᠢᠯᠭ᠎ᠠ ᠪᠠᠲᠤ ᠶᠢ ᠬᠡᠷᠡᠭᠵᠢᠭᠦᠯᠦᠨ ᠰᠢᠪᠠᠳᠠᠨ ᠪᠠᠶᠢᠴᠠᠭᠠᠬᠤ ᠵᠡᠷᠭᠡ ᠡᠯ᠎ᠡ ᠲᠠᠯ᠎ᠠ ᠶᠢᠨ ᠪᠣᠳᠠᠲᠤ ᠪᠠᠶᠢᠯᠳᠤᠭᠠᠨ ᠤ ᠲᠤᠷᠰᠢᠯᠭ᠎ᠠ᠂ ᠬᠤᠷᠠᠯ ᠤᠨ ᠱᠠᠭᠠᠷᠳᠠᠯᠭ᠎ᠠ᠂ 《 ᠭᠠᠳᠠᠨ᠎ᠠ ᠠᠴᠠ ᠣᠷᠣᠵᠤ ᠢᠷᠡᠬᠦ ᠶᠢ ᠰᠡᠷᠭᠡᠶᠢᠯᠡᠬᠦ ᠶᠢ ᠪᠠᠷᠢᠮᠲᠠᠯᠠᠬᠤ ᠬᠡᠷᠡᠭᠲᠡᠶ᠂ ᠳᠣᠲᠣᠭᠠᠳᠤ ᠳᠠᠭᠠᠨ ᠳᠠᠬᠢᠨ ᠡᠭᠦᠰᠬᠦ ᠶᠢ ᠰᠡᠷᠭᠡᠶᠢᠯᠡᠬᠦ 》 ᠰᠡᠷᠭᠡᠶᠢᠯᠡᠨ ᠡᠵᠡᠮᠳᠡᠬᠦ ᠠᠷᠭ᠎ᠠ ᠪᠣᠳᠣᠯᠭ᠎ᠠ᠂ ᠬᠦᠷᠢᠶᠡᠯᠡᠩ ᠲᠣᠭᠤᠷᠢᠭ ᠤᠨ ᠭᠤᠤᠯᠳᠠᠯᠭ᠎ᠠ ᠲᠠᠢ ᠬᠥᠮᠦᠰ ᠢ ᠰᠠᠶᠢᠲᠤᠷ ᠬᠢᠬᠦ ᠬᠡᠷᠡᠭᠲᠡᠶ᠂ ᠭᠤᠤᠯᠳᠠᠯᠭ᠎ᠠ ᠲᠠᠢ ᠲᠠᠯᠠᠪᠤᠷ ᠤᠨ ᠬᠢᠵᠢᠭ  ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠴᠢᠩᠭ᠎ᠠ ᠪᠢᠲᠡᠭᠦᠦ ᠴᠠᠭᠠᠷᠢᠭ ᠤᠨ ᠬᠠᠮᠢᠶᠠᠷᠤᠯᠲᠠ᠂ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠳᠤ ᠪᠠᠶᠢᠴᠠᠭᠠᠪᠠᠰᠤ ᠵᠣᠬᠢᠬᠤ ᠶᠢ ᠨᠢ ᠪᠦᠬᠦᠨ ᠢ ᠪᠠᠶᠢᠴᠠᠭᠠᠬᠤ ᠪᠠ ᠣᠯᠠᠨ ᠡᠭᠦᠰᠬᠦ ᠬᠦᠷᠦᠯᠴᠡᠬᠦ ᠴᠡᠭ ᠤᠨ ᠲᠣᠭᠲᠠᠴᠠ ᠶᠢ ᠪᠠᠶᠢᠭᠤᠯᠤᠨ᠎ᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠴᠢᠮ ᠪᠠᠶᠢᠳᠠᠯ ᠢ ᠠᠷᠭᠠᠴᠠᠭᠠᠬᠤ ᠲᠥᠰᠦᠯ ᠢ ᠲᠣᠭᠲᠠᠭᠠᠨ ᠲᠡᠭᠦᠯᠳᠡᠷᠵᠢᠭᠦᠯᠦᠨ᠎ᠡ᠂ ᠨᠠᠶᠢᠳᠠᠪᠤᠷᠢᠵᠢᠭᠤᠯᠤᠯᠲᠠ ᠶᠢ ᠴᠥᠬᠦᠷᠡᠰᠢ ᠦᠭᠡᠢ ᠠᠳᠬᠤᠬᠤ  ᠃        ᠪᠣᠯᠪᠠᠰᠤᠷᠠᠭᠤᠯᠤᠯ ᠤᠨ ᠬᠤᠷᠠᠯ ᠳᠡᠭᠡᠷ᠎ᠡ᠂ ᠪᠠᠷᠠᠭᠠᠨ ᠤ ᠭᠦᠶᠯᠭᠡᠭᠡᠨ ᠤ ᠬᠦᠷᠢᠶᠡᠯᠡᠩ ᠲᠣᠭᠤᠷᠢᠭ ᠠᠴᠠ ᠪᠥᠬᠦ ᠣᠷᠣᠨ ᠤ ᠪᠠᠶᠢᠷᠢᠯᠠᠭᠤᠯᠤᠭᠰᠠᠨ ᠪᠠᠷᠠᠭᠠᠨ ᠤ ᠭᠦᠶᠯᠭᠡᠭᠡᠨ ᠤ ᠬᠦᠷᠢᠶᠡᠯᠡᠩ ᠲᠣᠭᠤᠷᠢᠭ ᠤᠨ ᠪᠥᠭᠡᠮ ᠬᠦᠴᠢᠯ  ᠤᠨ ᠪᠠᠶᠢᠴᠠᠭᠠᠨ ᠰᠢᠯᠭᠠᠬᠤ ᠰᠣᠷᠢᠯᠲᠠ ᠶᠢᠨ ᠰᠣᠬᠤᠷ ᠪᠠᠯᠠᠶ ᠪᠠᠷ ᠮᠠᠯᠲᠠᠬᠤ ᠠᠵᠢᠯ ᠤᠨ ᠱᠠᠭᠠᠷᠳᠠᠯᠭ᠎ᠠ ᠶᠢ ᠤᠯᠠᠮᠵᠢᠯᠠᠵᠤ᠂ ᠣᠳᠣᠬᠢ ᠱᠠᠲᠤᠨ ᠤ ᠪᠠᠷᠠᠭᠠᠨ ᠤ ᠭᠦᠶᠯᠭᠡᠭᠡᠨ ᠤ ᠬᠦᠷᠢᠶᠡᠯᠡᠩ ᠲᠣᠭᠤᠷᠢᠭ ᠤᠨ ᠥᠯᠢᠭᠡᠷ ᠠᠪᠬᠤ ᠴᠡᠭ ᠤᠨ ᠪᠥᠭᠡᠮ ᠬᠦᠴᠢᠯ ᠤᠨ ᠰᠣᠬᠤᠷ ᠪᠠᠯᠠᠶ ᠪᠠᠷ ᠮᠠᠯᠲᠠᠬᠤ ᠠᠵᠢᠯ ᠤᠨ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠢ ᠵᠥᠪᠳᠡᠯᠴᠡᠨ ᠰᠤᠳᠤᠯᠤᠨ ᠮᠠᠭᠠᠳᠯᠠᠵᠤ᠂ ᠡᠮᠦᠨᠡᠬᠢ ᠬᠤᠭᠤᠴᠠᠭᠠᠨ ᠤ ᠠᠵᠢᠯ ᠤᠨ ᠪᠡᠯᠡᠳᠬᠡᠯ ᠳᠤ ᠲᠤᠬᠠᠶ ᠶᠢᠨ ᠲᠠᠯᠠᠪᠠᠶ ᠶᠢᠨ ᠲᠣᠬᠢᠷᠠᠭᠤᠯᠤᠯᠲᠠ ᠬᠢᠵᠦ᠂ ᠰᠣᠬᠤᠷ ᠪᠠᠯᠠᠶ ᠪᠠᠷ ᠮᠠᠯᠲᠠᠬᠤ ᠠᠵᠢᠯ ᠤᠨ ᠤᠷᠤᠭᠰᠢᠲᠠᠶ ᠶᠠᠪᠤᠭᠳᠠᠬᠤ ᠳᠤ ᠭᠦᠶᠴᠡᠳ ᠪᠡᠯᠡᠳᠬᠡᠯ ᠬᠢᠪᠠ  ᠃       ᠬᠤᠷᠠᠯ ᠠᠴᠠ᠂ ᠬᠦᠷᠢᠶᠡᠯᠡᠩ ᠲᠣᠭᠤᠷᠢᠭ ᠤᠨ ᠡᠯ᠎ᠡ ᠠᠵᠤ ᠠᠬᠤᠶᠢᠯᠠᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠬᠤ ᠶᠢ ᠦᠷᠭᠦᠯᠵᠢᠯᠡᠨ ᠱᠠᠯᠠᠪᠳᠠᠭᠤᠯᠤᠨ ᠱᠠᠭᠠᠷᠳᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠶᠯ ᠤᠨ ᠠᠷᠭ᠎ᠠ ᠬᠡᠮᠵᠢᠶ᠎ᠡ ᠶᠢ ᠴᠢᠩᠭ᠎ᠠ ᠬᠡᠷᠡᠭᠵᠢᠭᠦᠯᠵᠦ᠂ ᠰᠡᠷᠭᠡᠶᠢᠯᠡᠨ ᠡᠵᠡᠮᠳᠡᠬᠦ ᠠᠵᠢᠯ ᠤᠨ ᠳᠤᠲᠠᠭᠤᠳᠠᠯ ᠣᠷᠣᠰᠢᠵᠤ ᠪᠠᠶᠢᠭ᠎ᠠ ᠠᠵᠤ ᠠᠬᠤᠶᠢᠯᠠᠯ ᠳᠤ ᠲᠤᠬᠠᠶ ᠶᠢᠨ ᠲᠠᠯᠠᠪᠠᠶ ᠳᠤ ᠪᠢᠴᠢᠭ ᠢᠶᠠᠷ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ ᠪᠠᠭᠤᠯᠭᠠᠬᠤ ᠶᠢᠨ ᠬᠠᠮᠲᠤ ᠳᠠᠷᠤᠶᠢᠬᠠᠨ ᠴᠡᠭᠴᠡᠯᠡᠨ ᠰᠠᠶᠢᠵᠢᠷᠠᠭᠤᠯᠵᠤ᠂ ᠬᠢᠵᠢᠭ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠪᠣᠳᠠᠲᠠᠶ ᠨᠠᠶᠢᠳᠠᠪᠤᠷᠢᠵᠢᠭᠤᠯᠤᠨ ᠨᠠᠷᠢᠯᠢᠭ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ ᠬᠢᠵᠢᠭ  ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠴᠢᠳᠠᠪᠤᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠬᠢᠯᠪᠠᠷ ᠪᠤᠰᠤ  ᠪᠠᠷ ᠢᠷᠡᠭᠰᠡᠨ ᠰᠡᠷᠭᠡᠶᠢᠯᠡᠨ ᠡᠵᠡᠮᠳᠡᠭᠰᠡᠨ ᠦᠷ᠎ᠡ ᠪᠦᠲᠦᠭᠡᠯ ᠢ ᠡᠷᠡᠰ ᠰᠠᠬᠢᠬᠤ ᠬᠡᠷᠡᠭᠲᠡᠶ ᠭᠡᠵᠦ ᠱᠠᠭᠠᠷᠳᠠᠪᠠ  ᠃

 
ᠢᠷᠡᠯᠲᠡ᠄ ᠪᠤᠭᠤᠲᠤ ᠬᠤᠲᠠ ᠶᠢᠨ ᠬᠠᠮᠲᠤ ᠶᠢᠨ ᠲᠣᠬᠢᠷᠠᠭᠤᠯᠤᠨ ᠬᠦᠷᠭᠡᠬᠦ ᠪᠣᠳᠠᠰ ᠤᠨ ᠭᠦᠢᠯᠭᠡᠭᠡᠨ ᠤ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号