1 ᠰᠠᠷ᠎ᠠ ᠶᠢᠨ 13 ᠤ ᠡᠳᠦᠷ᠂ ᠣᠷᠣᠨ ᠤ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ | ᠬᠠᠮᠢᠶᠠᠷᠤᠯᠲᠠ ᠶᠢᠨ ᠵᠥᠪᠯᠡᠯ ᠤᠨ ᠨᠠᠮ ᠤᠨ ᠶᠡᠷᠦᠩᠬᠡᠶ ᠡᠭᠦᠷ 2021 ᠣᠨ ᠤ ᠦᠨᠳᠦᠰᠦᠨ ᠱᠠᠲᠤᠨ ᠤ ᠨᠠᠮ ᠤᠨ | ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠠᠳᠬᠤᠭᠰᠠᠨ ᠲᠤᠰᠢᠶᠠᠯ ᠤᠨ | ᠮᠡᠳᠡᠭᠦᠯᠦᠯᠲᠡ ᠶᠢ ᠦᠨᠡᠯᠡᠨ ᠶᠠᠷᠢᠯᠴᠠᠬᠤ ᠶᠡᠭᠡ ᠬᠤᠷᠠᠯ ᠬᠤᠷᠠᠯᠳᠤᠭᠤᠯᠵᠤ᠂ ᠣᠷᠣᠨ ᠤ ᠰᠢᠭᠤᠳ ᠬᠠᠷᠢᠶ᠎ᠠ | ᠪᠠᠶᠢᠭᠤᠯᠭ᠎ᠠ ᠶᠢᠨ ᠠᠵᠢᠯ ᠤᠨ ᠬᠤᠷᠢᠶ᠎ᠠ ᠶᠢᠨ ᠵᠢᠯᠣᠭᠤᠳᠬᠤ ᠳᠤᠭᠤᠶᠢᠯᠠᠩ ᠤᠨ ᠫᠠᠨ ᠲᠢᠩ᠂ ᠣᠷᠣᠨ ᠤ ᠰᠠᠬᠢᠯᠭ᠎ᠠ | ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ | ᠪᠠᠶᠢᠴᠠᠭᠠᠬᠤ ᠳᠤᠭᠤᠶᠢᠯᠠᠩ ᠤᠨ ᠴᠧᠨ ᠱᠤ᠋ ᠵᠢᠶᠦ᠋ᠨ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ | ᠬᠠᠮᠢᠶᠠᠷᠤᠯᠲᠠ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠵᠣᠣ ᠸᠧᠶ ᠵᠢᠴᠢ ᠡᠯ᠎ᠡ ᠨᠠᠮ | ᠤᠨ ᠡᠭᠦᠷ ᠤᠨ ᠠᠵᠢᠯᠲᠠᠨ ᠬᠤᠷᠠᠯ ᠳᠤ ᠣᠷᠣᠯᠴᠠᠪᠠ ᠃ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ | ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠪᠠᠶᠢᠭᠤᠯᠭ᠎ᠠ ᠶᠢᠨ ᠨᠠᠮ ᠤᠨ ᠡᠭᠦᠷ᠂ 5 ᠤᠯᠤᠰ ᠤᠨ ᠥᠮᠴᠢᠯᠡᠯ ᠤᠨ | ᠠᠵᠤ ᠠᠬᠤᠶᠢᠯᠠᠯ ᠤᠨ ᠨᠠᠮ ᠤᠨ ᠡᠭᠦᠷ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠨᠠᠮ ᠤᠨ | ᠪᠠᠶᠢᠭᠤᠯᠤᠯᠲᠠ ᠶᠢᠨ ᠠᠵᠢᠯ ᠢ ᠠᠳᠬᠤᠵᠤ ᠲᠤᠰᠢᠶᠠᠯ ᠬᠠᠷᠢᠭᠤᠴᠠᠯᠭ᠎ᠠ ᠪᠠᠨ ᠭᠦᠶᠴᠡᠳᠬᠡᠭᠰᠡᠨ ᠪᠠᠶᠢᠳᠠᠯ ᠤᠨ ᠲᠤᠬᠠᠶ | ᠲᠠᠰ ᠳᠠᠷᠠᠭᠠᠯᠠᠨ ᠲᠤᠰᠢᠶᠠᠯ ᠤᠨ ᠮᠡᠳᠡᠭᠦᠯᠦᠯᠲᠡ ᠬᠢᠪᠠ ᠃ | | | | | | | ᠬᠤᠷᠠᠯ ᠳᠡᠭᠡᠷ᠎ᠡ᠂ ᠡᠯ᠎ᠡ ᠨᠠᠮ ᠤᠨ ᠡᠭᠦᠷ ᠤᠨ ᠱᠦᠵᠢ ᠨᠠᠮ ᠤᠨ ᠪᠠᠶᠢᠭᠤᠯᠤᠯᠲᠠ ᠪᠣᠯᠤᠨ ᠲᠤᠬᠠᠶᠢᠯᠠᠭᠰᠠᠨ | ᠠᠵᠢᠯ ᠢ ᠥᠷᠨᠢᠭᠦᠯᠦᠭᠰᠡᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠦᠨᠳᠦᠰᠦᠨ ᠱᠠᠲᠤᠨ ᠤ ᠨᠠᠮ ᠤᠨ | ᠪᠠᠶᠢᠭᠤᠯᠤᠯᠲᠠ ᠶᠢᠨ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠭᠰᠡᠨ ᠪᠠᠶᠢᠳᠠᠯ ᠤᠨ ᠲᠤᠬᠠᠶ ᠪᠥᠬᠦ ᠲᠠᠯ᠎ᠠ ᠪᠠᠷ | ᠪᠤᠰᠤᠳᠴᠢ ᠪᠠᠷ ᠳ᠋ᠦᠩᠨᠡᠨ ᠬᠠᠷᠢᠭᠤ ᠮᠡᠳᠡᠭᠦᠯᠵᠦ᠂ ᠬᠢᠯᠠᠰ ᠴᠡᠭ ᠭᠠᠷᠭᠠᠵᠤ᠂ ᠬᠦᠷᠦᠯᠴᠡᠬᠦ ᠥᠬᠡᠶ ᠲᠠᠯ᠎ᠠ ᠪᠠᠨ | ᠡᠷᠢᠵᠦ᠂ ᠰᠡᠳᠬᠢᠴᠡ ᠪᠠᠨ ᠰᠦᠪᠡᠭᠴᠢᠯᠡᠪᠡ ᠃ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠬᠢᠨᠠᠯᠲᠠ | ᠬᠠᠮᠢᠶᠠᠷᠤᠯᠲᠠ ᠶᠢᠨ ᠵᠥᠪᠯᠡᠯ ᠤᠨ ᠨᠠᠮ ᠤᠨ ᠶᠡᠷᠦᠩᠬᠡᠢ ᠡᠭᠦᠷ ᠤᠨ ᠱᠦᠵᠢ ᠵᠤᠤ ᠸᠧᠢ ᠨᠥᠬᠦᠷ ᠨᠢᠭᠡᠳ ᠨᠢᠭᠡ ᠪᠠᠷ | ᠦᠨᠡᠯᠡᠯᠲᠡ ᠬᠢᠵᠦ᠂ ᠡᠯ᠎ᠡ ᠨᠠᠮ ᠤᠨ ᠡᠭᠦᠷ ᠤᠨ ᠱᠦᠵᠢ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠠᠳᠬᠤᠭᠰᠠᠨ | ᠬᠢᠯᠠᠰ ᠴᠡᠭ ᠢ ᠨᠤᠲᠠᠯᠠᠵᠤ᠂ ᠣᠷᠣᠰᠢᠵᠤ ᠪᠠᠶᠢᠭ᠎ᠠ ᠠᠰᠠᠭᠤᠳᠠᠯ ᠢ ᠵᠢᠭᠠᠨ ᠭᠠᠷᠭᠠᠭᠰᠠᠨ ᠪᠥᠭᠡᠳ ᠬᠤᠶᠢᠰᠢᠳᠠ ᠶᠢᠨ | ᠠᠵᠢᠯ ᠳᠤ ᠰᠠᠨᠠᠯ ᠰᠠᠨᠠᠭᠤᠯᠭ᠎ᠠ ᠳᠤᠷᠠᠳᠴᠠᠢ︔ ᠡᠭᠦᠨ ᠤ ᠬᠠᠮᠲᠤ ᠫᠠᠨ ᠲᠢᠩ ᠨᠥᠬᠦᠷ ᠲᠤᠰᠢᠶᠠᠯ ᠤᠨ ᠮᠡᠳᠡᠭᠦᠯᠦᠯᠲᠡ | ᠶᠢ ᠦᠨᠡᠯᠡᠬᠦ ᠲᠤᠬᠠᠢ ᠪᠠᠰᠠ ᠦᠨᠡᠯᠡᠯᠲᠡ ᠬᠢᠵᠦ᠂ ᠡᠯ᠎ᠡ ᠨᠠᠮ ᠤᠨ ᠡᠭᠦᠷ ᠤᠨ ᠣᠯᠤᠭᠰᠠᠨ ᠠᠮᠵᠢᠯᠲᠠ ᠶᠢ ᠨᠤᠲᠠᠯᠠᠵᠤ᠂ | ᠴᠢᠩ ᠰᠡᠳᠬᠢᠯ ᠤᠨ ᠬᠦᠰᠡᠯ ᠨᠠᠶᠢᠳᠠᠯᠭ᠎ᠠ ᠪᠣᠯᠤᠨ ᠡᠷᠬᠢᠮ ᠨᠠᠨᠳᠢᠨ ᠰᠠᠨᠠᠯ ᠳᠤᠷᠠᠳᠴᠠᠢ ᠃ | | | | | | | | | | | ᠬᠤᠶᠢᠰᠢᠳᠠ᠂ ᠡᠯ᠎ᠡ ᠨᠠᠮ ᠤᠨ ᠡᠭᠦᠷ ᠨᠢᠭᠡ ᠳᠤ ᠤᠯᠤᠰ ᠲᠥᠷᠥ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ | ᠵᠢᠯᠣᠭᠤᠳᠣᠭᠤᠯᠬᠤ ᠶᠢ ᠪᠠᠷᠢᠮᠲᠠᠯᠠᠵᠤ᠂ ᠠᠵᠤ ᠠᠬᠤᠶᠢᠯᠠᠯ ᠤᠨ ᠤᠳᠤᠷᠢᠳᠬᠤ ᠬᠥᠮᠦᠰ ᠤᠨ ᠤᠯᠤᠰ ᠲᠥᠷᠥ ᠶᠢᠨ ᠬᠡᠪ | ᠴᠢᠨᠠᠷ ᠪᠠ ᠤᠳᠤᠷᠢᠳᠬᠤ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ ᠃ 《 ᠬᠤᠶᠠᠷ ᠶᠡᠭᠡ ᠲᠠᠯ᠎ᠠ 》 | ᠳᠤ ᠰᠠᠭᠤᠷᠢᠯᠠᠵᠤ᠂ 《 ᠤᠯᠤᠰ ᠤᠨ ᠶᠡᠭᠡ ᠲᠠᠯ᠎ᠠ 》 ᠶᠢ ᠡᠪᠦᠷᠯᠡᠵᠦ᠂ ᠡᠷᠡᠰ ᠭᠤᠶᠢᠪᠢᠰᠢ ᠦᠭᠡᠢ ᠪᠠᠷ ᠨᠠᠮ ᠤᠨ | ᠲᠥᠪ ᠬᠤᠷᠢᠶ᠎ᠠ ᠲᠠᠢ ᠨᠢᠭᠡᠳᠦᠯᠲᠡᠢ ᠪᠠᠶᠢᠵᠤ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ | ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ | ᠬᠡᠷᠡᠭᠲᠡᠢ ᠃ ᠬᠤᠶᠠᠷ ᠲᠤ ᠤᠯᠤᠰ ᠤᠨ ᠥᠮᠴᠢᠯᠡᠯ ᠤᠨ ᠠᠵᠤ ᠠᠬᠤᠶᠢᠯᠠᠯ ᠳᠠᠬᠢ ᠨᠠᠮ ᠤᠨ ᠪᠦᠬᠦ ᠲᠠᠯ᠎ᠠ ᠶᠢᠨ | ᠤᠳᠤᠷᠢᠳᠤᠯᠭ᠎ᠠ ᠶᠢ ᠪᠠᠷᠢᠮᠲᠠᠯᠠᠵᠤ᠂ ᠴᠢᠭᠯᠡᠯ ᠢ ᠡᠵᠡᠮᠳᠡᠬᠦ᠂ ᠶᠡᠭᠡ ᠲᠠᠯ᠎ᠠ ᠶᠢ ᠬᠠᠮᠢᠶᠠᠷᠬᠤ᠂ ᠨᠠᠶᠢᠳᠠᠪᠤᠷᠢᠵᠢᠭᠤᠯᠤᠯᠲᠠ | ᠶᠢ ᠪᠠᠲᠤᠯᠠᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠢ ᠃ ᠠᠵᠤ ᠠᠬᠤᠶᠢᠯᠠᠯ ᠤᠨ ᠨᠠᠮ ᠤᠨ ᠵᠣᠬᠢᠶᠠᠨ ᠪᠠᠶᠢᠭᠤᠯᠤᠯᠲᠠ | ᠶᠢᠨ ᠦᠢᠯᠡᠳᠦᠯ ᠢᠶᠠᠨ ᠪᠠᠳᠠᠷᠠᠭᠤᠯᠬᠤ ᠪᠦᠲᠦᠮᠵᠢᠲᠡᠢ ᠠᠷᠭ᠎ᠠ ᠵᠠᠮ ᠢ ᠬᠠᠶᠢᠨ ᠰᠦᠪᠡᠭᠴᠢᠯᠡᠵᠦ᠂ ᠥᠷᠭᠡᠨ ᠤᠯᠠᠨ ᠨᠠᠮ | ᠤᠨ ᠭᠡᠰᠢᠭᠦᠨ ᠤ ᠢᠳᠡᠪᠬᠢᠵᠢᠯ ᠢ ᠭᠦᠢᠴᠡᠳ ᠥᠷᠭᠡᠨ ᠢᠶᠠᠷ ᠲᠠᠶᠢᠴᠢᠯᠠᠨ ᠺᠣᠮᠫᠠᠨᠢ ᠶᠢᠨ ᠵᠠᠰᠠᠯᠲᠠ ᠳᠤ | ᠣᠷᠣᠯᠴᠠᠭᠤᠯᠵᠤ᠂ ᠳᠡᠭᠡᠳᠦ ᠱᠠᠲᠤᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠤᠯᠤᠰ ᠤᠨ ᠥᠮᠴᠢᠯᠡᠯ | ᠤᠨ ᠠᠵᠤ ᠠᠬᠤᠶᠢᠯᠠᠯ ᠳᠤ ᠲᠡᠷᠡ ᠶᠣᠰᠣᠭᠠᠷ ᠨᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠦᠨᠡᠨ ᠬᠦ | ᠪᠠᠲᠤᠯᠠᠵᠤ᠂ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠦᠷᠳᠡᠭ ᠢ ᠪᠠᠲᠤᠯᠠᠵᠤ ᠦᠷᠳᠡᠭ ᠢ ᠨᠡᠮᠡᠭᠳᠡᠭᠦᠯᠬᠦ | ᠶᠢ ᠪᠡᠶᠡᠯᠡᠭᠦᠯᠵᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠢ ᠬᠦᠴᠦᠷᠬᠡᠭᠵᠢᠭᠦᠯᠦᠨ ᠰᠢᠯᠢᠳᠡᠭᠵᠢᠭᠦᠯᠵᠦ | ᠪᠤᠵᠠᠭᠠᠶᠢᠷᠠᠭᠤᠯᠬᠤ ᠶᠢ ᠠᠬᠢᠭᠤᠯᠤᠨ᠎ᠠ ᠃ ᠭᠤᠷᠪᠠ ᠳᠤ᠂ ᠪᠣᠳᠠᠲᠠᠢ ᠶᠢ ᠡᠷᠬᠢᠮᠯᠡᠬᠦ ᠰᠤᠷᠲᠠᠯ ᠢ ᠪᠠᠷᠢᠮᠲᠠᠯᠠᠵᠤ᠂ ᠨᠠᠮ | ᠤᠨ ᠪᠠᠶᠢᠭᠤᠯᠤᠯᠲᠠ ᠪᠣᠯᠤᠨ ᠲᠤᠬᠠᠶᠢᠯᠠᠭᠰᠠᠨ ᠠᠵᠢᠯ ᠤᠨ ᠭᠦᠨᠵᠡᠭᠡᠢ ᠠᠭᠤᠰᠤᠯᠴᠠᠯ ᠢ ᠠᠬᠢᠭᠤᠯᠬᠤ ᠬᠡᠷᠡᠭᠲᠡᠢ ᠃ | ᠨᠠᠮ ᠤᠨ ᠪᠠᠶᠢᠭᠤᠯᠤᠯᠲᠠ ᠶᠢᠨ ᠠᠵᠢᠯ ᠢ ᠰᠠᠶᠢᠲᠤᠷ ᠠᠳᠬᠤᠬᠤ ᠢᠲᠡᠭᠡᠯ ᠵᠣᠷᠢᠭ ᠢᠶᠠᠨ ᠴᠢᠩᠭᠠᠳᠬᠠᠵᠤ᠂ ᠨᠠᠮ ᠤᠨ | ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ᠂ ᠳᠠᠶᠢᠴᠢᠯᠠᠬᠤ᠂ ᠵᠢᠱᠢᠶ᠎ᠡ ᠦᠵᠡᠭᠦᠯᠬᠦ ᠪᠠ ᠨᠥᠯᠥᠭᠡᠯᠡᠬᠦ ᠦᠶᠯᠡᠳᠦᠯ ᠢ | ᠨᠠᠩ ᠰᠠᠶᠢᠲᠤᠷ ᠪᠠᠳᠠᠷᠠᠭᠤᠯᠬᠤ ᠬᠡᠷᠡᠭᠲᠡᠶ ᠃ | | | | | |