ᠰᠢ ᠶᠢᠨ ᠫᠢᠩ ᠮᠤᠵᠢ ᠶᠠᠮᠤᠨ ᠤ ᠲᠡᠰ ᠤᠨ ᠭᠤᠣᠯ ᠤᠳᠤᠷᠢᠳᠬᠤ ᠺᠠᠳ᠋ᠷ ᠤᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠶᠢᠨ ᠵᠢᠷᠭᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠬᠢ ᠶᠢᠨ ᠰᠤᠷᠤᠯᠭ᠎ᠠ ᠡᠬᠢᠯᠡᠬᠦ ᠶᠣᠰᠣᠯᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠤ᠂ ᠨᠠᠮ ᠤᠨ ᠲᠡᠦᠬᠡ ᠶᠢᠨ ᠳ᠋ᠦᠩᠨᠡᠯᠳᠡ ᠰᠤᠷᠤᠯᠴᠠᠯᠭ᠎ᠠ ᠬᠥᠮᠦᠵᠢᠯ ᠤᠬᠠᠭᠤᠯᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠥ ᠨᠠᠮ ᠤᠨ ᠵᠠᠭᠤᠨ ᠵᠢᠯ ᠤᠨ ᠲᠡᠮᠡᠴᠡᠯ ᠤᠨ ᠲᠡᠦᠬᠡᠨ ᠲᠤᠷᠰᠢᠯᠭ᠎ᠠ ᠶᠢ ᠨᠠᠩ ᠰᠠᠶᠢᠲᠤᠷ ᠡᠵᠡᠮᠰᠢᠵᠥ ᠬᠡᠷᠡᠭᠯᠡᠬᠦ ᠬᠡᠷᠡᠭᠲᠡᠢ ᠭᠡᠵᠦ ᠴᠢᠬᠤᠯᠠᠴᠢᠯᠠᠪᠠ
ᠨᠡᠶᠢᠲᠡᠯᠡᠭᠰᠡᠨ ᠴᠠᠭ᠄
2022/1/13
 

   

      ᠯᠢ ᠺᠧ ᠴᠢᠶᠠᠩ ᠬᠤᠷᠠᠯ ᠢ ᠡᠷᠬᠢᠯᠡᠵᠦ  ᠯᠢ ᠵᠠᠨ ᠱᠸ  ᠸᠠᠩ ᠶᠠᠩ  ᠸᠠᠩ ᠬᠤ᠋ ᠨᠢᠩ  ᠵᠤᠤ ᠯᠧ ᠵᠶᠢ  ᠬᠠᠨ ᠵᠧᠩ

 ᠸᠠᠩ ᠴᠢ ᠱᠠᠨ ᠬᠤᠷᠠᠯ ᠳᠤ ᠣᠷᠣᠯᠴᠠᠵᠠᠢ

     1 ᠰᠠᠷ᠎ᠠ ᠶᠢᠨ 11 ᠤ ᠡᠳᠦᠷ᠂ ᠮᠤᠵᠢ ᠶᠠᠮᠤᠨ ᠤ ᠲᠡᠰ ᠤᠨ ᠭᠤᠣᠯ ᠤᠳᠤᠷᠢᠳᠬᠤ ᠺᠠᠳ᠋ᠷ ᠤᠨ ᠨᠠᠮ ᠤᠨ ᠠᠷᠪᠠ

ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠶᠢᠨ ᠵᠢᠷᠭᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ

ᠲᠤᠭᠤᠰᠢᠯᠠᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠬᠢ 11 ᠤ ᠦᠳᠡ ᠶᠢᠨ ᠡᠮᠦᠨ᠎ᠡ ᠲᠥᠪ ᠤᠨ ᠨᠠᠮ ᠤᠨ

ᠰᠤᠷᠭᠠᠭᠤᠯᠢ ︵ᠤᠯᠤᠰ ᠤᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠳᠤ ᠰᠤᠷᠤᠯᠭ᠎ᠠ ᠡᠬᠢᠯᠡᠪᠡ᠃ ᠨᠠᠮ ᠤᠨ ᠲᠥᠪ

ᠬᠤᠷᠢᠶ᠎ᠠ ᠶᠢᠨ ᠶᠡᠷᠦᠩᠬᠡᠶ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ

ᠲᠡᠷᠢᠭᠦᠯᠡᠭᠴᠢ ᠰᠢ ᠶᠢᠨ ᠫᠢᠩ ᠰᠤᠷᠤᠯᠭ᠎ᠠ ᠡᠬᠢᠯᠡᠬᠦ ᠶᠣᠰᠣᠯᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠠᠢ᠃

     ᠰᠢᠨᠬᠤᠸᠠ ᠬᠤᠷᠢᠶᠠᠨ ᠤ ᠰᠤᠷᠪᠤᠯᠵᠢᠯᠠᠭᠴᠢ ᠯᠢ ᠰᠢᠤᠸᠠᠢ ᠷᠧᠨ ᠰᠡᠭᠦᠳᠡᠷᠯᠡᠪᠡ

     ᠰᠢᠨᠬᠤᠸᠠ ᠬᠤᠷᠢᠶᠠᠨ ᠤ ᠪᠡᠭᠡᠵᠢᠩ ᠤᠨ 1 ᠰᠠᠷ᠎ᠠ ᠶᠢᠨ 11 ᠤ ᠴᠠᠬᠢᠯᠭᠠᠨ ᠮᠡᠳᠡᠭᠡ  ᠮᠤᠵᠢ ᠶᠠᠮᠤᠨ ᠤ ᠲᠡᠰ ᠤᠨ

ᠭᠤᠣᠯ ᠤᠳᠤᠷᠢᠳᠬᠤ ᠺᠠᠳ᠋ᠷ ᠤᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠶᠢᠨ ᠵᠢᠷᠭᠤᠳᠤᠭᠠᠷ

ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ

ᠠᠩᠬᠢ 11 ᠤ ᠦᠳᠡ ᠶᠢᠨ ᠡᠮᠦᠨ᠎ᠡ ᠲᠥᠪ ᠤᠨ ᠨᠠᠮ ᠤᠨ ᠰᠤᠷᠭᠠᠭᠤᠯᠢ ︵ᠤᠯᠤᠰ ᠤᠨ ᠵᠠᠰᠠᠭ ᠵᠠᠬᠢᠷᠭᠠᠨ ᠤ ᠳᠡᠭᠡᠳᠦ

ᠰᠤᠷᠭᠠᠭᠤᠯᠢ︶ ᠳᠤ ᠰᠤᠷᠤᠯᠭ᠎ᠠ ᠡᠬᠢᠯᠡᠪᠡ᠃ ᠨᠠᠮ ᠤᠨ ᠲᠥᠪ ᠬᠤᠷᠢᠶ᠎ᠠ ᠶᠢᠨ ᠶᠡᠷᠦᠩᠬᠡᠶ ᠱᠦᠵᠢ᠂ ᠤᠯᠤᠰ ᠤᠨ

ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠰᠤᠷᠤᠯᠭ᠎ᠠ ᠡᠬᠢᠯᠡᠬᠦ

ᠶᠣᠰᠣᠯᠠᠯ ᠳᠡᠭᠡᠷ᠎ᠡ ᠴᠢᠬᠤᠯᠠ ᠶᠠᠷᠢᠶ᠎ᠠ ᠲᠠᠯᠪᠢᠬᠤ ᠳᠠᠭᠠᠨ᠂ ᠨᠠᠮ ᠤᠨ ᠲᠥᠪ ᠬᠤᠷᠢᠶ᠎ᠠ ᠡᠨᠡ ᠤᠳᠠᠭ᠎ᠠ ᠶᠢᠨ ᠲᠤᠰᠬᠠᠢ

ᠰᠡᠳᠦᠪᠲᠦ ᠰᠤᠳᠤᠯᠤᠨ ᠶᠠᠷᠢᠯᠴᠠᠬᠤ ᠠᠩᠬᠢ ᠶᠢ ᠡᠷᠬᠢᠯᠡᠭᠰᠡᠨ ᠤ ᠵᠣᠷᠢᠯᠭ᠎ᠠ ᠨᠢ ᠨᠠᠮ ᠤᠨ ᠠᠷᠪᠠ ᠶᠢᠰᠦᠳᠦᠭᠡᠷ

ᠬᠤᠭᠤᠴᠠᠭᠠᠨ ᠤ ᠲᠥᠪ ᠬᠤᠷᠢᠶ᠎ᠠ ᠶᠢᠨ ᠵᠢᠷᠭᠤᠳᠤᠭᠠᠷ ᠪᠦᠬᠦᠳᠠ ᠬᠤᠷᠠᠯ ᠤᠨ ᠰᠢᠢᠳᠪᠦᠷᠢ ᠶᠢ ᠭᠦᠨᠵᠡᠭᠡᠢ ᠰᠤᠳᠤᠯᠤᠨ

ᠤᠩᠰᠢᠬᠤ ᠪᠠ ᠣᠶᠢᠯᠠᠭᠠᠵᠥ᠂ ᠨᠠᠮ ᠤᠨ ᠲᠡᠦᠬᠡ ᠶᠢᠨ ᠳ᠋ᠦᠩᠨᠡᠯᠳᠡ᠂ ᠰᠤᠷᠤᠯᠴᠠᠯᠭ᠎ᠠ᠂ ᠬᠦᠮᠦᠵᠢᠯ᠂ ᠤᠬᠠᠭᠤᠯᠭ᠎ᠠ ᠶᠢ

ᠦᠷᠬᠦᠯᠵᠢᠯᠡᠨ ᠭᠦᠨᠵᠡᠭᠡᠶᠢᠷᠡᠭᠦᠯᠵᠥ᠂ ᠨᠠᠮ ᠤᠨ ᠵᠠᠭᠤᠨ ᠵᠢᠯ ᠤᠨ ᠲᠡᠮᠡᠴᠡᠯ ᠤᠨ ᠲᠡᠦᠬᠡᠨ ᠲᠤᠷᠰᠢᠯᠭ᠎ᠠ ᠶᠢ ᠨᠠᠩ ᠰᠠᠶᠢᠲᠤᠷ

ᠡᠵᠡᠮᠰᠢᠨ ᠬᠡᠷᠡᠭᠯᠡᠵᠥ᠂ ᠨᠠᠮ ᠪᠠᠶᠢᠭᠤᠯᠬᠤ ᠠᠭᠤᠤ ᠶᠡᠭᠡ ᠵᠣᠷᠢᠭ ᠰᠠᠨᠠᠭ᠎ᠠ ᠶᠢ ᠪᠠᠳᠠᠷᠠᠭᠤᠯᠵᠥ᠂ ᠲᠡᠦᠬᠡ ᠶᠢᠨ ᠢᠲᠡᠭᠡᠯ ᠢᠶᠠᠨ

ᠨᠡᠮᠡᠭᠳᠡᠭᠦᠯᠤᠨ᠂ ᠪᠦᠯᠬᠦᠮᠳᠡᠯ ᠨᠢᠭᠡᠳᠦᠯ ᠢ ᠴᠢᠩᠭᠠᠳᠬᠠᠨ᠂ ᠲᠡᠮᠡᠴᠡᠯ ᠤᠨ ᠵᠣᠷᠢᠭ ᠰᠠᠨᠠᠭ᠎ᠠ ᠪᠠᠨ ᠴᠢᠩᠭᠠᠳᠬᠠᠵᠤ᠂ ᠪᠦᠬᠦ ᠨᠠᠮ

ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠳᠠᠶᠢᠴᠢᠯᠠᠵᠥ ᠪᠠᠶᠢᠭᠠᠳ ᠢᠲᠡᠭᠡᠯ ᠵᠣᠷᠢᠭ ᠢ ᠨᠢ

ᠪᠠᠲᠤᠳᠬᠠᠨ᠂ ᠡᠷᠡᠯᠬᠡᠭ ᠢᠶᠠᠷ ᠤᠷᠤᠭᠰᠢᠯᠠᠵᠥ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠶᠢᠨ

ᠲᠥᠯᠥᠭᠡ ᠴᠥᠬᠦᠷᠡᠰᠢ ᠦᠭᠡᠢ ᠴᠢᠷᠮᠠᠶᠢᠬᠤ ᠶᠢᠨ ᠳᠦᠯᠦᠬᠡ ᠶᠤᠮ ᠬᠡᠵᠥ ᠴᠢᠬᠤᠯᠠᠴᠢᠯᠠᠪᠠ᠃

     ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ ᠯᠢ ᠺᠧ ᠴᠢᠶᠠᠩ

ᠰᠤᠷᠤᠯᠭ᠎ᠠ ᠡᠬᠢᠯᠡᠬᠦ ᠶᠣᠰᠣᠯᠠᠯ ᠢ ᠡᠷᠬᠢᠯᠡᠵᠦ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ

ᠪᠠᠶᠢᠩᠭᠤ ᠶᠢᠨ ᠭᠡᠰᠢᠭᠦᠨ ᠯᠢ ᠵᠠᠨ ᠱᠸ᠂ ᠸᠠᠩ ᠶᠠᠩ᠂ ᠸᠠᠩ ᠬᠤ᠋ ᠨᠢᠩ᠂ ᠵᠤᠤ ᠯᠧ ᠵᠶᠢ᠂ ᠬᠠᠨ ᠵᠧᠩ᠂ ᠤᠯᠤᠰ ᠤᠨ

ᠳᠡᠳ᠋ ᠲᠡᠷᠢᠭᠦᠯᠡᠭᠴᠢ ᠸᠠᠩ ᠴᠢ ᠱᠠᠨ ᠰᠤᠷᠤᠯᠭ᠎ᠠ ᠡᠬᠢᠯᠡᠬᠦ ᠶᠣᠰᠣᠯᠠᠯ ᠳᠤ ᠣᠷᠣᠯᠴᠠᠵᠠᠢ᠃

     ᠰᠢ ᠶᠢᠨ ᠫᠢᠩ ᠶᠠᠷᠢᠶᠠᠨ ᠳᠠᠭᠠᠨ᠂ ᠨᠢᠭᠡ ᠦᠨᠳᠦᠰᠦᠲᠡᠨ ᠴᠠᠭ ᠦᠶ᠎ᠡ ᠶᠢᠨ ᠡᠮᠦᠨ᠎ᠡ ᠡᠩᠨᠡᠭᠡᠨ ᠳᠤ ᠬᠤᠰᠢᠭᠤᠷᠠᠬᠤ

ᠭᠡᠪᠡᠯ ᠴᠠᠭ ᠢᠮᠠᠭᠲᠠ ᠤᠨᠤᠯ ᠤᠨ ᠰᠡᠳᠭᠢᠬᠦᠢ ᠦᠬᠡᠢ ᠪᠠᠶᠢᠵᠤ ᠪᠤᠯᠬᠤ ᠦᠬᠡᠢ᠂ ᠴᠠᠭ ᠢᠮᠠᠭᠲᠠ ᠵᠥᠪ ᠦᠵᠡᠯ ᠰᠠᠨᠠᠭᠠᠨ ᠤ

ᠵᠢᠯᠤᠭᠤᠳᠤᠯᠭ᠎ᠠ ᠦᠬᠡᠢ ᠪᠠᠶᠢᠵᠥ ᠪᠤᠯᠬᠤ ᠦᠬᠡᠢ᠃ ᠳᠤᠮᠳᠠᠳᠤ ᠤᠯᠤᠰ ᠤᠨ ᠡᠪ ᠬᠠᠮᠲᠤ ᠨᠠᠮ ᠶᠠᠭᠠᠬᠢᠭᠠᠳ ᠪᠤᠯᠬᠤ᠂

ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠶᠠᠭᠠᠬᠢᠭᠠᠳ ᠰᠠᠶᠢᠨ ᠪᠠᠶᠢᠳᠠᠭ ᠨᠢ ᠡᠴᠦᠰ ᠤᠨ ᠡᠴᠦᠰ ᠲᠡᠭᠡᠨ

ᠮᠠᠷᠺᠰ ᠤᠨ ᠦᠵᠡᠯ ᠰᠠᠶᠢᠨ ᠪᠠᠶᠢᠳᠠᠭ ᠠᠴᠠ ᠪᠣᠯᠤᠭᠰᠠᠨ ᠶᠤᠮ᠃ ᠮᠠᠷᠺᠰ ᠤᠨ ᠦᠵᠡᠯ ᠰᠠᠶᠢᠨ ᠪᠠᠶᠢᠬᠤ ᠶᠢᠨ ᠰᠢᠯᠲᠠᠭᠠᠨ ᠨᠢ

ᠨᠠᠮ ᠠᠴᠠ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠶᠢ ᠲᠠᠰᠤᠷᠠᠯᠳᠠ ᠦᠭᠡᠢ ᠠᠬᠢᠭᠤᠯᠬᠤ ᠶᠢᠨ

ᠬᠠᠮᠲᠤ ᠲᠡᠭᠦᠨ ᠢᠶᠠᠷ ᠦᠢᠯᠡᠳᠦᠯᠭᠡ ᠶᠢ ᠵᠢᠯᠣᠭᠤᠳᠤᠭᠰᠠᠨ ᠳᠤ ᠪᠤᠢ᠃ ᠡᠨᠡ ᠤᠳᠠᠭ᠎ᠠ ᠶᠢᠨ ᠪᠥᠬᠦᠳᠡ ᠬᠤᠷᠠᠯ ᠤᠨ

ᠰᠢᠶᠳᠪᠦᠷᠢ ᠨᠢ ᠵᠠᠭᠤᠨ ᠵᠢᠯ ᠤᠨ ᠲᠡᠮᠡᠴᠡᠯ ᠤᠨ ᠥᠩᠭᠡᠷᠡᠯᠲᠡ ᠳᠤᠮᠳᠠ ᠨᠠᠮ ᠠᠴᠠ ᠮᠠᠷᠺᠰ ᠤᠨ ᠦᠵᠡᠯ ᠢ ᠳᠤᠮᠳᠠᠳᠤ

ᠤᠯᠤᠰᠴᠢᠯᠠᠬᠤ ᠴᠠᠭ ᠦᠶᠡᠴᠢᠯᠡᠬᠦ ᠶᠢ ᠲᠠᠰᠤᠷᠠᠯᠲᠠ ᠥᠬᠡᠶ ᠠᠬᠢᠭᠤᠯᠤᠬᠰᠠᠨ ᠲᠤᠬᠠᠢ ᠪᠥᠬᠦ ᠲᠠᠯ᠎ᠠ ᠶᠢᠨ ᠳ᠋ᠦᠩᠨᠡᠯᠲᠡ ᠬᠢᠵᠡᠶ᠃

ᠵᠠᠭᠤᠨ ᠵᠢᠯ ᠤᠨ ᠲᠡᠮᠡᠴᠡᠯ ᠤᠨ ᠶᠠᠪᠤᠴᠠ ᠳᠤᠮᠳᠠᠬᠢ ᠮᠠᠷᠺᠰ ᠤᠨ ᠦᠵᠡᠯ ᠢ ᠳᠤᠮᠳᠠᠳᠤ ᠤᠯᠤᠰᠴᠢᠯᠠᠵᠤ ᠴᠠᠭ ᠦᠶᠡᠴᠢᠯᠡᠬᠦ ᠶᠢ

ᠵᠠᠳᠠᠯᠤᠨ ᠰᠤᠳᠤᠯᠵᠤ ᠳ᠋ᠦᠩᠨᠡᠬᠦ ᠶᠢ ᠴᠢᠬᠤᠯᠠᠴᠢᠯᠠᠬᠰᠠᠨ ᠨᠢ ᠪᠥᠬᠦᠳᠡ ᠬᠤᠷᠠᠯ ᠤᠨ ᠰᠢᠶᠳᠪᠦᠷᠢ ᠳᠤ ᠲᠤᠭᠤᠰᠢᠯᠠᠭᠳᠠᠵᠤ

ᠪᠠᠶᠢᠭ᠎ᠠ ᠨᠢᠭᠡᠨ ᠴᠢᠬᠤᠯᠠ ᠠᠭᠤᠯᠭ᠎ᠠ ᠮᠥᠨ᠂ ᠪᠢᠳᠡ ᠡᠷᠬᠡᠪᠰᠢ ᠭᠦᠨᠵᠡᠭᠡᠶ ᠰᠤᠷᠤᠯᠴᠠᠵᠤ᠂ ᠪᠥᠬᠦ ᠲᠠᠯ᠎ᠠ ᠪᠠᠷ ᠣᠶᠢᠯᠠᠭᠠᠬᠤ

ᠬᠡᠷᠡᠭᠲᠡᠶ᠃ ᠮᠠᠷᠺᠰ ᠤᠨ ᠦᠵᠡᠯ ᠬᠥᠮᠦᠨ ᠲᠥᠷᠥᠯᠬᠢᠲᠡᠨ ᠤ ᠨᠡᠶᠢᠭᠡᠮ ᠤᠨ ᠬᠥᠭᠵᠢᠯᠲᠡ ᠲᠠᠪᠰᠢᠯᠳᠠ ᠳᠤ ᠴᠢᠭᠯᠡᠯ ᠢ

ᠲᠣᠳᠣᠷᠬᠠᠢ ᠵᠢᠭᠠᠵᠤ ᠥᠭᠴᠡᠢ᠂ ᠡᠨᠡ ᠪᠣᠯ ᠪᠢᠳᠡᠨ ᠤ ᠶᠢᠷᠲᠢᠨᠴᠦ ᠶᠢ ᠲᠠᠨᠢᠬᠤ᠂ ᠵᠢᠮ᠎ᠡ ᠶᠣᠰᠣ ᠶᠢ ᠡᠵᠡᠮᠳᠡᠬᠦ᠂ ᠦᠨᠡᠨ

ᠶᠣᠰᠣ ᠶᠢ ᠬᠥᠭᠡᠭᠡᠴᠡᠯᠳᠦᠬᠦ᠂ ᠶᠢᠷᠲᠢᠨᠴᠦ ᠶᠢ ᠥᠭᠡᠷᠡᠴᠢᠯᠡᠬᠦ ᠬᠦᠴᠦᠷᠬᠡᠭ ᠶᠡᠭᠡ ᠦᠵᠡᠯ ᠰᠠᠨᠠᠭᠠᠨ ᠤ ᠵᠡᠪᠰᠡᠭ ᠮᠥᠨ᠃

ᠡᠭᠦᠨ ᠤ ᠬᠠᠮᠲᠤ᠂ ᠮᠠᠷᠺᠰ ᠤᠨ ᠦᠵᠡᠯ ᠤᠨ ᠤᠨᠤᠯ ᠪᠣᠯ ᠨᠣᠮᠯᠠᠯ ᠪᠢᠰᠢ᠂ ᠬᠠᠷᠢᠨ ᠠᠵᠢᠯᠯᠠᠭᠠᠨ ᠤ ᠵᠦᠭᠯᠡᠭᠦᠷ ᠮᠥᠨ᠂

ᠡᠷᠬᠡᠪᠰᠢ ᠦᠢᠯᠡᠳᠦᠯᠭᠡ ᠶᠢᠨ ᠬᠤᠪᠢᠷᠠᠯᠲᠠ ᠶᠢ ᠲᠠᠭᠠᠯᠳᠤᠨ ᠬᠥᠭᠵᠢᠬᠦ ᠬᠡᠷᠡᠭᠲᠡᠢ᠃ ᠮᠠᠷᠺᠰ ᠤᠨ ᠦᠵᠡᠯ ᠦᠢᠯᠡᠳᠦᠯᠭᠡ ᠶᠢᠨ

ᠳᠤᠮᠳᠠ ᠦᠢᠯᠡᠳᠦᠯ ᠢᠶᠠᠨ ᠪᠠᠳᠠᠷᠠᠭᠤᠯᠵᠤ ᠴᠢᠳᠠᠬᠤ ᠡᠰᠡᠬᠦ ᠶᠢᠨ ᠵᠠᠩᠭᠢᠯᠠᠭ᠎ᠠ ᠨᠢ ᠮᠠᠷᠺᠰ ᠤᠨ ᠦᠵᠡᠯ ᠤᠨ ᠦᠨᠳᠤᠰᠤᠨ ᠤᠬ

ᠶᠤᠰᠤ ᠶᠢ ᠳᠤᠮᠳᠠᠳᠤ ᠤᠯᠤᠰ ᠤᠨ ᠪᠣᠳᠠᠲᠤ ᠪᠠᠶᠢᠳᠠᠯ ᠪᠠ ᠴᠠᠭ ᠦᠶ᠎ᠡ ᠶᠢᠨ ᠣᠨᠴᠠᠯᠢᠭ ᠲᠠᠢ ᠤᠶᠠᠯᠳᠤᠭᠤᠯᠵᠤ ᠴᠢᠳᠠᠬᠤ

ᠡᠰᠡᠬᠦ ᠳᠤ ᠪᠤᠢ᠃ ᠲᠦᠷᠭᠡᠨ ᠬᠤᠪᠢᠷᠠᠵᠤ ᠪᠠᠶᠢᠭ᠎ᠠ ᠳᠡᠯᠡᠬᠡᠢ ᠶᠢᠷᠲᠢᠨᠴᠦ ᠪᠣᠯᠤᠨ ᠳᠤᠮᠳᠠᠳᠤ ᠤᠯᠤᠰ ᠲᠤ᠂ ᠬᠡᠷᠪᠡ

ᠬᠠᠭᠤᠴᠢᠨ ᠢᠶᠠᠨ ᠦᠬᠦᠨ ᠪᠠᠷᠢᠮᠲᠠᠯᠠᠵᠤ᠂ ᠦᠵᠡᠯ ᠰᠠᠨᠠᠭ᠎ᠠ ᠨᠢ ᠬᠥᠰᠢᠭᠦᠷᠡᠵᠦ᠂ ᠤᠨᠤᠯ ᠤᠨ ᠰᠢᠨ᠎ᠡ ᠶᠢ ᠡᠭᠦᠳᠬᠦ ᠰᠥᠰᠥ

ᠵᠣᠷᠢᠭ ᠦᠭᠡᠢ᠂ ᠳᠤᠮᠳᠠᠳᠤ ᠤᠯᠤᠰ ᠤᠨ ᠠᠰᠠᠭᠤᠯᠲᠠ᠂ ᠳᠡᠯᠡᠬᠡᠢ ᠶᠢᠨ ᠠᠰᠠᠭᠤᠯᠲᠠ᠂ ᠠᠷᠠᠳ ᠲᠦᠮᠡᠨ ᠤ ᠠᠰᠠᠭᠤᠯᠲᠠ᠂

ᠴᠠᠭ ᠦᠶ᠎ᠡ ᠶᠢᠨ ᠠᠰᠠᠭᠤᠯᠲᠠ ᠳᠤ ᠰᠢᠨᠵᠢᠯᠡᠬᠦ ᠤᠬᠠᠭᠠᠨᠴᠢ ᠪᠠᠷ ᠬᠠᠷᠢᠭᠤᠯᠲᠠ ᠥᠭᠴᠦ ᠳᠡᠶᠢᠯᠬᠦ ᠦᠭᠡᠢ ᠪᠣᠯ᠂ ᠨᠠᠮ ᠪᠣᠯᠤᠨ

ᠤᠯᠤᠰ ᠤᠨ ᠠᠵᠢᠯ ᠦᠢᠯᠡᠰ ᠦᠷᠭᠦᠯᠵᠢᠯᠡᠨ ᠤᠷᠤᠭᠰᠢᠯᠠᠬᠤ ᠶᠢᠨ ᠠᠷᠭ᠎ᠠ ᠦᠭᠡᠢ ᠪᠣᠯᠬᠤ ᠪᠠᠷ ᠪᠠᠷᠠᠬᠤ ᠦᠭᠡᠢ ᠮᠠᠷᠺᠰ ᠤᠨ

ᠦᠵᠡᠯ ᠴᠦ ᠠᠮᠢᠵᠢᠷᠠᠯ ᠤᠨ ᠬᠦᠴᠦᠨ᠂ ᠢᠲᠡᠭᠡᠭᠦᠯᠬᠦ ᠬᠦᠴᠦᠨ ᠢᠶᠠᠨ ᠠᠯᠳᠠᠬᠤ ᠪᠣᠯᠤᠨ᠎ᠠ᠃ ᠤᠳᠤ ᠦᠶ᠎ᠡ ᠶᠢᠨ ᠳᠤᠮᠳᠠᠳᠤ

ᠤᠯᠤᠰ ᠶᠠᠭ ᠬᠥᠮᠦᠨ ᠲᠥᠷᠥᠯᠬᠢᠲᠡᠨ ᠤ ᠲᠡᠦᠬᠡᠨ ᠳᠡᠭᠡᠷᠡᠬᠢ ᠬᠠᠮᠤᠭ ᠤᠨ ᠠᠤᠭ᠎ᠠ ᠶᠡᠭᠡ ᠪᠥᠭᠡᠳ ᠥᠪᠡᠷᠮᠢᠴᠡ

ᠦᠢᠯᠡᠳᠦᠯᠭᠡ ᠶᠢᠨ ᠰᠢᠨ᠎ᠡ ᠡᠭᠦᠳᠦᠯᠲᠡ ᠶᠢ ᠦᠡᠭᠭᠡᠷᠡᠬᠦᠯᠵᠤ ᠪᠠᠶᠢᠨ᠎ᠠ᠂ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ

ᠡᠭᠦᠷᠭᠡ ᠶᠢᠨ ᠬᠦᠨᠳᠦ᠂ ᠵᠥᠷᠢᠴᠡᠯ ᠲᠦᠭᠰᠢᠭᠦᠷᠢ ᠥᠷᠢᠰᠥᠯᠳᠦᠭᠡᠨ ᠤ ᠤᠯᠠᠨ᠂ ᠲᠦᠷᠦ ᠶᠢ ᠵᠠᠰᠠᠵᠤ ᠵᠠᠰᠠᠭ ᠢ ᠡᠷᠬᠢᠯᠡᠬᠦ

ᠰᠢᠯᠭᠠᠯᠲᠠ ᠶᠢᠨ ᠤᠯᠠᠨ ᠪᠠᠶᠢᠭ᠎ᠠ ᠨᠢ ᠤᠷᠢᠳ ᠡᠮᠦᠨ᠎ᠡ ᠪᠠᠶᠢᠭ᠎ᠠ ᠦᠭᠡᠢ᠂ ᠳᠡᠯᠡᠬᠡᠢ ᠳ᠋ᠠᠬᠢᠨ ᠤ ᠵᠠᠭᠤᠨ ᠵᠢᠯ ᠳᠤ

ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠭᠦᠨᠵᠡᠭᠡᠢ ᠬᠤᠪᠢᠷᠠᠯᠲᠠ ᠤᠷᠢᠳ ᠡᠮᠤᠨ᠎ᠠ ᠪᠠᠶᠢᠭ᠎ᠠ ᠦᠭᠡᠢ᠂ ᠬᠠᠷᠢᠭᠤᠯᠲᠠ

ᠥᠭᠬᠦ ᠴᠢᠬᠤᠯᠠᠲᠠᠢ ᠶᠡᠭᠡ ᠬᠡᠮᠵᠢᠶᠡᠨ ᠤ ᠤᠨᠤᠯ ᠤᠨ ᠪᠠ ᠦᠢᠯᠡᠳᠦᠯᠭᠡ ᠶᠢᠨ ᠰᠡᠳᠦᠪ ᠢ ᠳᠤᠷᠠᠳᠴᠠᠢ᠃ ᠪᠢᠳᠡ ᠴᠠᠭ

ᠦᠶ᠎ᠡ ᠶᠢᠨ ᠶᠡᠭᠡ ᠬᠠᠨᠳᠤᠰᠢ ᠶᠢ ᠣᠨᠣᠪᠴᠢᠲᠠᠢ ᠡᠵᠡᠮᠳᠡᠵᠦ᠂ ᠬᠥᠮᠦᠨ ᠲᠥᠷᠥᠯᠬᠢᠲᠡᠨ ᠤ ᠬᠥᠭᠵᠢᠯᠲᠡ ᠶᠢᠨ ᠡᠮᠦᠨ᠎ᠡ

ᠡᠩᠨᠡᠭᠡᠨ ᠳᠤ ᠵᠣᠷᠢᠭᠲᠠᠢ ᠵᠣᠭᠰᠣᠵᠤ᠂ ᠠᠷᠠᠳ ᠲᠦᠮᠡᠨ ᠤ ᠰᠡᠳᠭᠢᠯ ᠤᠨ ᠲᠠᠭᠤᠨ ᠢ ᠰᠣᠨᠣᠰᠴᠤ᠂ ᠪᠣᠳᠠᠲᠤ ᠬᠡᠷᠡᠭᠴᠡᠭᠡ ᠳᠤ

ᠬᠠᠷᠢᠭᠤᠯᠲᠠ ᠥᠭᠴᠦ᠂ ᠦᠵᠡᠯ ᠰᠠᠨᠠᠭ᠎ᠠ ᠪᠠᠨ ᠴᠢᠯᠥᠭᠡᠯᠡᠵᠤ᠂ ᠦᠨᠡᠨ ᠠᠴᠠ ᠵᠥᠪ ᠢ ᠡᠷᠢᠵᠤ᠂ ᠲᠥᠪ ᠶᠣᠰᠣ ᠶᠢ

ᠪᠠᠷᠢᠮᠲᠠᠯᠠᠨ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠮᠠᠷᠺᠰ ᠤᠨ ᠦᠵᠡᠯ ᠢ ᠪᠠᠷᠢᠮᠲᠠᠯᠠᠬᠤ ᠪᠠ ᠮᠠᠷᠺᠰ ᠤᠨ ᠦᠵᠡᠯ ᠢ

ᠬᠥᠭᠵᠢᠭᠦᠯᠬᠦ ᠶᠢ ᠨᠡᠩ ᠰᠠᠶᠢᠲᠤᠷ ᠨᠢᠭᠡᠳᠭᠡᠵᠦ᠂ ᠮᠠᠷᠺᠰ ᠤᠨ ᠦᠵᠡᠯ ᠤᠨ ︽ᠰᠤᠮᠤ︾ ᠪᠠᠷ ᠰᠢᠨ᠎ᠡ ᠴᠠᠭ ᠦᠶ᠎ᠡ ᠶᠢᠨ

ᠳᠤᠮᠳᠠᠳᠤ ᠤᠯᠤᠰ ᠤᠨ ︽ᠫᠠᠢ︾ ᠶᠢ ᠬᠠᠷᠪᠤᠬᠤ ᠶᠢ ᠪᠠᠷᠢᠮᠲᠠᠯᠠᠵᠤ᠂ ᠮᠠᠷᠺᠰ ᠤᠨ ᠦᠵᠡᠯ ᠤᠨ ᠦᠨᠳᠦᠰᠦᠨ ᠤᠭ ᠶᠣᠰᠣ ᠶᠢ

ᠳᠤᠮᠳᠠᠳᠤ ᠤᠯᠤᠰ ᠤᠨ ᠪᠣᠳᠠᠲᠤ ᠪᠠᠶᠢᠳᠠᠯ ᠲᠠᠢ ᠤᠶᠠᠯᠳᠤᠭᠤᠯᠬᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠲᠠᠢ

ᠤᠶᠠᠯᠳᠤᠭᠤᠯᠬᠤ ᠶᠢ ᠦᠷᠭᠦᠯᠵᠢᠯᠡᠨ ᠠᠬᠢᠭᠤᠯᠵᠤ᠂ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ

ᠰᠢᠨ᠎ᠡ ᠬᠠᠭᠤᠳᠠᠰᠤ ᠶᠢ ᠦᠷᠭᠦᠯᠵᠢᠯᠡᠨ ᠪᠢᠴᠢᠭᠯᠡᠬᠦ ᠬᠡᠷᠡᠭᠲᠡᠢ ᠭᠡᠵᠤ ᠵᠢᠭᠠᠵᠤ ᠭᠠᠷᠭᠠᠪᠠ᠃

     ᠰᠢ ᠶᠢᠨ ᠫᠢᠩ᠂ ᠨᠠᠮ ᠪᠣᠯᠤᠨ ᠠᠷᠠᠳ ᠲᠦᠮᠡᠨ ᠤ ᠦᠢᠯᠡᠰ ᠵᠥᠪ ᠴᠢᠭᠯᠡᠯ ᠢᠶᠠᠷ ᠤᠷᠤᠭᠰᠢᠯᠠᠵᠤ ᠴᠢᠳᠠᠬᠤ ᠡᠰᠡᠬᠦ ᠨᠢ

ᠪᠢᠳᠡᠨ ᠤ ᠨᠡᠶᠢᠭᠡᠮ ᠤᠨ ᠭᠤᠣᠯ ᠵᠥᠷᠢᠴᠡᠯ ᠢ ᠣᠨᠣᠪᠴᠢᠲᠠᠢ ᠲᠠᠨᠢᠨ ᠡᠵᠡᠮᠳᠡᠵᠦ᠂ ᠭᠤᠣᠯ ᠡᠭᠦᠷᠭᠡ ᠶᠢ ᠲᠣᠭᠲᠠᠭᠠᠵᠤ ᠴᠢᠳᠠᠬᠤ

ᠡᠰᠡᠬᠦ ᠪᠠᠷ ᠲᠤᠬᠳᠠᠭᠠᠭᠳᠠᠨ᠎ᠡ᠃ ᠨᠡᠶᠢᠭᠡᠮ ᠤᠨ ᠭᠤᠣᠯ ᠵᠥᠷᠢᠴᠡᠯ ᠪᠠ ᠭᠤᠣᠯ ᠡᠭᠦᠷᠭᠡ ᠶᠢ ᠣᠨᠣᠪᠴᠢᠲᠠᠢ ᠮᠠᠭᠠᠳᠯᠠᠪᠠᠯ ᠨᠠᠮ

ᠪᠠ ᠠᠷᠠᠳ ᠲᠦᠮᠡᠨ ᠤ ᠦᠢᠯᠡᠰ ᠳᠠᠷᠤᠢ ᠤᠷᠤᠭᠰᠢᠲᠠᠢ ᠬᠥᠭᠵᠢᠵᠦ ᠴᠢᠳᠠᠨ᠎ᠠ᠂ ᠡᠰᠡ ᠲᠡᠭᠡᠪᠡᠯ ᠨᠠᠮ ᠪᠠ ᠠᠷᠠᠳ ᠲᠦᠮᠡᠨ ᠤ

ᠦᠢᠯᠡᠰ ᠳᠠᠷᠤᠢ ᠨᠤᠭᠤᠷᠠᠯ ᠪᠦᠳᠦᠷᠢᠯ ᠳᠤ ᠤᠴᠠᠷᠠᠬᠤ ᠪᠣᠯᠤᠨ᠎ᠠ ᠭᠡᠳᠡᠭ ᠢ ᠨᠠᠮ ᠤᠨ ᠵᠠᠭᠤᠨ ᠵᠢᠯ ᠤᠨ ᠲᠡᠮᠡᠴᠡᠯ ᠤᠨ

ᠥᠩᠭᠡᠷᠡᠯᠲᠡ ᠪᠢᠳᠡᠨ ᠳᠤ ᠬᠡᠯᠡᠵᠦ ᠥᠭᠪᠠ᠃ ᠡᠨᠡ ᠤᠳᠠᠭ᠎ᠠ ᠶᠢᠨ ᠪᠦᠬᠦᠳᠡ ᠬᠤᠷᠠᠯ ᠤᠨ ᠰᠢᠢᠳᠪᠦᠷᠢ ᠳᠤ ᠨᠠᠮ ᠠᠴᠠ

ᠨᠡᠶᠢᠭᠡᠮ ᠤᠨ ᠭᠤᠣᠯ ᠵᠥᠷᠢᠴᠡᠯ ᠪᠠ ᠭᠤᠣᠯ ᠡᠭᠦᠷᠭᠡ ᠶᠢ ᠴᠢᠳᠠᠮᠠᠭᠠᠢ ᠠᠳᠬᠤᠵᠤ ᠪᠦᠬᠦ ᠲᠠᠯ᠎ᠠ ᠶᠢ ᠳᠠᠶᠢᠴᠢᠯᠠᠬᠰᠠᠨ ᠲᠠᠯ᠎ᠡ

 ᠪᠠᠷ ᠪᠦᠬᠦ ᠲᠠᠯ᠎ᠠ ᠶᠢᠨ ᠵᠠᠳᠠᠯᠤᠯᠲᠠ ᠬᠢᠪᠡ᠃ ᠨᠠᠮ ᠤᠨ ᠵᠠᠭᠤᠨ ᠵᠢᠯ ᠤᠨ ᠲᠡᠮᠡᠴᠡᠯ ᠤᠨ ᠥᠩᠭᠡᠷᠡᠯᠲᠡ ᠳᠠᠬᠢ ᠮᠠᠨ ᠤ

ᠤᠯᠤᠰ ᠤᠨ ᠨᠡᠶᠢᠭᠡᠮ ᠤᠨ ᠭᠤᠣᠯ ᠵᠥᠷᠢᠴᠡᠯ ᠪᠠ ᠭᠤᠣᠯ ᠡᠭᠦᠷᠭᠡ ᠶᠢᠨ ᠲᠤᠬᠠᠢ ᠰᠤᠳᠤᠯᠭᠠᠨ ᠪᠠ ᠡᠵᠡᠮᠳᠡᠯ ᠢ ᠵᠠᠳᠠᠯᠤᠨ

ᠳ᠋ᠦᠩᠨᠡᠬᠦ ᠶᠢ ᠴᠢᠬᠤᠯᠠᠴᠢᠯᠠᠬᠤ ᠪᠣᠯ ᠪᠦᠭᠦᠳᠡ ᠬᠤᠷᠠᠯ ᠤᠨ ᠰᠢᠢᠳᠪᠦᠷᠢ ᠳᠤ ᠲᠤᠭᠤᠰᠢᠯᠠᠭᠳᠠᠵᠤ ᠪᠠᠶᠢᠭ᠎ᠠ ᠨᠢᠭᠡᠨ ᠴᠢᠬᠤᠯᠠ

ᠠᠭᠤᠯᠭ᠎ᠠ ᠮᠥᠨ᠂ ᠪᠢᠳᠡ ᠵᠠᠪᠠᠯ ᠭᠦᠨᠵᠡᠭᠡᠢ ᠰᠤᠷᠤᠯᠴᠠᠵᠤ᠂ ᠪᠦᠬᠦ ᠲᠠᠯ᠎ᠠ ᠪᠠᠷ ᠣᠶᠢᠯᠠᠭᠠᠬᠤ ᠬᠡᠷᠡᠭᠲᠡᠢ᠃ ᠨᠠᠷᠢᠨ

ᠪᠤᠳᠤᠯᠢᠶᠠᠨᠲᠠᠢ ᠪᠠᠶᠢᠳᠠᠯ᠂ ᠨᠠᠷᠢᠨ ᠪᠤᠳᠤᠯᠢᠶᠠᠨᠲᠠᠢ ᠵᠥᠷᠢᠴᠡᠯ᠂ ᠨᠦᠰᠡᠷ ᠬᠦᠨᠳᠦ ᠡᠭᠦᠷᠭᠡ ᠶᠢᠨ ᠡᠮᠦᠨ᠎ᠡ᠂ ᠭᠤᠣᠯ ᠳᠡᠳ᠋

ᠭᠡᠵᠦ ᠪᠠᠶᠢᠬᠤ ᠦᠭᠡᠢ᠂ ᠢᠯᠭᠠᠭ᠎ᠠ ᠦᠭᠡᠢ᠂ ᠰᠠᠶᠢᠨ ᠮᠠᠭᠤ ᠬᠡᠵᠦ ᠢᠯᠭᠠᠯ ᠦᠬᠡᠢ ᠨᠢᠬᠡᠯᠡ ᠠᠳᠬᠤᠪᠠᠯ ᠠᠵᠢᠯ ᠢᠶᠠᠨ

ᠰᠠᠶᠢᠳᠤᠷ ᠬᠢᠵᠦ ᠴᠢᠳᠠᠬᠤ ᠦᠭᠡᠢ ᠶᠤᠮ᠃ ᠪᠢᠳᠡ ᠪᠦᠬᠦ ᠲᠠᠯ᠎ᠠ ᠶᠢᠨ ᠦᠵᠡᠯᠲᠡ ᠲᠠᠢ ᠪᠠᠶᠢᠵᠤ᠂ ᠡᠯ᠎ᠡ ᠵᠦᠢᠯ ᠤᠨ

ᠵᠥᠷᠢᠴᠡᠯ ᠤᠨ ᠲᠤᠬᠠᠢ ᠳᠤᠳᠤᠷ᠎ᠡ ᠪᠠᠨ ᠲᠤᠭ᠎ᠠ ᠲᠠᠢ ᠪᠠᠶᠢᠬᠤ ᠶᠢᠨ ᠬᠠᠮᠲᠤ ᠪᠠᠰᠠ ᠭᠤᠣᠯ ᠵᠥᠷᠢᠴᠡᠯ ᠪᠠ ᠭᠤᠣᠯ

ᠡᠭᠦᠷᠭᠡ ᠲᠠᠢ ᠨᠢᠭᠲᠠ ᠤᠶᠠᠯᠳᠤᠭᠤᠯᠤᠨ᠂ ᠭᠤᠣᠯ ᠵᠥᠷᠢᠴᠡᠯ ᠪᠠ ᠵᠥᠷᠢᠴᠡᠯ ᠤᠨ ᠭᠤᠤᠯ ᠲᠠᠯ᠎ᠠ ᠶᠢ ᠤᠷᠢᠳ ᠢᠶᠠᠷ

ᠰᠢᠢᠳᠪᠦᠷᠢᠯᠡᠵᠦ᠂ ᠡᠭᠦᠨ ᠢᠶᠠᠷ ᠪᠤᠰᠤᠳ ᠵᠥᠷᠢᠴᠡᠯ ᠢ ᠰᠢᠢᠳᠪᠦᠷᠢᠯᠡᠬᠦ ᠶᠢ ᠲᠠᠶᠢᠴᠢᠯᠠᠨ᠂ ᠪᠦᠬᠦᠯᠢ ᠴᠣᠭᠴᠠ ᠪᠠᠷ ᠨᠢ

ᠠᠬᠢᠭᠤᠯᠬᠤ ᠳᠤᠮᠳᠠ ᠭᠤᠣᠯᠳᠠᠯᠭ᠎ᠠ ᠲᠠᠢ ᠰᠢᠪᠲᠤᠯᠤᠯᠲᠠ ᠶᠢ ᠪᠡᠶᠡᠯᠡᠭᠦᠯᠵᠦ᠂ ᠭᠤᠣᠯᠳᠠᠯᠭ᠎ᠠ ᠲᠠᠢ ᠰᠢᠪᠲᠤᠯᠤᠯᠲᠠ ᠪᠠᠷ ᠠᠵᠤ

ᠠᠬᠤᠢ ᠨᠡᠶᠢᠭᠡᠮ ᠤᠨ ᠬᠥᠭᠵᠢᠯᠲᠡ ᠶᠢᠨ ᠲᠦᠪᠰᠢᠨ ᠤ ᠪᠦᠬᠦᠯᠢ ᠴᠣᠭᠴᠠ ᠶᠢᠨ ᠦᠰᠦᠷᠦᠯᠲᠡ ᠶᠢ ᠲᠠᠶᠢᠴᠢᠯᠠᠨ᠂ ᠨᠡᠶᠢᠭᠡᠮ

ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠲᠡᠮᠡᠴᠡᠯ ᠤᠨ ᠬᠠᠷᠠᠯᠲᠠ

ᠲᠡᠶᠢᠰᠢ ᠲᠠᠰᠤᠷᠠᠯᠳᠠ ᠦᠭᠡᠢ ᠤᠷᠤᠭᠰᠢᠯᠠᠬᠤ ᠬᠡᠷᠡᠭᠲᠡᠢ ᠭᠡᠵᠤ ᠴᠢᠬᠤᠯᠠᠴᠢᠯᠠᠪᠠ᠃

     ᠰᠢ ᠶᠢᠨ ᠫᠢᠩ᠂ ᠪᠠᠶᠢᠯᠳᠤᠬᠤ ᠪᠤᠳᠤᠯᠭ᠎ᠠ ᠶᠢᠨ ᠠᠰᠠᠭᠤᠳᠠᠯ ᠪᠣᠯ ᠨᠢᠭᠡ ᠲᠦᠷᠦ ᠶᠢᠨ ᠨᠠᠮ᠂ ᠨᠢᠭᠡ ᠤᠯᠤᠰ ᠤᠨ

ᠦᠨᠳᠦᠰᠦᠨ ᠴᠢᠨᠠᠷᠲᠠᠢ ᠠᠰᠠᠭᠤᠳᠠᠯ ᠪᠣᠯᠤᠨ᠎ᠠ᠃ ᠪᠠᠶᠢᠯᠳᠤᠬᠤ ᠪᠤᠳᠤᠯᠭ᠎ᠠ ᠶᠢᠨ ᠲᠠᠯ᠎ᠠ ᠪᠠᠷ ᠣᠨᠣᠪᠴᠢᠲᠠᠢ ᠮᠠᠭᠠᠳᠯᠠᠵᠤ᠂

ᠪᠠᠶᠢᠯᠳᠤᠬᠤ ᠪᠤᠳᠤᠯᠭ᠎ᠠ ᠶᠢᠨ ᠲᠠᠯ᠎ᠠ ᠪᠠᠷ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠪᠠᠶᠢᠯᠳᠤᠬᠤ ᠪᠤᠳᠤᠯᠭ᠎ᠠ ᠶᠢᠨ

ᠲᠠᠯ᠎ᠠ ᠪᠠᠷ ᠰᠠᠨᠠᠭᠠᠴᠢᠯᠠᠭᠠᠲᠤ ᠪᠠᠶᠢᠷᠢ ᠶᠢ ᠣᠯᠪᠠᠯ ᠨᠠᠮ ᠪᠠ ᠠᠷᠠᠳ ᠲᠦᠮᠡᠨ ᠤ ᠦᠢᠯᠡᠰ ᠳᠠᠷᠤᠢ ᠮᠠᠰᠢ ᠶᠡᠭᠡ ᠬᠦᠰᠡᠯ

ᠡᠷᠡᠮᠡᠯᠵᠡᠯ ᠲᠠᠢ ᠪᠣᠯᠬᠤ ᠶᠤᠮ᠃ ᠵᠠᠭᠤᠨ ᠵᠢᠯ ᠤᠨ ᠲᠤᠷᠰᠢ᠂ ᠨᠠᠮ ᠶᠡᠷᠦ ᠨᠢ ᠴᠢᠬᠤᠯᠠ ᠶᠡᠭᠡ ᠲᠡᠦᠬᠡᠨ ᠵᠠᠩᠭᠢᠯᠠᠭ᠎ᠠ ᠶᠢᠨ

ᠦᠶ᠎ᠡ ᠳᠤ ᠲᠤᠯᠭᠠᠷᠠᠵᠤ ᠪᠠᠶᠢᠭ᠎ᠠ ᠴᠢᠬᠤᠯᠠ ᠶᠡᠭᠡ ᠲᠡᠦᠬᠡᠨ ᠠᠰᠠᠭᠤᠳᠠᠯ ᠢ ᠪᠠᠶᠢᠯᠳᠤᠬᠤ ᠪᠤᠳᠤᠯᠭ᠎ᠠ ᠶᠢᠨ ᠲᠠᠯ᠎ᠠ ᠠᠴᠠ

ᠲᠠᠨᠢᠵᠤ᠂ ᠵᠠᠳᠠᠯᠵᠦ᠂ ᠮᠠᠭᠠᠳᠯᠠᠵᠤ᠂ ᠵᠥᠪ ᠣᠨᠣᠪᠴᠢᠲᠠᠢ ᠤᠯᠤᠰ ᠲᠦᠷᠦ ᠶᠢᠨ ᠪᠠᠶᠢᠯᠳᠤᠬᠤ ᠪᠤᠳᠤᠯᠭ᠎ᠠ ᠶᠢᠨ ᠠᠷᠭ᠎ᠠ

ᠪᠤᠳᠤᠯᠭ᠎ᠠ ᠶᠢ ᠲᠣᠭᠲᠠᠭᠠᠵᠤ ᠴᠢᠳᠠᠳᠠᠭ᠂ ᠡᠨᠡ ᠪᠣᠯ ᠨᠠᠮ ᠤᠨ ᠲᠤᠭ᠎ᠠ ᠲᠣᠮᠰᠢ ᠦᠭᠡᠢ ᠤᠯᠠᠨ ᠠᠶᠤᠯ ᠲᠦᠭᠰᠢᠭᠦᠷᠢ

ᠥᠷᠢᠰᠥᠯᠳᠦᠭᠡᠨ ᠢ ᠢᠯᠠᠨ ᠳᠠᠪᠠᠵᠤ᠂ ᠢᠯᠠᠯᠲᠠ ᠠᠴᠠ ᠢᠯᠠᠯᠲᠠ ᠲᠠᠶᠢᠰᠢ ᠲᠠᠰᠤᠷᠠᠯᠳᠠ ᠦᠭᠡᠢ ᠤᠷᠤᠭᠰᠢᠯᠠᠬᠰᠠᠨ ᠤ

ᠬᠦᠴᠦᠲᠡᠢ ᠪᠠᠲᠤᠯᠠᠭ᠎ᠠ ᠮᠥᠨ᠃ ᠡᠨᠡ ᠤᠳᠠᠭ᠎ᠠ ᠶᠢᠨ ᠪᠥᠬᠦᠳᠡ ᠬᠤᠷᠠᠯ ᠤᠨ ᠰᠢᠶᠳᠪᠦᠷᠢ ᠨᠢ ᠵᠠᠭᠤᠨ ᠵᠢᠯ ᠤᠨ ᠲᠡᠮᠡᠴᠡᠯ ᠤᠨ

ᠥᠩᠭᠡᠷᠡᠯᠲᠡ ᠳᠤᠮᠳᠠ ᠨᠠᠮ ᠠᠴᠠ ᠪᠠᠶᠢᠯᠳᠤᠬᠤ ᠪᠣᠳᠣᠯᠭ᠎ᠠ ᠠᠷᠭ᠎ᠠ ᠪᠣᠳᠣᠯᠭ᠎ᠠ ᠶᠢᠨ ᠠᠰᠠᠭᠤᠳᠠᠯ ᠢ ᠳᠡᠭᠡᠳᠦ ᠬᠡᠮᠵᠢᠶ᠎ᠡ ᠪᠠᠷ

ᠴᠢᠬᠤᠯᠠᠴᠢᠯᠠᠵᠤ᠂ ᠰᠢᠨᠵᠢᠯᠡᠬᠦ ᠤᠬᠠᠭᠠᠨᠴᠢ ᠪᠠᠶᠢᠯᠳᠤᠬᠤ ᠪᠣᠳᠣᠯᠭ᠎ᠠ ᠠᠷᠭ᠎ᠠ ᠪᠣᠳᠣᠯᠭ᠎ᠠ ᠶᠢ ᠲᠠᠰᠤᠷᠠᠯᠲᠠ ᠥᠬᠡᠶ ᠳᠤᠷᠠᠳᠤᠨ

ᠭᠠᠷᠭᠠᠬᠰᠠᠨ ᠢ ᠪᠦᠬᠦ ᠲᠠᠯ᠎ᠠ ᠪᠠᠷ ᠳ᠋ᠦᠩᠨᠡᠪᠡ᠃ ᠵᠠᠭᠤᠨ ᠵᠢᠯ ᠤᠨ ᠲᠡᠮᠡᠴᠡᠯ ᠤᠨ ᠶᠠᠪᠤᠴᠠ ᠳᠤᠮᠳᠠᠬᠢ ᠪᠠᠶᠢᠯᠳᠤᠬᠤ ᠪᠤᠳᠤᠯᠭ᠎ᠠ

ᠠᠷᠭ᠎ᠠ ᠪᠤᠳᠤᠯᠭ᠎ᠠ ᠶᠢᠨ ᠲᠤᠬᠠᠢ ᠨᠠᠮ ᠤᠨ ᠰᠤᠳᠤᠯᠭᠠᠨ ᠪᠠ ᠡᠵᠡᠮᠳᠡᠯ ᠢ ᠵᠠᠳᠠᠯᠤᠨ ᠳ᠋ᠦᠩᠨᠡᠬᠦ ᠶᠢ ᠴᠢᠬᠤᠯᠠᠴᠢᠯᠠᠬᠤ ᠪᠣᠯ

ᠪᠦᠬᠦᠳᠡ ᠬᠤᠷᠠᠯ ᠤᠨ ᠰᠢᠢᠳᠪᠦᠷᠢ ᠳᠤ ᠲᠤᠭᠤᠰᠢᠯᠠᠭᠳᠠᠵᠤ ᠪᠠᠶᠢᠭ᠎ᠠ ᠨᠢᠭᠡᠨ ᠴᠢᠬᠤᠯᠠ ᠠᠭᠤᠯᠭ᠎ᠠ ᠮᠥᠨ᠂ ᠪᠢᠳᠡ ᠵᠠᠪᠠᠯ

ᠭᠦᠨᠵᠡᠭᠡᠢ ᠰᠤᠷᠤᠯᠴᠠᠵᠤ᠂ ᠪᠦᠬᠦ ᠲᠠᠯ᠎ᠠ ᠪᠠᠷ ᠣᠶᠢᠯᠠᠭᠠᠬᠤ ᠬᠡᠷᠡᠭᠲᠡᠢ᠃ ᠪᠠᠶᠢᠯᠳᠤᠬᠤ ᠪᠤᠳᠤᠯᠭ᠎ᠠ ᠪᠣᠯ ᠪᠦᠬᠦ ᠲᠠᠯ᠎ᠠ᠂ ᠠᠯᠤᠰ

ᠬᠡᠳᠦ᠂ ᠶᠡᠭᠡ ᠪᠠᠶᠢᠳᠠᠯ ᠤᠨ ᠲᠠᠯ᠎ᠠ ᠠᠴᠠ ᠮᠠᠭᠠᠳᠯᠠᠯᠲᠠ ᠪᠠ ᠰᠢᠢᠳᠪᠦᠷᠢᠲᠦ ᠪᠤᠳᠤᠯᠭ᠎ᠠ ᠭᠠᠷᠭᠠᠳᠠᠭ᠃ ᠪᠢᠳᠠ ᠪᠣᠯ ᠨᠢᠭᠡᠨ

ᠲᠤᠮᠦ ᠨᠠᠮ ᠮᠥᠨ᠂ ᠨᠢᠭᠡᠨ ᠲᠤᠮᠦ ᠤᠯᠤᠰ ᠢ ᠤᠳᠤᠷᠢᠳᠴᠤ᠂ ᠠᠭᠤᠤ ᠶᠡᠭᠡ ᠦᠢᠯᠡᠰ ᠢ ᠪᠦᠲᠦᠭᠡᠵᠦ ᠪᠠᠶᠢᠳᠠᠭ᠂

ᠪᠠᠶᠢᠯᠳᠤᠬᠤ ᠪᠤᠳᠦᠯᠭ᠎ᠠ ᠶᠢᠨ ᠰᠡᠳᠭᠢᠬᠦᠢ ᠲᠠᠢ ᠪᠠᠶᠢᠬᠤ ᠳᠠᠭᠠᠨ ᠴᠢᠳᠠᠮᠠᠭᠠᠢ᠂ ᠪᠠᠶᠢᠯᠳᠤᠬᠤ ᠪᠤᠳᠦᠯᠭ᠎ᠠ ᠶᠢᠨ ᠲᠠᠯ᠎ᠠ ᠠᠴᠠ

ᠠᠰᠠᠭᠤᠳᠠᠯ ᠢ ᠦᠵᠡᠵᠦ ᠠᠰᠠᠭᠤᠳᠠᠯ ᠢ ᠪᠣᠳᠣᠯᠬᠢᠯᠠᠬᠤ ᠳᠠᠭᠠᠨ ᠴᠢᠳᠠᠮᠠᠭᠠᠢ ᠪᠠᠶᠢᠬᠤ ᠭᠡᠷᠡᠭᠲᠡᠢ᠃ ᠵᠥᠪ ᠪᠠᠶᠢᠯᠳᠤᠬᠤ

ᠪᠣᠳᠣᠯᠭ᠎ᠠ ᠶᠢ ᠵᠥᠪ ᠠᠷᠭ᠎ᠠ ᠪᠣᠳᠣᠯᠭ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠶ᠃ ᠠᠷᠭ᠎ᠠ ᠪᠤᠳᠤᠯᠭ᠎ᠠ ᠪᠣᠯ ᠪᠠᠶᠢᠯᠳᠤᠬᠤ

ᠪᠤᠳᠤᠯᠭ᠎ᠠ ᠶᠢᠨ ᠵᠢᠯᠤᠭᠤᠳᠤᠯᠭ᠎ᠠ ᠳᠣᠣᠷ᠎ᠠ ᠪᠠᠶᠢᠯᠳᠤᠬᠤ ᠪᠤᠳᠤᠯᠭ᠎ᠠ ᠳᠤ ᠦᠢᠯᠡᠴᠢᠯᠡᠳᠡᠭ᠃ ᠪᠠᠶᠢᠯᠳᠤᠬᠤ ᠪᠤᠳᠤᠯᠭ᠎ᠠ ᠪᠠ

ᠠᠷᠭ᠎ᠠ ᠪᠤᠳᠤᠯᠭ᠎ᠠ ᠪᠣᠯ ᠬᠤᠪᠢᠰᠤᠩᠭᠤᠢ ᠨᠢᠭᠡᠳᠦᠯ ᠤᠨ ᠬᠠᠷᠢᠴᠠᠭ᠎ᠠ ᠮᠥᠨ᠂ ᠪᠠᠶᠢᠯᠳᠤᠬᠤ ᠪᠤᠳᠤᠯᠭ᠎ᠠ ᠶᠢᠨ ᠡᠷᠡᠰ ᠪᠠᠲᠤ

ᠴᠢᠨᠠᠷ ᠪᠠ ᠠᠷᠭ᠎ᠠ ᠪᠤᠳᠤᠯᠭ᠎ᠠ ᠶᠢᠨ ᠠᠮᠢᠳᠤᠯᠢᠭ ᠴᠢᠨᠠᠷ ᠢ ᠤᠶᠠᠯᠳᠤᠭᠤᠯᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ

ᠰᠠᠯᠠᠭ᠎ᠠ ᠮᠥᠴᠢᠷ ᠤᠨ ᠬᠢᠨ ᠠᠵᠢᠯ ᠤᠨ ᠰᠡᠳᠭᠢᠴᠡ᠂ ᠠᠵᠢᠯ ᠤᠨ ᠪᠠᠶᠢᠷᠢᠯᠠᠭᠤᠯᠤᠯᠲᠠ᠂ ᠲᠦᠷᠦ ᠶᠢᠨ ᠪᠤᠳᠤᠯᠭ᠎ᠠ ᠠᠷᠭ᠎ᠠ

ᠬᠡᠮᠵᠢᠶ᠎ᠡ ᠶᠢ ᠲᠣᠭᠲᠠᠭᠠᠬᠤ ᠳᠤ᠂ ᠤᠬᠠᠮᠰᠠᠷ ᠠᠴᠠ ᠪᠠᠨ ᠨᠠᠮ ᠤᠨ ᠤᠨᠤᠯ ᠪᠠ ᠱᠤᠭᠤᠮ ᠴᠢᠭᠯᠡᠯᠲᠡ ᠲᠦᠷᠦ ᠶᠢᠨ

ᠪᠤᠳᠤᠯᠭ᠎ᠠ ᠲᠠᠢ ᠪᠠᠷᠢᠮᠵᠢᠶᠠᠯᠠᠨ ᠬᠠᠷᠭᠤᠭᠤᠯᠵᠤ᠂ ᠵᠥᠷᠢᠶ᠎ᠡ ᠭᠡᠯᠪᠡᠶᠢᠬᠦᠦ ᠪᠠᠨ ᠴᠠᠭ ᠲᠤᠬᠠᠢ ᠳᠤᠨᠢ ᠵᠠᠯᠠᠷᠠᠭᠤᠯᠵᠤ᠂ ᠨᠠᠮ ᠤᠨ

ᠲᠥᠪ ᠬᠤᠷᠢᠶ᠎ᠠ ᠠᠴᠠ ᠲᠣᠭᠲᠠᠭᠠᠭᠰᠠᠨ ᠪᠠᠶᠢᠯᠳᠤᠬᠤ ᠪᠤᠳᠤᠯᠭ᠎ᠠ ᠶᠢᠨ ᠰᠢᠢᠳᠪᠦᠷᠢᠲᠦ ᠪᠤᠳᠤᠯᠭ᠎ᠠ ᠶᠢ ᠡᠷᠬᠡᠪᠰᠢ ᠨᠥᠬᠦᠴᠡᠯ

ᠦᠭᠡᠢ ᠪᠠᠷ ᠬᠡᠷᠡᠭᠵᠢᠭᠦᠯᠵᠦ᠂ ᠬᠡᠯᠪᠡᠶᠢᠬᠦ ᠦᠭᠡᠢ᠂ ᠬᠤᠪᠢᠷᠠᠬᠤ ᠦᠭᠡᠢ᠂ ᠥᠭᠡᠷᠡᠲᠦᠬᠦ ᠦᠭᠡᠢ ᠪᠠᠶᠢᠬᠤ ᠶᠢ ᠦᠨᠡᠨ ᠬᠦ

ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃

     ᠰᠢ ᠶᠢᠨ ᠫᠢᠩ᠂ ᠵᠠᠭᠤᠨ ᠵᠢᠯ ᠤᠨ ᠲᠡᠮᠡᠴᠡᠯ ᠤᠨ ᠲᠡᠦᠬᠡᠨ ᠶᠠᠪᠤᠴᠠ ᠳᠤ᠂ ᠨᠠᠮ ᠠᠴᠠ ᠠᠷᠠᠳ ᠲᠦᠮᠡᠨ ᠢ

ᠤᠳᠤᠷᠢᠳᠤᠨ ᠠᠯᠢ ᠤᠯᠠᠨ ᠠᠭᠤᠤ ᠶᠡᠭᠡ ᠠᠮᠵᠢᠯᠲᠠ ᠪᠦᠲᠦᠮᠵᠢ ᠣᠯᠵᠤ᠂ ᠠᠯᠢ ᠤᠯᠠᠨ ᠬᠦᠴᠢᠷ ᠪᠡᠷᠬᠡᠰᠢᠶᠡᠯ ᠬᠠᠷᠰᠢ

ᠰᠠᠭᠠᠳ ᠢ ᠢᠯᠠᠨ ᠳᠠᠪᠠᠵᠤ᠂ ᠳᠠᠪᠲᠠᠭᠳᠠᠨ ᠪᠣᠯᠪᠠᠰᠤᠷᠠᠭᠠᠳ ᠮᠥᠨ ᠬᠦ ᠴᠤᠭ ᠵᠢᠪᠬᠤᠭ᠎ᠠ ᠪᠠᠳᠠᠷᠠᠩᠭᠤᠢ ᠪᠠᠶᠢᠳᠠᠭ᠂ ᠠᠷᠠᠳ

ᠤᠯᠠᠨ ᠤ ᠳᠡᠮᠵᠢᠯᠭᠡ ᠪᠠ ᠬᠦᠷᠢᠶᠡᠯᠡᠯ ᠢ ᠣᠯᠵᠤ ᠴᠢᠳᠠᠭᠰᠠᠨ ᠤ ᠰᠢᠯᠲᠠᠭᠠᠨ ᠭᠡᠪᠡᠯ᠂ ᠨᠠᠮ ᠠᠴᠠ ᠵᠣᠷᠢᠭᠲᠠᠢ ᠪᠠᠷ ᠥᠪᠡᠷ ᠤᠨ

ᠪᠡᠶ᠎ᠡ ᠳᠡᠭᠡᠨ ᠣᠷᠣᠰᠢᠵᠤ ᠪᠠᠶᠢᠭ᠎ᠠ ᠠᠰᠠᠭᠤᠳᠠᠯ ᠳᠤ ᠰᠢᠭᠤᠳ ᠬᠠᠨᠳᠤᠵᠤ᠂ ᠵᠣᠷᠢᠭᠲᠠᠢ ᠪᠠᠷ ᠥᠪᠡᠷ ᠤᠨ ᠪᠡᠶ᠎ᠡ ᠳᠡᠭᠡᠨ

ᠬᠤᠪᠢᠰᠬᠠᠯ ᠬᠢᠵᠦ᠂ ᠢᠮᠠᠭᠲᠠ ᠲᠡᠷᠢᠭᠦᠨ ᠤ ᠴᠢᠨᠠᠷ ᠪᠠ ᠴᠡᠪᠡᠷ ᠴᠢᠨᠠᠷ ᠢᠶᠠᠨ ᠪᠠᠲᠤᠯᠠᠵᠤ᠂ ᠪᠦᠲᠦᠭᠡᠯᠴᠢ ᠬᠦᠴᠦᠨ᠂

ᠨᠢᠭᠲᠠᠷᠠᠯ ᠤᠨ ᠬᠦᠴᠦᠨ᠂ ᠲᠠᠶᠢᠴᠢᠨ ᠬᠦᠴᠦᠨ ᠢᠶᠠᠨ ᠲᠠᠰᠤᠷᠠᠯᠳᠡ ᠦᠭᠡᠢ ᠴᠢᠩᠭᠠᠳᠬᠠᠵᠤ᠂ ᠮᠠᠷᠺᠰ ᠤᠨ ᠦᠵᠡᠯ ᠤᠨ

ᠲᠦᠷᠦ ᠶᠢᠨ ᠨᠠᠮ ᠤᠨ ᠤᠤᠷ ᠴᠢᠨᠠᠷ ᠢᠶᠠᠨ ᠡᠭᠦᠷᠢᠳᠡ ᠬᠠᠳᠠᠭᠠᠯᠠᠭᠰᠠᠨ ᠳᠤ ᠪᠤᠢ᠃ ᠡᠨᠡ ᠤᠳᠠᠭ᠎ᠠ ᠶᠢᠨ ᠪᠥᠬᠦᠳᠡ

ᠬᠤᠷᠠᠯ ᠤᠨ ᠰᠢᠶᠳᠪᠦᠷᠢ ᠨᠢ ᠵᠠᠭᠤᠨ ᠵᠢᠯ ᠤᠨ ᠲᠡᠮᠡᠴᠡᠯ ᠤᠨ ᠲᠡᠦᠬᠡᠨ ᠶᠠᠪᠤᠴᠠ ᠳᠤ ᠨᠠᠮ ᠠᠴᠠ ᠨᠠᠮ ᠢ ᠬᠠᠮᠢᠶᠠᠷᠴᠤ ᠨᠠᠮ ᠢ

ᠵᠠᠰᠠᠬᠤ᠂ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢ ᠲᠠᠰᠤᠷᠠᠯᠲᠠ ᠥᠬᠡᠶ ᠠᠬᠢᠭᠤᠯᠬᠤ ᠶᠢ ᠳᠡᠭᠡᠳᠦ ᠬᠡᠮᠵᠢᠶ᠎ᠡ ᠪᠠᠷ

ᠴᠢᠬᠤᠯᠠᠴᠢᠯᠠᠭᠰᠠᠨ ᠳᠤ ᠪᠥᠬᠦ ᠲᠠᠯ᠎ᠠ ᠶᠢᠨ ᠳ᠋ᠦᠩᠨᠡᠯᠲᠡ ᠬᠢᠪᠠ᠃ ᠨᠠᠮ ᠤᠨ ᠵᠠᠭᠤᠨ ᠵᠢᠯ ᠤᠨ ᠲᠡᠮᠡᠴᠡᠯ ᠤᠨ ᠲᠡᠤᠬᠡᠨ

ᠶᠠᠪᠤᠴᠠ ᠳᠤ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠢ ᠰᠤᠳᠤᠯᠭᠠᠨ ᠪᠠ ᠡᠵᠡᠮᠳᠡᠯ ᠢ ᠵᠠᠳᠠᠯᠤᠨ ᠳ᠋ᠦᠩᠨᠡᠬᠦ ᠶᠢ

ᠴᠢᠬᠤᠯᠠᠴᠢᠯᠠᠬᠤ ᠪᠣᠯ ᠪᠦᠬᠦᠳᠡ ᠬᠤᠷᠠᠯ ᠤᠨ ᠰᠢᠢᠳᠪᠦᠷᠢ ᠳᠤ ᠲᠤᠭᠤᠰᠢᠯᠠᠭᠳᠠᠵᠤ ᠪᠠᠶᠢᠭ᠎ᠠ ᠨᠢᠭᠡᠨ ᠴᠢᠬᠤᠯᠠ ᠠᠭᠤᠯᠭ᠎ᠠ

ᠮᠥᠨ᠂ ᠪᠢᠳᠡ ᠡᠷᠬᠡᠪᠰᠢ ᠭᠦᠨᠵᠡᠭᠡᠢ ᠰᠤᠷᠤᠯᠴᠠᠵᠤ᠂ ᠪᠦᠬᠦ ᠲᠠᠯ᠎ᠠ ᠪᠠᠷ ᠣᠶᠢᠯᠠᠭᠠᠬᠤ ᠬᠡᠷᠡᠭᠲᠡᠢ᠃ ᠲᠡᠦᠬᠡᠨ ᠰᠢᠨ᠎ᠡ

ᠨᠥᠬᠦᠴᠡᠯ ᠳᠣᠣᠷ᠎ᠠ᠂ ᠨᠠᠮ ᠤᠨ ᠮᠠᠷᠺᠰ ᠤᠨ ᠦᠵᠡᠯ ᠤᠨ ᠲᠦᠷᠦ ᠶᠢᠨ ᠨᠠᠮ ᠤᠨ ᠤᠤᠷ ᠴᠢᠨᠠᠷ ᠢ ᠡᠭᠦᠷᠢᠳᠡ

ᠬᠠᠳᠠᠭᠠᠯᠠᠬᠤ ᠶᠢᠨ ᠵᠠᠩᠭᠢᠯᠠᠭ᠎ᠠ ᠨᠢ ᠮᠦᠨ ᠬᠦ ᠮᠠᠨ ᠤ ᠨᠠᠮ ᠤᠨ ᠥᠪᠡᠷ ᠤᠨ ᠪᠡᠶ᠎ᠡ ᠳᠡᠭᠡᠨ ᠲᠦᠰᠢᠭᠯᠡᠬᠦ ᠳᠤ ᠪᠠᠶᠢᠨ᠎ᠠ᠃

ᠬᠡᠨ ᠤ ᠲᠥᠯᠥᠭᠡ ᠲᠦᠷᠦ ᠪᠠᠷᠢᠬᠤ᠂ ᠬᠡᠨ ᠤ ᠲᠥᠯᠥᠭᠡ ᠡᠷᠬᠡ ᠬᠡᠷᠡᠭᠯᠡᠬᠦ᠂ ᠬᠡᠨ ᠳᠤ ᠠᠰᠢᠭ ᠲᠤᠰᠠ ᠣᠯᠭᠤᠬᠤ ᠡᠨᠡ ᠬᠦ

ᠦᠨᠳᠦᠰᠦᠨ ᠠᠰᠠᠭᠤᠳᠠᠯ ᠳᠡᠭᠡᠷ᠎ᠡ᠂ ᠪᠢᠳᠡ ᠲᠠᠷᠢᠬᠢ ᠲᠣᠯᠣᠭᠠᠢ ᠪᠠᠨ ᠣᠨᠴᠠᠭᠠᠢ ᠰᠡᠷᠭᠡᠭ ᠪᠠᠶᠢᠯᠭᠠᠵᠤ᠂ ᠵᠣᠭᠰᠣᠯᠲᠠ ᠪᠠᠨ

ᠣᠨᠴᠠᠭᠠᠢ ᠪᠠᠲᠤ ᠪᠣᠯᠭᠠᠬᠤ ᠬᠡᠷᠡᠭᠲᠡᠢ᠃ ᠪᠦᠬᠦ ᠨᠠᠮ ᠤᠨ ᠨᠥᠬᠦᠳ ᠴᠥᠮ ᠶᠡᠭᠡ ᠶᠤᠰᠤ ᠶᠢ ᠮᠡᠳᠡᠵᠦ᠂ ᠨᠡᠶᠢᠲᠡ ᠶᠢᠨ

ᠶᠤᠰᠤ ᠶᠢ ᠰᠠᠬᠢᠵᠤ᠂ ᠬᠤᠪᠢ ᠶᠢᠨ ᠶᠤᠰᠤ ᠶᠢ ᠴᠢᠩᠳᠠᠯᠠᠨ᠂ ᠠᠷᠢᠭᠤᠨ ᠴᠢᠬᠡᠴᠢ ᠪᠠᠷ ᠬᠥᠮᠦᠨ ᠪᠤᠯᠵᠤ᠂ ᠴᠡᠪᠡᠷ ᠴᠢᠬᠡᠴᠢ ᠪᠠᠷ

ᠠᠵᠢᠯ ᠬᠢᠵᠦ᠂ ᠪᠡᠶ᠎ᠡ ᠪᠠᠨ ᠪᠠᠷᠢᠵᠤ ᠨᠡᠶᠢᠲᠡ ᠶᠢᠨ ᠲᠥᠯᠥᠭᠡ ᠵᠢᠳᠬᠦᠨ᠂ ᠠᠵᠢᠯᠴᠢ ᠠᠷᠪᠢᠴᠢ ᠪᠠᠷ ᠪᠡᠶ᠎ᠡ ᠪᠠᠨ ᠵᠠᠰᠠᠵᠤ᠂

ᠲᠦᠪ ᠭᠤᠤᠯᠴᠢ ᠠᠷᠢᠭᠤᠨ ᠴᠢᠭᠡᠴᠢ ᠤᠯᠤᠰ ᠲᠦᠷᠦ ᠶᠢᠨ ᠤᠤᠷ ᠴᠢᠨᠠᠷ ᠢᠶᠠᠨ ᠡᠭᠦᠷᠢᠳᠡ ᠬᠠᠳᠠᠭᠠᠯᠠᠬᠤ ᠬᠡᠷᠡᠭᠲᠡᠢ᠃

ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢᠨ ᠵᠠᠩᠭᠢᠯᠠᠭ᠎ᠠ ᠨᠢ ᠠᠰᠠᠭᠤᠳᠠᠯ ᠳᠤ ᠵᠥᠪ ᠢᠶᠠᠷ ᠬᠠᠨᠳᠤᠬᠤ ᠤᠬᠠᠮᠰᠠᠷ ᠪᠠ

ᠬᠢᠲᠤᠭᠠᠨ ᠢᠷ ᠢᠶᠠᠨ ᠳᠣᠲᠣᠭᠰᠢ ᠬᠠᠨᠳᠤᠭᠤᠯᠬᠤ ᠰᠥᠰᠥ ᠵᠣᠷᠢᠭ ᠲᠠᠢ ᠪᠠᠶᠢᠬᠤ ᠬᠡᠷᠡᠭᠲᠡᠢ᠃ ᠤᠳᠤᠬᠠᠨ ᠳᠤ᠂ ᠢᠯᠵᠠᠷᠡᠯ ᠢ

ᠡᠰᠡᠷᠭᠦᠴᠡᠬᠦ ᠲᠡᠮᠡᠴᠡᠯ ᠳᠡᠶᠢᠯᠦᠩᠭᠦᠢ ᠴᠢᠨᠠᠷᠲᠠᠢ ᠢᠯᠠᠯᠲᠠ ᠣᠯᠤᠭᠰᠠᠨ ᠪᠥᠭᠡᠳ ᠪᠦᠬᠦ ᠲᠠᠯ᠎ᠠ ᠪᠠᠷ ᠪᠠᠬᠢᠵᠢᠪᠡ᠂ ᠭᠡᠪᠡᠴᠦ ᠪᠦᠬᠦ

ᠨᠠᠮ ᠤᠨ ᠨᠥᠬᠦᠳ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠵᠣᠷᠢᠭ ᠰᠠᠨᠠᠭ᠎ᠠ ᠪᠠᠨ ᠡᠭᠦᠷᠢᠳᠡ ᠪᠠᠲᠤᠯᠠᠵᠤ᠂ ᠪᠦᠬᠦ

ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠡᠭᠦᠷᠢᠳᠡ ᠵᠤᠬᠰᠤᠰᠢ ᠦᠭᠡᠢ ᠪᠠᠶᠢᠬᠤ ᠤᠯᠤᠰ ᠲᠦᠷᠦ ᠶᠢᠨ ᠤᠬᠠᠮᠰᠠᠷ ᠢᠶᠠᠨ

ᠴᠢᠩᠭᠠᠳᠬᠠᠵᠤ᠂ ᠨᠢᠭᠡᠨᠳᠡ ᠴᠢᠩᠭ᠎ᠠ ᠬᠠᠲᠠᠭᠤ ᠪᠤᠯᠤᠭᠰᠠᠨ ᠭᠡᠬᠦ ᠬᠠᠯᠠᠰᠢᠷᠠᠬᠤ ᠰᠡᠳᠭᠢᠯᠭᠡ ᠡᠭᠦᠰᠴᠦ ᠶᠠᠭᠠᠬᠢᠭᠰᠠᠨ ᠴᠤ

ᠪᠣᠯᠬᠤ ᠦᠭᠡᠢ᠃ ᠨᠠᠮ ᠤᠨ ᠰᠤᠷᠲᠠᠯ ᠴᠢᠬᠡᠴᠢ ᠵᠠᠰᠠᠬ ᠤᠨ ᠪᠠᠶᠢᠭᠤᠯᠤᠯᠳᠠ ᠬᠢᠭᠡᠳ ᠢᠯᠵᠠᠷᠠᠯ ᠢ ᠡᠰᠡᠷᠭᠦᠴᠡᠬᠦ ᠲᠡᠮᠡᠴᠡᠯ

ᠬᠡᠵᠢᠶᠡᠳᠡ ᠵᠤᠬᠰᠤᠰᠢ ᠦᠭᠡᠢ᠂ ᠨᠢᠭᠡ ᠮᠥᠴᠡ ᠴᠦ ᠰᠤᠯᠠᠷᠠᠭᠤᠯᠵᠤ ᠪᠣᠯᠬᠤ ᠦᠭᠡᠢ᠂ ᠲᠡᠮᠦᠷ ᠪᠠᠷᠢᠪᠠᠯ ᠤᠷᠤᠮ ᠲᠠᠢ᠂

ᠴᠢᠯᠠᠭᠤᠨ ᠳᠡᠭᠡᠷ᠎ᠡ ᠬᠢᠰᠭᠢᠪᠡᠯ ᠮᠥᠷ ᠲᠠᠢ ᠪᠠᠶᠢᠬᠤ ᠬᠠᠳᠠᠨ ᠵᠣᠷᠢᠭ ᠪᠠ ᠡᠷᠡᠰ ᠪᠠᠷᠢᠮᠲᠠᠯᠠᠯ ᠢᠶᠠᠷ ᠨᠠᠮ ᠤᠨ ᠰᠤᠷᠲᠠᠯ ᠴᠢᠬᠡᠴᠢ

ᠵᠠᠰᠠᠬ ᠤᠨ ᠪᠠᠶᠢᠭᠤᠯᠤᠯᠳᠠ ᠬᠢᠭᠡᠳ ᠢᠯᠵᠠᠷᠠᠯ ᠢ ᠡᠰᠡᠷᠭᠦᠴᠡᠬᠦ ᠲᠡᠮᠡᠴᠡᠯ ᠤᠨ ᠡᠨᠡ ᠬᠦ ᠪᠤᠭᠤᠮᠳᠠ ᠰᠢᠪᠳᠤᠯᠬᠤ ᠲᠠᠶᠢᠯᠠᠯᠳᠤᠭᠠᠨ

᠂ ᠤᠳᠠᠭᠠᠨ ᠳᠠᠭᠠᠭᠠᠮᠠᠭᠠᠢ ᠲᠠᠶᠢᠨ ᠢ ᠦᠷᠭᠦᠯᠵᠢᠯᠡᠨ ᠰᠠᠶᠢᠲᠤᠷ ᠬᠢᠬᠦ ᠬᠡᠷᠡᠭᠲᠡᠢ᠃ ᠬᠡᠨ ᠬᠥᠮᠦᠨ ᠨᠠᠮ ᠤᠨ ᠰᠠᠬᠢᠯᠭ᠎ᠠ

ᠤᠯᠤᠰ ᠤᠨ ᠬᠠᠤᠯᠢ ᠶᠢᠨ ᠳᠠᠯ᠎ᠠ ᠪᠠᠷ ᠠᠰᠠᠭᠤᠳᠠᠯ ᠭᠠᠷᠭᠠᠭᠰᠠᠨ ᠴᠤ ᠨᠠᠮ ᠤᠨ ᠰᠠᠬᠢᠯᠭ᠎ᠠ ᠤᠯᠤᠰ ᠤᠨ ᠬᠠᠤᠯᠢ ᠶᠠᠭᠠᠬᠢᠭᠰᠠᠨ

ᠴᠤ ᠠᠭᠤᠴᠢᠯᠠᠬᠤ ᠦᠭᠡᠢ ᠶᠤᠮ ᠭᠡᠵᠦ ᠴᠢᠬᠤᠯᠠᠴᠢᠯᠠᠪᠠ᠃

     ᠰᠢ ᠶᠢᠨ ᠫᠢᠩ᠂ ᠡᠨᠡ ᠤᠳᠠᠭ᠎ᠠ ᠶᠢᠨ ᠪᠥᠬᠦᠳᠡ ᠬᠤᠷᠠᠯ ᠤᠨ ᠰᠢᠶᠳᠪᠦᠷᠢ ᠨᠢ ᠵᠠᠭᠤᠨ ᠵᠢᠯ ᠤᠨ ᠲᠡᠮᠡᠴᠡᠯ ᠤᠨ

ᠲᠡᠤᠬᠡᠨ ᠶᠠᠪᠤᠴᠠ ᠳᠤ ᠨᠠᠮ ᠠᠴᠠ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠬᠢᠬᠦ ᠶᠢ ᠴᠢᠬᠤᠯᠠᠴᠢᠯᠠᠬᠰᠠᠨ ᠲᠠᠯ᠎ᠡ ᠪᠠᠷ

ᠪᠥᠬᠦ ᠲᠠᠯ᠎ᠠ ᠶᠢᠨ ᠳ᠋ᠦᠩᠨᠡᠯᠲᠡ ᠬᠢᠵᠦ᠂ ᠪᠥᠬᠦ ᠨᠠᠮ ᠢᠶᠠᠷ ᠢᠶᠠᠨ ᠪᠣᠳᠠᠰᠴᠢ ᠲᠡᠦᠬᠡ ᠶᠢᠨ ᠦᠵᠡᠯᠲᠡ ᠪᠣᠯᠤᠨ ᠵᠥᠪ

ᠣᠨᠣᠪᠴᠢᠲᠠᠶ ᠨᠠᠮ ᠤᠨ ᠲᠡᠦᠬᠡ ᠶᠢᠨ ᠦᠵᠡᠯᠲᠡ ᠶᠢ ᠪᠠᠷᠢᠮᠲᠠᠯᠠᠵᠤ᠂ ᠨᠠᠮ ᠤᠨ ᠵᠠᠭᠤᠨ ᠵᠢᠯ ᠤᠨ ᠲᠡᠮᠡᠴᠡᠯ ᠳᠤᠮᠳᠠ ᠠᠴᠠ

ᠥᠩᠭᠡᠷᠡᠭᠰᠡᠨ ᠳᠤ ᠪᠢᠳᠡ ᠶᠠᠭᠠᠬᠢᠭᠠᠳ ᠠᠮᠵᠢᠯᠲᠠ ᠣᠯᠵᠤ ᠴᠢᠳᠠᠭᠰᠠᠨ ᠢ ᠲᠣᠳᠣᠷᠬᠠᠶ ᠲᠠᠨᠢᠵᠤ᠂ ᠢᠷᠡᠭᠡᠳᠦᠶ ᠳᠤ ᠪᠢᠳᠡ

ᠶᠠᠭᠠᠬᠢᠪᠠᠯ ᠰᠠᠶ᠋ᠢ ᠦᠷᠭᠦᠯᠵᠢᠯᠡᠨ ᠠᠮᠵᠢᠯᠲᠠ ᠣᠯᠵᠤ ᠴᠢᠳᠠᠬᠤ ᠶᠢ ᠲᠣᠳᠣᠷᠬᠠᠶ ᠣᠶᠢᠯᠠᠭᠠᠬᠤ ᠶᠢᠨ ᠤᠯᠠᠮ ᠢᠶᠠᠷ ᠣᠭ ᠰᠠᠨᠠᠭ᠎ᠠ

ᠡᠭᠦᠷᠭᠡ ᠬᠠᠷᠢᠭᠤᠴᠠᠯᠭ᠎ᠠ ᠪᠠᠨ ᠨᠠᠩ ᠡᠷᠡᠰ ᠪᠠᠲᠤ᠂ ᠨᠠᠩ ᠤᠬᠠᠮᠰᠠᠷ ᠠᠴᠠ ᠪᠠᠨ ᠦᠶᠯᠡᠳᠦᠯᠭᠡᠵᠢᠭᠦᠯᠵᠦ᠂ ᠰᠢᠨ᠎ᠡ ᠴᠠᠭ

ᠦᠶ᠎ᠡ ᠳᠤ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠨᠠᠩ ᠰᠠᠶᠢᠲᠤᠷ ᠪᠠᠷᠢᠮᠲᠠᠯᠠᠨ ᠬᠥᠭᠵᠢᠭᠦᠯᠬᠦ ᠬᠡᠷᠡᠭᠲᠡᠶ

ᠭᠡᠵᠦ ᠴᠢᠬᠤᠯᠠᠴᠢᠯᠠᠪᠠ᠃ ᠡᠨᠡ ᠪᠣᠯ ᠵᠢᠷᠭᠤᠳᠤᠭᠠᠷ ᠪᠦᠬᠦᠳᠠ ᠬᠤᠷᠠᠯ ᠠᠴᠠ ᠳᠤᠷᠠᠳᠤᠨ ᠭᠠᠷᠭᠠᠭᠰᠠᠨ ᠴᠢᠬᠤᠯᠠ ᠤᠯᠤᠰ

ᠲᠦᠷᠦ ᠶᠢᠨ ᠡᠭᠦᠷᠭᠡ ᠮᠥᠨ᠂ ᠪᠢᠳᠠ ᠨᠠᠶᠢᠳᠠᠪᠤᠷᠢᠵᠢᠭᠤᠯᠬᠤ ᠠᠵᠢᠯ ᠢ ᠦᠷᠭᠦᠯᠵᠢᠯᠡᠨ ᠰᠠᠶᠢᠲᠤᠷ ᠠᠳᠬᠤᠬᠤ ᠬᠡᠷᠡᠭᠲᠡᠢ᠃

ᠨᠠᠮ ᠤᠨ ᠭᠤᠷᠪᠠᠳᠡᠬᠢ ᠲᠡᠦᠬᠡ ᠶᠢᠨ ᠰᠢᠢᠳᠪᠦᠷᠢ ᠨᠢ ᠮᠠᠨ ᠤ ᠨᠠᠮ ᠤᠨ ᠵᠠᠭᠤᠨ ᠵᠢᠯ ᠤᠨ ᠲᠡᠮᠡᠴᠡᠯ ᠤᠨ ᠲᠡᠦᠬᠡ ᠶᠢᠨ ᠲᠤᠬᠠᠢ

ᠰᠢᠨ᠎ᠡ ᠲᠠᠨᠢᠯᠲᠠ ᠶᠢ ᠢᠯᠡᠷᠡᠭᠦᠯᠪᠠ᠂ ᠡᠨᠡ ᠲᠠᠯ᠎ᠠ ᠪᠠᠷ ᠨᠡᠩ ᠭᠦᠨᠵᠡᠭᠡᠢ ᠰᠤᠷᠤᠯᠴᠠᠨ ᠣᠶᠢᠯᠠᠭᠠᠵᠤ ᠭᠡᠷᠡᠭᠲᠡᠢ᠂ ᠡᠨᠡ ᠨᠢ

ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠠ ᠲᠡᠦᠬᠡᠨ ᠲᠤᠷᠰᠢᠯᠭ᠎ᠠ ᠶᠢ ᠨᠡᠩ

ᠰᠠᠶᠢᠲᠤᠷ ᠲᠠᠨᠢᠵᠤ ᠡᠵᠡᠮᠰᠢᠬᠦ ᠳᠤ ᠠᠰᠢᠭᠲᠠᠢ ᠶᠤᠮ᠃ ᠡᠨᠡ ᠤᠳᠠᠭ᠎ᠠ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ

ᠬᠥᠮᠦᠵᠢᠯ ᠤᠨ ᠠᠮᠵᠢᠯᠲᠠ ᠲᠠᠢ ᠲᠤᠷᠰᠢᠯᠭ᠎ᠠ ᠶᠢ ᠨᠠᠷᠢᠨ ᠬᠢᠨᠠᠮᠠᠭᠠᠢ ᠳ᠋ᠦᠩᠨᠡᠵᠦ᠂ ᠪᠠᠶᠢᠩᠭᠤᠵᠢᠭᠰᠠᠠ ᠤᠷᠳᠤ ᠬᠤᠭᠤᠴᠠᠭᠠᠨ ᠤ

ᠪᠦᠲᠦᠮᠵᠢᠲᠡᠢ ᠲᠦᠷᠢᠮ ᠲᠣᠭᠲᠠᠴᠠ ᠶᠢ ᠪᠠᠶᠢᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ

ᠪᠦᠲᠦᠭᠡᠯ ᠢ ᠲᠠᠰᠤᠷᠠᠯᠳᠠ ᠦᠭᠡᠢ ᠪᠠᠬᠢᠵᠢᠭᠦᠯᠦᠨ ᠥᠷᠭᠡᠳᠭᠡᠬᠦ ᠬᠡᠷᠡᠭᠲᠡᠢ᠃ ᠪᠦᠬᠦ ᠨᠠᠮ ᠢᠶᠠᠷ ᠢᠶᠠᠨ ᠨᠠᠮ ᠤᠨ ᠠᠷᠪᠠ

ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠶᠢᠨ ᠵᠢᠷᠭᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ

ᠲᠤᠭᠤᠰᠢᠯᠠᠭᠤᠯᠬᠤ ᠪᠠᠷ ᠭᠤᠣᠯᠳᠠᠯᠭ᠎ᠠ ᠪᠣᠯᠭᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠢ

ᠠᠬᠢᠭᠤᠯᠵᠤ᠂ ᠲᠡᠦᠬᠡ ᠶᠢ ᠰᠤᠷᠤᠯᠴᠠᠵᠦ ᠶᠣᠰᠣ ᠶᠢ ᠮᠡᠳᠡᠬᠦ᠂ ᠲᠡᠦᠬᠡ ᠶᠢ ᠰᠤᠷᠤᠯᠴᠠᠵᠦ ᠢᠲᠡᠭᠡᠯ ᠢᠶᠠᠨ ᠨᠡᠮᠡᠭᠳᠡᠭᠦᠯᠬᠦ᠂

ᠲᠡᠦᠬᠡ ᠶᠢ ᠰᠤᠷᠤᠯᠴᠠᠵᠦ ᠶᠣᠰᠣ ᠰᠤᠷᠲᠠᠬᠤᠨ ᠢ ᠡᠷᠬᠢᠮᠯᠡᠬᠦ᠂ ᠲᠡᠦᠬᠡ ᠶᠢ ᠰᠤᠷᠤᠯᠴᠠᠵᠦ ᠴᠢᠷᠮᠠᠶᠢᠨ ᠦᠢᠯᠡᠳᠦᠯᠭᠡᠵᠢᠭᠦᠯᠭᠦ ᠶᠢ

ᠴᠢᠨᠠᠭᠰᠢᠳᠠ ᠪᠡᠶᠡᠯᠡᠭᠦᠯᠵᠦ᠂ ᠪᠦᠬᠦ ᠨᠠᠮ ᠤᠨ ᠨᠥᠬᠦᠳ ᠤᠨ ᠨᠠᠮ ᠤᠨ ᠲᠡᠦᠬᠡ ᠶᠢ ᠰᠤᠷᠤᠯᠴᠠᠵᠦ᠂ ᠦᠵᠡᠯ ᠰᠠᠨᠠᠭ᠎ᠠ ᠪᠠᠨ

ᠰᠡᠩᠭᠡᠷᠡᠬᠦᠯᠵᠤ᠂ ᠪᠣᠳᠠᠲᠠᠢ ᠶᠠᠪᠤᠳᠠᠯ ᠬᠢᠵᠦ᠂ ᠰᠢᠨ᠎ᠡ ᠪᠠᠶᠢᠳᠠᠯ ᠢ ᠡᠭᠦᠳᠴᠦ᠂ ᠨᠠᠮ ᠤᠨ ᠰᠢᠨ᠎ᠡ ᠶᠢ ᠡᠭᠦᠳᠬᠦ ᠤᠨᠤᠯ ᠢᠶᠠᠷ

ᠪᠦᠬᠦ ᠨᠠᠮ ᠢ ᠨᠡᠩ ᠰᠠᠶᠢᠨ ᠵᠡᠪᠰᠡᠭᠯᠡᠵᠦ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢᠨ

ᠡᠯ᠎ᠡ ᠵᠦᠢᠯ ᠤᠨ ᠡᠭᠦᠷᠭᠡ ᠶᠢ ᠨᠠᠶᠢᠳᠠᠪᠤᠷᠢᠵᠢᠭᠤᠯᠬᠤ ᠶᠢ ᠬᠦᠮᠦᠵᠢᠬᠦᠯᠦᠨ ᠵᠢᠯᠤᠭᠤᠳᠬᠤ ᠬᠡᠷᠡᠭᠲᠡᠢ᠃ ᠪᠥᠬᠦᠳᠡ ᠬᠤᠷᠠᠯ ᠤᠨ

ᠰᠢᠶᠳᠪᠦᠷᠢ ᠶᠢ ᠲᠡᠷᠡ ᠬᠡᠪ ᠢᠶᠠᠷ ᠨᠢ ᠰᠤᠷᠤᠯᠴᠠᠵᠤ᠂ ᠨᠠᠮ ᠤᠨ ᠵᠠᠭᠤᠨ ᠵᠢᠯ ᠤᠨ ᠲᠡᠮᠡᠴᠡᠯ ᠤᠨ ᠬᠡᠷᠡᠯ ᠰᠠᠴᠤᠷᠠᠩᠭᠤᠶ

ᠥᠩᠭᠡᠷᠡᠯᠲᠡ ᠶᠢ ᠰᠤᠷᠤᠯᠴᠠᠨ ᠣᠶᠢᠯᠠᠭᠠᠵᠤ ᠲᠤᠭᠤᠷᠠᠳᠠᠯ᠎ᠡ ᠮᠡᠳᠡᠵᠤ᠂ ᠨᠠᠮ ᠤᠨ ᠣᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ

ᠪᠠᠲᠤ ᠰᠠᠬᠢᠬᠤ ᠪᠠᠷᠢᠮᠲᠠᠯᠠᠯ ᠲᠡᠮᠡᠴᠡᠯ ᠢ ᠰᠤᠷᠤᠯᠴᠠᠨ ᠣᠶᠢᠯᠠᠭᠠᠵᠤ ᠲᠤᠭᠤᠷᠠᠳᠠᠯ᠎ᠡ ᠮᠡᠳᠡᠵᠤ᠂ ᠨᠠᠮ ᠤᠨ ᠵᠠᠭᠤᠨ ᠵᠢᠯ ᠤᠨ

ᠲᠡᠮᠡᠴᠡᠯ ᠤᠨ ᠲᠡᠦᠬᠡᠲᠦ ᠠᠴᠢ ᠬᠤᠯᠪᠣᠭᠳᠠᠯ ᠪᠠ ᠲᠡᠦᠬᠡᠨ ᠲᠤᠷᠰᠢᠯᠭ᠎ᠠ ᠶᠢ ᠰᠤᠷᠤᠯᠴᠠᠨ ᠣᠶᠢᠯᠠᠭᠠᠵᠤ ᠲᠤᠭᠤᠷᠠᠳᠠᠯ᠎ᠡ ᠮᠡᠳᠡᠵᠤ

᠂ ᠲᠡᠦᠬᠡ ᠪᠠᠷ ᠲᠣᠯᠢ ᠪᠣᠯᠭᠠᠵᠤ ᠢᠷᠡᠭᠡᠳᠦᠶ ᠶᠢ ᠨᠡᠭᠡᠭᠡᠬᠦ ᠴᠢᠬᠤᠯᠠ ᠱᠠᠭᠠᠷᠳᠠᠯᠭ᠎ᠠ ᠶᠢ ᠰᠤᠷᠤᠯᠴᠠᠨ ᠣᠶᠢᠯᠠᠭᠠᠵᠤ

ᠲᠤᠭᠤᠷᠠᠳᠠᠯ᠎ᠡ ᠮᠡᠳᠡᠬᠦ ᠬᠡᠷᠡᠭᠲᠡᠶ᠃ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠤᠨᠤᠯ

ᠰᠤᠷᠤᠯᠴᠠᠬᠤ ᠭᠤᠣᠯ ᠳᠤᠭᠤᠶᠢᠯᠠᠩ ᠤᠨ ᠲᠦᠷᠢᠮ ᠢ ᠰᠠᠶᠢᠲᠤᠷ ᠬᠡᠷᠡᠭᠯᠡᠵᠦ᠂ ᠤᠳᠤᠷᠢᠳᠬᠤ ᠪᠠᠭ᠂ ᠤᠳᠤᠷᠢᠳᠬᠤ ᠺᠠᠳ᠋ᠷ

ᠲᠦᠷᠦᠭᠦᠯᠡᠨ ᠨᠠᠮ ᠤᠨ ᠲᠡᠦᠬᠡ ᠶᠢ ᠰᠤᠷᠤᠯᠴᠠᠬᠤ᠂ ᠦᠷᠭᠦᠯᠵᠢ ᠨᠠᠮ ᠤᠨ ᠲᠡᠦᠬᠡ ᠶᠢ ᠰᠤᠷᠤᠯᠴᠠᠬᠤ ᠶᠢ ᠠᠬᠢᠭᠤᠯᠬᠤ

ᠬᠡᠷᠡᠭᠲᠡᠢ᠃ ᠺᠠᠳ᠋ᠷ ᠤᠨ ᠬᠥᠮᠦᠵᠢᠯ ᠪᠣᠯᠪᠠᠰᠤᠷᠠᠯ ᠤᠨ ᠲᠣᠭᠲᠠᠴᠠ ᠶᠢ ᠰᠠᠶᠢᠲᠤᠷ ᠠᠰᠢᠭᠯᠠᠵᠤ᠂ ᠨᠠᠮ ᠤᠨ ᠲᠡᠦᠬᠡ ᠶᠢ

ᠦᠷᠭᠦᠯᠵᠢᠯᠡᠨ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶᠂ ᠺᠠᠳ᠋ᠷ ᠤᠨ ᠳᠡᠭᠡᠳᠦ

ᠰᠤᠷᠭᠠᠭᠤᠯᠢ ᠶᠢᠨ ᠵᠠᠪᠠᠯ ᠰᠤᠷᠬᠤ ᠬᠢᠴᠢᠶᠡᠯ᠂ ᠪᠠᠶᠢᠩᠭᠤ ᠰᠤᠷᠬᠤ ᠬᠢᠴᠢᠶᠡᠯ ᠪᠣᠯᠭᠠᠬᠤ ᠬᠡᠷᠡᠭᠲᠡᠢ᠃ ᠰᠤᠷᠭᠠᠭᠤᠯᠢ ᠶᠢᠨ

ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠡᠨᠡ ᠬᠦ ᠠᠷᠭ᠎ᠠ ᠵᠠᠮ ᠢ ᠰᠠᠶᠢᠲᠤᠷ ᠠᠰᠢᠭᠯᠠᠵᠤ᠂ ᠨᠠᠮ ᠤᠨ ᠲᠡᠦᠬᠡ ᠶᠢ

ᠵᠢᠭᠠᠬᠤ ᠮᠠᠲ᠋ᠧᠷᠢᠶᠠᠯ᠂ ᠬᠢᠴᠢᠶᠡᠯ ᠤᠨ ᠲᠠᠩᠬᠢᠮ ᠳᠤ ᠤᠷᠤᠭᠤᠯᠵᠤ᠂ ᠲᠠᠷᠢᠬᠢ ᠲᠣᠯᠣᠭᠠᠢ ᠳᠠᠭᠠᠨ ᠬᠠᠲᠠᠩᠰᠢᠭᠤᠯᠬᠤ ᠶᠢ

ᠠᠬᠢᠭᠤᠯᠵᠤ᠂ ᠨᠠᠮ ᠤᠨ ᠲᠡᠦᠬᠡ ᠪᠠᠷ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠴᠢᠬᠤᠯᠠ ᠦᠢᠯᠡᠳᠦᠯ ᠢ ᠰᠠᠶᠢᠲᠤᠷ

ᠪᠠᠳᠠᠷᠠᠭᠤᠯᠬᠤ ᠬᠡᠷᠡᠭᠲᠡᠢ᠃ ᠬᠤᠪᠢᠰᠬᠠᠯ ᠤᠨ ᠡᠬᠢ ᠪᠠᠶᠠᠯᠢᠭ ᠢ ᠰᠠᠶᠢᠲᠤᠷ ᠠᠰᠢᠭᠯᠠᠵᠤ᠂ ᠬᠤᠪᠢᠰᠬᠠᠯᠲᠤ ᠤᠯᠠᠮᠵᠢᠯᠠᠯ ᠤᠨ

ᠬᠥᠮᠦᠵᠢᠯ᠂ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ᠂ ᠵᠠᠯᠠᠭᠤᠴᠤᠳ ᠪᠠᠭᠠᠴᠤᠳ ᠤᠨ ᠦᠵᠡᠯ ᠰᠠᠨᠠᠭ᠎ᠠ ᠶᠣᠰᠣ

ᠰᠤᠷᠲᠠᠬᠤᠨ ᠤ ᠬᠥᠮᠦᠵᠢᠯ ᠢ ᠴᠢᠩᠭᠠᠳᠬᠠᠵᠤ᠂ ᠪᠦᠬᠦ ᠨᠡᠶᠢᠭᠡᠮ ᠢ ᠬᠦᠳᠦᠯᠦᠨ ᠵᠢᠯᠣᠭᠤᠳᠴᠤ ᠪᠠᠶᠢᠭᠠᠳ ᠨᠡᠩ ᠰᠠᠶᠢᠠ

ᠲᠡᠦᠬᠡ ᠶᠢ ᠮᠡᠳᠡᠵᠤ ᠨᠠᠮ ᠢᠶᠠᠨ ᠬᠠᠶᠢᠷᠠᠯᠠᠬᠤ᠂ ᠲᠡᠦᠬᠡ ᠶᠢ ᠮᠡᠳᠡᠵᠤ ᠤᠯᠤᠰ ᠢᠶᠠᠨ ᠬᠠᠶᠢᠷᠠᠯᠠᠬᠤ ᠪᠣᠯᠭᠠᠬᠤ ᠬᠡᠷᠡᠭᠲᠡᠢ᠃ ︽

ᠤᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠪᠠᠷ ᠪᠦᠷᠢᠯᠳᠦᠭᠰᠡᠨ ᠰᠠᠶᠢᠨ

ᠰᠠᠶᠢᠬᠠᠨ ᠲᠣᠭᠲᠠᠴᠠ ᠶᠢ ᠰᠠᠶᠢᠲᠤᠷ ᠠᠰᠢᠭᠯᠠᠵᠤ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ

ᠤᠯᠠᠨ ᠨᠠᠮ ᠤᠨ ᠭᠡᠰᠢᠭᠦᠨ᠂ ᠺᠠᠳ᠋ᠷ ᠤᠨ ᠬᠡᠬᠦᠳᠡᠭ ᠳᠦᠭᠦᠷᠡᠩ ᠬᠠᠯᠠᠭᠤᠨ ᠰᠡᠳᠭᠢᠯᠭᠡ ᠪᠠᠷ ᠤᠯᠠᠨ ᠲᠦᠮᠡᠨ ᠳᠤ ᠪᠣᠳᠠᠲᠤ

ᠶᠠᠪᠤᠳᠠᠯ ᠬᠢᠵᠦ᠂ ᠬᠦᠴᠢᠷ ᠠᠰᠠᠭᠤᠳᠠᠯ ᠢ ᠨᠢ ᠰᠢᠢᠳᠪᠦᠷᠢᠯᠡᠨ ᠥᠭᠴᠦ᠂ ᠰᠢᠨ᠎ᠡ ᠴᠠᠭ ᠦᠶ᠎ᠡ ᠶᠢᠨ ᠨᠠᠮ ᠤᠨ ᠤᠯᠠᠨ

ᠲᠦᠮᠡᠨᠴᠢ ᠱᠤᠭᠤᠮ ᠢᠶᠠᠷ ᠰᠠᠶᠢᠲᠤᠷ ᠵᠠᠮᠨᠠᠬᠤ ᠶᠢ ᠠᠬᠢᠭᠤᠯᠬᠤ ᠬᠡᠷᠡᠭᠲᠡᠢ ᠬᠡᠵᠥ ᠵᠢᠭᠠᠵᠥ ᠭᠠᠷᠭᠠᠪᠠ᠃

     ᠯᠢ ᠺᠧ ᠴᠢᠶᠠᠩ ᠰᠤᠷᠤᠯᠭ᠎ᠠ ᠡᠬᠢᠯᠡᠬᠦ ᠶᠣᠰᠣᠯᠠᠯ ᠢ ᠡᠷᠬᠢᠯᠡᠬᠦ ᠳᠡᠭᠡᠨ᠂ ᠶᠡᠷᠦᠩᠬᠡᠢ ᠱᠦᠵᠢ ᠰᠢ ᠶᠢᠨ ᠫᠢᠩ ᠤᠨ

ᠴᠢᠬᠤᠯᠠ ᠶᠠᠷᠢᠶ᠎ᠠ᠂ ᠮᠠᠷᠺᠰ ᠤᠨ ᠦᠵᠡᠯ ᠢ ᠳᠤᠮᠳᠠᠳᠤ ᠤᠯᠤᠰᠴᠢᠯᠠᠵᠦ ᠴᠠᠭ ᠦᠶᠡᠴᠢᠯᠡᠬᠦ ᠶᠢ ᠠᠬᠢᠭᠤᠯᠬᠤ᠂ ᠨᠡᠶᠢᠭᠡᠮ ᠤᠨ

ᠭᠤᠣᠯ ᠵᠥᠷᠢᠴᠡᠯ ᠪᠠ ᠭᠤᠣᠯ ᠡᠭᠦᠷᠭᠡ ᠶᠢ ᠵᠥᠪ ᠡᠵᠡᠮᠰᠢᠬᠦ᠂ ᠪᠠᠶᠢᠯᠳᠤᠬᠤ ᠪᠤᠳᠤᠯᠭ᠎ᠠ ᠠᠷᠭ᠎ᠠ ᠪᠤᠳᠤᠯᠭ᠎ᠠ ᠶᠢ

ᠴᠢᠬᠤᠯᠠᠴᠢᠯᠠᠬᠤ ᠠᠰᠠᠭᠤᠳᠠᠯ᠂ ᠨᠠᠮ ᠤᠨ ᠮᠠᠷᠺᠰ ᠤᠨ ᠦᠵᠡᠯ ᠤᠨ ᠲᠥᠷᠥ ᠶᠢᠨ ᠨᠠᠮ ᠤᠨ ᠤᠤᠷ ᠴᠢᠨᠠᠷ ᠢ ᠡᠭᠦᠷᠢᠳᠡ

ᠬᠠᠳᠠᠭᠠᠯᠠᠬᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠵᠦ ᠤᠷᠲᠤ ᠬᠤᠭᠤᠴᠠᠭ᠎ᠠ ᠪᠦᠲᠦᠮᠵᠢᠲᠡᠶ

ᠪᠠᠶᠢᠯᠭᠠᠬᠤ ᠵᠡᠷᠭᠡ ᠲᠠᠪᠤᠨ ᠠᠰᠠᠭᠤᠳᠠᠯ ᠢ ᠠᠬᠢᠭᠤᠯᠬᠤ ᠲᠤᠬᠠᠶ ᠭᠦᠨᠵᠡᠭᠡᠶ ᠲᠣᠳᠣᠷᠬᠠᠶᠢᠯᠠᠨ ᠥᠭᠦᠯᠡᠵᠦ᠂ ᠨᠠᠮ ᠤᠨ ᠠᠷᠪᠠ

ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠶᠢᠨ ᠵᠢᠷᠭᠤᠳᠤᠭᠠᠷ ᠪᠦᠬᠦᠳᠠ ᠬᠤᠷᠠᠯ ᠤᠨ ᠰᠢᠢᠳᠪᠦᠷᠢ ᠶᠢ ᠭᠦᠨᠵᠡᠭᠡᠢ

ᠰᠤᠳᠤᠯᠤᠨ ᠤᠩᠰᠢᠵᠤ ᠣᠶᠢᠯᠠᠭᠠᠵᠤ᠂ ᠨᠠᠮ ᠤᠨ ᠵᠠᠭᠤᠨ ᠵᠢᠯ ᠤᠨ ᠲᠡᠮᠡᠴᠡᠯ ᠤᠨ ᠲᠡᠦᠬᠡᠨ ᠲᠤᠷᠰᠢᠯᠭ᠎ᠠ ᠶᠢ ᠨᠠᠩ ᠰᠠᠶᠢᠲᠤᠷ

ᠡᠵᠡᠮᠳᠡᠨ ᠬᠡᠷᠡᠭᠯᠡᠵᠦ᠂ ᠨᠠᠮ ᠪᠠᠶᠢᠭᠤᠯᠬᠤ ᠠᠭᠤᠤ ᠶᠡᠭᠡ ᠵᠣᠷᠢᠭ ᠰᠠᠨᠠᠭ᠎ᠠ ᠶᠢ ᠪᠠᠳᠠᠷᠠᠭᠤᠯᠤᠠ᠂ ᠨᠠᠮ ᠤᠨ ᠬᠤᠶᠠᠳᠤᠭᠠᠷ

ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ ᠴᠥᠬᠦᠷᠡᠰᠢ ᠦᠭᠡᠢ ᠴᠢᠷᠮᠠᠶᠢᠬᠤ ᠭᠡᠷᠡᠭᠲᠡᠢ ᠭᠡᠵᠦ

ᠴᠢᠬᠤᠯᠠᠴᠢᠯᠠᠪᠠ᠂ ᠮᠠᠰᠢ ᠴᠢᠩᠭ᠎ᠠ ᠤᠯᠤᠰ ᠲᠥᠷᠥ ᠶᠢᠨ ᠴᠢᠨᠠᠷ᠂ ᠤᠨᠤᠯ ᠤᠨ ᠴᠢᠨᠠᠷ᠂ ᠵᠢᠯᠣᠭᠤᠳᠬᠤ ᠴᠢᠨᠠᠷ ᠲᠠᠢ ᠪᠠᠶᠢᠵᠦ᠂

ᠪᠥᠬᠦ ᠨᠠᠮ ᠤᠨ ︽ᠬᠤᠶᠠᠷ ᠢ ᠲᠣᠭᠲᠠᠭᠠᠬᠤ︾ ᠶᠢᠨ ᠰᠢᠶᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠶ ᠲᠠᠨᠢᠬᠤ᠂

ᠴᠢᠨᠠᠬᠰᠢᠳᠠ ︽ᠳᠥᠷᠪᠡᠨ ᠤᠬᠠᠮᠰᠠᠷ︾ ᠢᠶᠠᠨ ᠴᠢᠩᠭᠠᠳᠬᠠᠨ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽

ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠳᠤ ᠮᠠᠰᠢ ᠴᠢᠬᠤᠯᠠ ᠠᠴᠢ ᠬᠤᠯᠪᠣᠭᠳᠠᠯ ᠲᠠᠢ ᠶᠤᠮ᠃ ᠦᠵᠡᠯ ᠰᠠᠨᠠᠭ᠎ᠠ ᠪᠠ

ᠦᠢᠯᠡ ᠠᠵᠢᠯᠯᠠᠭ᠎ᠠ ᠪᠠᠨ ᠶᠠᠷᠢᠶᠠᠨ ᠤ ᠵᠣᠷᠢᠭ ᠰᠠᠨᠠᠭ᠎ᠠ ᠳᠡᠭᠡᠷ᠎ᠡ ᠨᠢᠭᠡᠳᠭᠡᠵᠦ᠂ ᠨᠠᠮ ᠤᠨ ᠲᠥᠪ ᠬᠤᠷᠢᠶᠠᠨ ᠤ ᠰᠢᠢᠳᠪᠦᠷᠢᠲᠦ

ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠭᠡᠵᠦ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠪᠣᠳᠠᠲᠤ

ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ

ᠭᠡᠵᠦ ᠵᠢᠭᠠᠵᠦ ᠭᠠᠷᠭᠠᠪᠠ᠃

     ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ ᠲᠥᠪ ᠤᠨ ᠱᠦᠵᠢ ᠨᠡᠷ ᠤᠨ

ᠭᠠᠵᠠᠷ ᠤᠨ ᠱᠦᠵᠢ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ

ᠬᠤᠷᠢᠶ᠎ᠠ ᠶᠢᠨ ᠨᠠᠮ ᠤᠨ ᠭᠡᠰᠢᠭᠦᠨ ᠳᠡᠳ᠋ ᠬᠤᠷᠢᠶᠠᠨ ᠳᠠᠷᠤᠭ᠎ᠠ᠂ ᠲᠦᠷᠦ ᠶᠢᠨ ᠶᠠᠪᠤᠳᠠᠯ ᠤᠨ ᠭᠡᠰᠢᠭᠦᠨ᠂ ᠠᠷᠠᠳ ᠤᠨ

ᠳᠡᠭᠡᠳᠦ ᠰᠢᠭᠦᠬᠦ ᠬᠤᠷᠢᠶ᠎ᠠ ᠶᠢᠨ ᠳᠠᠷᠤᠭ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ᠂

ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠭᠡᠰᠢᠭᠦᠨ ᠳᠡᠳ᠋ ᠲᠡᠷᠢᠭᠦᠯᠡᠭᠴᠢ ᠵᠢᠴᠢ ᠲᠥᠪ ᠤᠨ

ᠴᠡᠷᠢᠭ ᠤᠨ ᠶᠠᠪᠤᠳᠠᠯ ᠤᠨ ᠬᠤᠷᠢᠶ᠎ᠠ ᠶᠢᠨ ᠭᠡᠰᠢᠭᠦᠨ ᠰᠤᠷᠤᠯᠭ᠎ᠠ ᠡᠬᠢᠯᠡᠬᠦ ᠶᠣᠰᠣᠯᠠᠯ ᠳᠤ ᠣᠷᠣᠯᠴᠠᠵᠠᠢ᠃

     ᠡᠯ᠎ᠡ ᠮᠤᠵᠢ ᠥᠪᠡᠷᠲᠡᠭᠡᠨ ᠵᠠᠰᠠᠬᠤ ᠣᠷᠣᠨ ᠰᠢᠭᠤᠳ ᠬᠠᠷᠢᠶ᠎ᠠ ᠬᠤᠲᠠ ᠪᠣᠯᠤᠨ ᠰᠢᠨᠵᠢᠶᠠᠩ ᠤᠨ ᠦᠢᠯᠡᠳᠪᠦᠷᠢᠯᠡᠯ

ᠪᠦᠳᠦᠭᠡᠨ ᠪᠠᠶᠢᠭᠤᠯᠤᠯᠲᠠ ᠶᠢᠨ ᠪᠢᠩᠲ᠋ᠤᠸᠠᠨ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ

ᠰᠠᠯᠠᠭ᠎ᠠ ᠮᠥᠴᠢᠷ᠂ ᠬᠤᠯᠪᠣᠭᠳᠠᠯ ᠪᠦᠬᠦᠢ ᠠᠷᠠᠳ ᠤᠨ ᠪᠦᠯᠬᠦᠮ ᠤᠨ ᠭᠤᠣᠯ ᠬᠠᠷᠢᠭᠤᠴᠠᠯᠭᠠᠲᠠᠨ ᠨᠥᠬᠦᠳ᠂ ᠴᠡᠷᠢᠭ

ᠠᠩᠬᠢ ᠶᠢᠨ ᠡᠯ᠎ᠡ ᠶᠡᠭᠡ ᠨᠢᠭᠡᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠪᠠᠶᠢᠭᠤᠯᠭ᠎ᠠ ᠶᠢᠨ ᠡᠯ᠎ᠡ ᠰᠠᠯᠠᠭ᠎ᠠ

ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠰᠤᠳᠤᠯᠤᠨ ᠶᠠᠷᠢᠯᠴᠠᠬᠤ ᠠᠩᠬᠢ ᠳᠤ ᠣᠷᠣᠯᠴᠠᠪᠠ᠃ ᠡᠯ᠎ᠡ

ᠠᠷᠠᠳᠴᠢᠯᠠᠭᠰᠠᠨ ᠨᠠᠮ ᠪᠦᠯᠦᠭ ᠤᠨ ᠲᠥᠪ ᠬᠤᠷᠢᠶ᠎ᠠ᠂ ᠪᠦᠬᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ

ᠵᠢᠴᠢ ᠬᠤᠯᠪᠣᠭᠳᠠᠯ ᠪᠦᠬᠦᠢ ᠲᠠᠯ᠎ᠠ ᠶᠢᠨ ᠬᠠᠷᠢᠭᠤᠴᠠᠯᠭᠠᠲᠠᠨ ᠨᠦᠬᠦᠳ ᠰᠤᠷᠤᠯᠭ᠎ᠠ ᠡᠬᠢᠯᠡᠬᠦ ᠶᠣᠰᠣᠯᠠᠯ ᠳᠤ ᠰᠤᠯᠠ

ᠣᠷᠣᠯᠴᠠᠵᠠᠢ᠃

 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号