ᠲᠦᠷᠭᠡᠨ ᠬᠦᠷᠭᠡᠬᠦ ᠠᠵᠤ ᠠᠬᠤᠶᠢᠯᠠᠯ ᠤᠨ ᠬᠢᠵᠢᠭ ᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠨ᠎ᠠ ᠃ | ᠠᠵᠢᠯᠲᠠᠨ ᠤ ᠪᠥᠭᠡᠮ ᠬᠦᠴᠢᠯ ᠤᠨ ᠰᠢᠯᠭᠠᠨ ᠪᠠᠶᠢᠴᠠᠭᠠᠬᠤ ᠠᠵᠢᠯ ᠢ ᠰᠠᠶᠢᠲᠤᠷ ᠬᠢᠨ᠎ᠠ ᠃ᠪᠤᠭᠤᠲᠤ ᠬᠤᠲᠠ ᠶᠢᠨ | ᠬᠠᠮᠲᠤ ᠶᠢᠨ ᠲᠣᠬᠢᠷᠠᠭᠤᠯᠤᠨ ᠬᠦᠷᠭᠡᠬᠦ ᠪᠠᠷᠠᠭᠠᠨ ᠤ ᠭᠦᠶᠯᠭᠡᠭᠡᠨ ᠤ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ | ᠵᠥᠪᠯᠡᠯ ᠪᠠᠷᠠᠭᠠᠨ ᠤ ᠭᠦᠶᠯᠭᠡᠭᠡᠨ ᠤ ᠬᠦᠷᠢᠶᠡᠯᠡᠩ ᠲᠣᠭᠤᠷᠢᠭ ᠤᠨ ᠲᠦᠷᠭᠡᠨ ᠬᠦᠷᠭᠡᠬᠦ ᠠᠵᠤ ᠠᠬᠤᠶᠢᠯᠠᠯ ᠤᠨ ᠪᠥᠭᠡᠮ | ᠬᠦᠴᠢᠯ ᠤᠨ ᠪᠠᠶᠢᠴᠠᠭᠠᠨ ᠬᠡᠮᠵᠢᠯᠲᠡ ᠶᠢ ᠠᠬᠢᠭᠤᠯᠬᠤ ᠬᠤᠷᠠᠯ ᠬᠤᠷᠠᠯᠳᠤᠭᠤᠯᠪᠠ ᠃2022 ᠣᠨ ᠤ 1 ᠳ᠋ᠦ᠋ᠭᠡᠷ | ᠰᠠᠷ᠎ᠠ ᠶᠢᠨ 13 ᠤ ᠡᠳᠦᠷ ᠤᠨ ᠦᠳᠡ ᠶᠢᠨ ᠡᠮᠦᠨ᠎ᠡ᠂ ᠪᠤᠭᠤᠲᠤ ᠶᠢᠨ ᠬᠤᠲᠠ ᠶᠢᠨ ᠬᠠᠮᠲᠤᠪᠠᠷ ᠳᠣᠭᠢᠷᠠᠭᠤᠯᠤᠨ | ᠬᠦᠷᠭᠡᠬᠦ ᠪᠠᠷᠠᠭᠠᠨ ᠤ ᠭᠦᠶᠯᠭᠡᠭᠡᠨ ᠤ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠪᠠᠷᠠᠭᠠᠨ ᠤ | ᠭᠦᠶᠯᠭᠡᠭᠡᠨ ᠤ ᠬᠦᠷᠢᠶᠡᠯᠡᠩ ᠲᠣᠭᠤᠷᠢᠭ ᠤᠨ ᠲᠦᠷᠭᠡᠨ ᠢᠯᠡᠭᠡᠯᠲᠡ ᠶᠢᠨ ᠠᠵᠤ ᠠᠬᠤᠶᠢᠯᠠᠯ ᠤᠨ ᠪᠥᠭᠡᠮ ᠬᠦᠴᠢᠯ ᠤᠨ | ᠪᠠᠶᠢᠴᠠᠭᠠᠨ ᠬᠡᠮᠵᠢᠯᠲᠡ ᠶᠢ ᠠᠬᠢᠭᠤᠯᠬᠤ ᠬᠤᠷᠠᠯ ᠬᠤᠷᠠᠯᠳᠤᠭᠤᠯᠵᠤ᠂ ᠪᠠᠷᠠᠭᠠᠨ ᠤ ᠭᠦᠶᠯᠭᠡᠭᠡ ᠶᠢᠨ ᠬᠦᠷᠢᠶᠡᠯᠡᠩ | ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠭᠤᠤᠯ ᠤᠳᠤᠷᠢᠳᠤᠯᠭ᠎ᠠ᠂ ᠬᠤᠪᠢᠳᠠᠨ ᠬᠠᠮᠢᠶᠠᠷᠬᠤ | ᠤᠳᠤᠷᠢᠳᠤᠯᠭ᠎ᠠ᠂ ᠰᠠᠯᠠᠭ᠎ᠠ ᠲᠠᠰᠤᠭ ᠤᠨ ᠬᠠᠷᠢᠭᠤᠴᠠᠯᠭᠠᠲᠠᠨ ᠣᠷᠣᠯᠴᠠᠭᠰᠠᠨ ᠪᠥᠭᠡᠳ ᠰᠢᠭᠤᠶᠢᠲᠤ ᠲᠣᠭᠤᠷᠢᠭ ᠤᠨ | ᠰᠢᠦᠳᠠᠨ ᠤ ᠬᠠᠮᠢᠶᠠᠷᠤᠯᠲᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠂ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠢ ᠤᠷᠢᠵᠤ ᠬᠤᠷᠠᠯ ᠳᠤ | ᠣᠷᠣᠯᠴᠠᠭᠤᠯᠤᠨ᠂ ᠬᠦᠷᠢᠶᠡᠯᠡᠩ ᠲᠣᠭᠤᠷᠢᠭ ᠤᠨ ᠡᠯ᠎ᠡ ᠲᠦᠷᠭᠡᠨ ᠢᠯᠡᠭᠡᠯᠲᠡ ᠶᠢᠨ ᠠᠵᠤ ᠠᠬᠤᠶᠢᠯᠠᠯ ᠤᠨ ᠭᠤᠤᠯ | ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ ᠃ | ᠬᠤᠷᠠᠯ ᠠᠴᠠ᠂ ᠤᠢᠢᠷ᠎ᠡ ᠶᠢᠨ ᠬᠤᠭᠤᠴᠠᠭᠠᠨ ᠳᠤ᠂ ᠤᠯᠤᠰ ᠤᠨ ᠳᠣᠲᠣᠭᠠᠳᠤ ᠶᠢᠨ ᠤᠯᠠᠨ ᠭᠠᠵᠠᠷ ᠤᠨ | ᠬᠢᠨ ᠰᠢᠦᠳᠠᠨ ᠤ ᠲᠦᠷᠭᠡᠨ ᠬᠦᠷᠭᠡᠯᠲᠡ ᠶᠢᠨ ᠪᠣᠭᠤᠳᠠᠯ ᠪᠠᠭᠯᠠᠭ᠎ᠠ ᠠᠴᠠ ᠰᠢᠯᠭᠠᠨ ᠪᠠᠶᠢᠴᠠᠭᠠᠵᠤ ᠭᠠᠷᠭᠠᠭᠰᠠᠨ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠤᠨ ᠡᠪᠡᠳᠴᠢᠨ ᠤ ᠵᠢᠱᠢᠶ᠎ᠡ ᠠᠷᠭ᠎ᠠ ᠴᠢᠨᠠᠷᠲᠠᠢ ᠢᠯᠡᠷᠡᠵᠦ᠂ ᠤᠯᠠᠨ ᠮᠤᠵᠢ | ᠬᠤᠳᠠ ᠳᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠣᠨᠣᠰᠢᠯᠠᠭᠰᠠᠨ ᠡᠪᠡᠳᠴᠢᠨ ᠤ ᠵᠢᠱᠢᠶ᠎ᠡ ᠢᠯᠡᠷᠡᠵᠦ᠂ | ᠤᠯᠤᠰ ᠤᠨ ᠳᠣᠲᠣᠭᠠᠳᠤ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠪᠠᠶᠢᠳᠠᠯ ᠬᠦᠨᠳᠦ ᠨᠣᠴᠢᠲᠠᠢ ᠪᠠᠶᠢᠬᠤ ᠶᠢ ᠣᠯᠵᠤ ᠮᠡᠳᠡᠪᠡ᠂ ᠮᠠᠨ ᠤ ᠣᠷᠣᠨ ᠤ ᠰᠢᠦᠳᠠᠨ ᠤ ᠲᠦᠷᠭᠡᠨ | ᠬᠦᠷᠭᠡᠯᠲᠡ ᠶᠢᠨ ᠦᠢᠯᠡᠰ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠵᠢᠯ ᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠬᠢᠵᠢᠭ ᠤᠨ ᠪᠠᠶᠢᠳᠠᠯ ᠤᠨ ᠲᠠᠷᠬᠠᠨ ᠳᠡᠯᠭᠡᠷᠡᠬᠦ | ᠠᠶᠤᠯ ᠲᠦᠭᠰᠢᠭᠦᠷᠢ ᠶᠢ ᠰᠢᠨᠵᠢᠯᠡᠬᠦ ᠤᠬᠠᠭᠠᠨᠴᠢ ᠪᠦᠲᠦᠮᠵᠢᠲᠡᠢ ᠪᠠᠭᠤᠷᠠᠭᠤᠯᠵᠤ᠂ ᠮᠠᠨ ᠤ ᠣᠷᠣᠨ ᠤ ᠰᠢᠦᠳᠠᠨ ᠤ | ᠲᠦᠷᠭᠡᠨ ᠬᠦᠷᠭᠡᠯᠲᠡ ᠶᠢᠨ ᠦᠢᠯᠡᠰ ᠤᠨ ᠠᠮᠤᠷ ᠲᠦᠪᠰᠢᠨ ᠡᠮᠬᠢ ᠵᠢᠷᠤᠮ ᠲᠠᠢ ᠠᠵᠢᠯᠯᠠᠭᠠᠨ ᠢ ᠦᠨᠡᠨ ᠬᠦ | ᠪᠠᠲᠤᠯᠠᠬᠤ ᠬᠡᠷᠡᠭᠲᠡᠢ ᠃ | ᠬᠤᠷᠠᠯ ᠠᠴᠠ ᠪᠤᠭᠤᠲᠤ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ | ᠠᠵᠢᠯ ᠤᠨ ᠵᠢᠯᠣᠭᠤᠳᠬᠤ ᠭᠠᠵᠠᠷ ᠤᠨ 《 ᠪᠥᠬᠦ ᠬᠤᠲᠠ ᠶᠢᠨ ᠰᠢᠦᠳᠠᠨ ᠤ ᠲᠦᠷᠭᠡᠨ ᠬᠦᠷᠭᠡᠯᠲᠡ ᠶᠢᠨ ᠦᠶᠯᠡᠰ | ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ | ᠴᠢᠩᠭᠠᠳᠬᠠᠬᠤ ᠲᠤᠬᠠᠶ ᠮᠡᠳᠡᠭᠳᠡᠯ 》 ᠤᠨ ᠪᠢᠴᠢᠭ ᠮᠠᠲ᠋ᠧᠷᠢᠶᠠᠯ ᠤᠨ ᠠᠭᠤᠯᠭ᠎ᠠ ᠶᠢ ᠳᠠᠬᠢᠨᠲᠠ ᠤᠯᠠᠮᠵᠢᠯᠠᠨ | ᠰᠤᠷᠤᠯᠴᠠᠪᠠ ᠃ ᠰᠢᠦᠳᠠᠨ ᠤ ᠬᠠᠮᠢᠶᠠᠷᠤᠯᠲᠠ ᠶᠢᠨ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠮᠠᠨ ᠤ | ᠣᠷᠣᠨ ᠤ ᠰᠢᠦᠳᠠᠨ ᠤ ᠲᠦᠷᠭᠡᠨ ᠢᠯᠡᠭᠡᠯᠲᠡ ᠶᠢᠨ ᠠᠵᠤ ᠠᠬᠤᠶᠢᠯᠠᠯ ᠢ ᠳᠤᠮᠳᠠ ᠥᠨᠳᠥᠷ ᠲᠦᠭᠰᠢᠭᠦᠷᠢ ᠲᠠᠢ ᠭᠠᠵᠠᠷ | ᠣᠷᠣᠨ ᠬᠢᠭᠡᠳ ᠣᠯᠠᠨ ᠤᠯᠤᠰ ᠤᠨ ᠰᠢᠦᠳᠠᠨ ᠤ ᠵᠦᠶᠯ ᠤᠨ ᠬᠠᠮᠢᠶᠠᠷᠤᠯᠲᠠ ᠡᠵᠡᠮᠳᠡᠯ ᠢᠶᠠᠨ ᠴᠢᠩᠭᠠᠳᠬᠠᠵᠤ᠂ | ᠬᠡᠷᠪᠡ ᠳᠤᠮᠳᠠ ᠥᠨᠳᠥᠷ ᠲᠦᠭᠰᠢᠭᠦᠷᠢ ᠲᠠᠢ ᠭᠠᠵᠠᠷ ᠣᠷᠣᠨ ᠬᠢᠭᠡᠳ ᠣᠯᠠᠨ ᠤᠯᠤᠰ ᠤᠨ ᠰᠢᠦᠳᠠᠨ ᠤ ᠵᠦᠶᠯ ᠢ | ᠲᠤᠰᠠᠭᠠᠷ ᠬᠠᠳᠠᠭᠠᠯᠠᠵᠤ ᠪᠠᠶᠢᠬᠤ ᠶᠢ ᠣᠯᠵᠤ ᠮᠡᠳᠡᠪᠡᠯ᠂ ᠲᠡᠷᠡ ᠳᠠᠷᠤᠶ ᠳᠤᠨᠢ ᠮᠠᠨ ᠤ ᠣᠷᠣᠨ ᠤ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ ᠲᠠᠢ ᠬᠠᠷᠢᠯᠴᠠᠵᠤ ᠲᠦᠷᠭᠡᠨ ᠢᠯᠡᠭᠡᠯᠲᠡ ᠶᠢᠨ ᠵᠦᠶᠯ ᠤᠨ ᠪᠥᠭᠡᠮ ᠬᠦᠴᠢᠯ ᠤᠨ | ᠪᠠᠶᠢᠴᠠᠭᠠᠨ ᠬᠡᠮᠵᠢᠯᠲᠡ ᠬᠢᠵᠦ᠂ ᠠᠮᠤᠷ ᠲᠦᠪᠰᠢᠨ ᠢ ᠨᠤᠲᠠᠯᠠᠭᠰᠠᠨ ᠤ ᠳᠠᠷᠠᠭ᠎ᠠ ᠳᠠᠬᠢᠨ ᠬᠦᠷᠭᠡᠬᠦ ᠬᠡᠷᠡᠭᠲᠡᠶ ᠭᠡᠵᠦ | ᠱᠠᠭᠠᠷᠳᠠᠪᠠ ᠃ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠭᠤᠣᠯ | ᠤᠳᠤᠷᠢᠳᠤᠯᠭ᠎ᠠ ᠪᠠᠰᠠ ᠬᠦᠷᠢᠶᠡᠯᠡᠩ ᠲᠣᠭᠤᠷᠢᠭ ᠤᠨ ᠲᠦᠷᠭᠡᠨ ᠬᠦᠷᠭᠡᠬᠦ ᠠᠵᠤ ᠠᠬᠤᠶᠢᠯᠠᠯ ᠤᠨ ᠬᠢᠵᠢᠭ ᠢ | ᠰᠡᠷᠭᠡᠶᠢᠯᠡᠬᠦ ᠠᠵᠢᠯ ᠳᠤ ᠱᠠᠭᠠᠷᠳᠠᠯᠭ᠎ᠠ ᠳᠤᠷᠠᠳᠴᠠᠢ᠄ ᠨᠢᠭᠡ ᠳᠤ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ | ᠂ ᠬᠢᠵᠢᠭ ᠢ ᠰᠡᠷᠭᠡᠶᠢᠯᠡᠬᠦ ᠦᠵᠡᠯ ᠰᠠᠨᠠᠭᠠᠨ ᠤ ᠬᠥᠪᠴᠢ ᠶᠢ ᠴᠢᠩᠭᠠᠯᠠᠨ᠎ᠠ ᠃ ᠪᠤᠭᠤᠲᠤ ᠬᠤᠲᠠ ᠶᠢᠨ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ 《 ᠪᠥᠬᠦ | ᠬᠤᠲᠠ ᠶᠢᠨ ᠰᠢᠦᠳᠠᠨ ᠤ ᠲᠦᠷᠭᠡᠨ ᠬᠦᠷᠭᠡᠬᠦ ᠦᠶᠯᠡᠰ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ | ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭᠠᠳᠬᠠᠬᠤ ᠲᠤᠬᠠᠶ ᠮᠡᠳᠡᠭᠳᠡᠯ 》 ᠤᠨ ᠵᠣᠷᠢᠭ ᠰᠠᠨᠠᠭ᠎ᠠ ᠶᠢ | ᠴᠢᠩᠭ᠎ᠠ ᠨᠠᠶᠢᠳᠠᠪᠤᠷᠢᠵᠢᠭᠤᠯᠵᠤ᠂ ᠴᠠᠭᠠᠨ ᠰᠠᠷ᠎ᠠ᠂ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ᠂ | ᠪᠥᠬᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ | ᠢ ᠪᠥᠬᠦ ᠲᠠᠯ᠎ᠠ ᠪᠠᠷ ᠰᠠᠶᠢᠲᠤᠷ ᠬᠢᠬᠦ ᠬᠡᠷᠡᠭᠲᠡᠶ ᠃ ᠠᠵᠢᠯᠲᠠᠨ ᠢ ᠵᠢᠭᠰᠠᠭᠠᠨ ᠪᠠᠶᠢᠴᠠᠭᠠᠬᠤ ᠠᠵᠢᠯ ᠢ ᠰᠠᠶᠢᠲᠤᠷ ᠬᠢᠵᠦ᠂ | ᠠᠵᠢᠯᠲᠠᠨ ᠠᠵᠢᠯᠴᠢᠨ ᠤ ᠣᠶᠢᠷ᠎ᠠ ᠶᠢᠨ ᠬᠤᠭᠤᠴᠠᠭᠠᠨ ᠳᠤ ᠳᠤᠮᠳᠠ ᠥᠨᠳᠥᠷ ᠲᠦᠭᠰᠢᠭᠦᠷᠢ ᠲᠠᠢ ᠭᠠᠵᠠᠷ ᠣᠷᠣᠨ | ᠳᠤ ᠢᠷᠡᠵᠦ ᠣᠴᠢᠭᠰᠠᠨ ᠡᠰᠡᠬᠦ ᠶᠢ ᠣᠶᠢᠯᠠᠭᠠᠵᠤ᠂ ᠠᠵᠢᠯᠲᠠᠨ ᠠᠵᠢᠯᠴᠢᠨ ᠤ ᠰᠠᠭᠤᠷᠢ ᠲᠤᠭ᠎ᠠ ᠶᠢ ᠲᠣᠳᠣᠷᠬᠠᠶ | ᠣᠶᠢᠯᠠᠭᠠᠬᠤ ᠬᠡᠷᠡᠭᠲᠡᠶ︔ ᠠᠷᠢᠭᠤᠳᠬᠠᠬᠤ ᠠᠵᠢᠯ ᠢ ᠰᠠᠶᠢᠲᠤᠷ ᠬᠢᠵᠦ᠂ ᠲᠠᠯᠠᠪᠤᠷ ᠭᠠᠵᠠᠷ᠂ ᠲᠡᠷᠭᠡ ᠬᠥᠰᠬᠡ᠂ | ᠲᠦᠷᠭᠡᠨ ᠬᠦᠷᠭᠡᠬᠦ ᠵᠦᠢᠯ᠂ ᠬᠠᠮᠢᠶ᠎ᠠ ᠪᠦᠬᠦᠢ ᠪᠡᠯᠡᠳᠬᠡᠮᠵᠢ ᠲᠥᠬᠦᠭᠡᠷᠦᠮᠵᠢ ᠳᠤ ᠠᠷᠢᠭᠤᠳᠬᠠᠬᠤ ᠠᠵᠢᠯ ᠢ ᠰᠠᠶᠢᠲᠤᠷ | ᠬᠢᠬᠦ ᠬᠡᠷᠡᠭᠲᠡᠶ︔ ᠪᠥᠭᠡᠮ ᠬᠦᠴᠢᠯ ᠢ ᠰᠢᠯᠭᠠᠨ ᠪᠠᠶᠢᠴᠠᠭᠠᠬᠤ ᠠᠵᠢᠯ ᠢ ᠰᠠᠶᠢᠲᠤᠷ ᠬᠢᠵᠦ᠂ 8 ᠲᠥᠷᠥᠯ ᠤᠨ | ᠭᠤᠤᠯᠳᠠᠯᠭ᠎ᠠ ᠲᠠᠢ ᠬᠥᠮᠦᠰ ᠤᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠭᠠᠷᠠᠭ | ᠪᠦᠷᠢ ᠠᠵᠢᠯᠯᠠᠵᠤ ᠪᠠᠶᠢᠭ᠎ᠠ ᠬᠥᠮᠦᠰ ᠢ ᠵᠣᠬᠢᠶᠠᠨ ᠪᠠᠶᠢᠭᠤᠯᠵᠤ 2 ᠤᠳᠠᠭ᠎ᠠ ᠠᠴᠠ ᠳᠡᠭᠡᠭᠰᠢ ᠪᠥᠭᠡᠮ ᠬᠦᠴᠢᠯ ᠤᠨ | ᠰᠢᠯᠭᠠᠨ ᠪᠠᠶᠢᠴᠠᠭᠠᠯᠲᠠ ᠬᠢᠨ᠎ᠠ︔ ᠸᠠᠺᠼᠢᠨ ᠤ ᠲᠠᠷᠢᠯᠭ᠎ᠠ ᠶᠢᠨ ᠠᠵᠢᠯ ᠢ ᠰᠠᠶᠢᠲᠤᠷ ᠬᠢᠵᠦ᠂ ᠵᠣᠯᠭᠠᠭᠤᠯᠪᠠᠯ ᠵᠣᠬᠢᠬᠤ | ᠶᠢ ᠨᠢ ᠪᠦᠬᠦᠨ ᠢ ᠵᠣᠯᠭᠠᠭᠤᠯᠬᠤ ᠶᠢ ᠦᠨᠡᠨ ᠬᠦ ᠪᠠᠲᠤᠯᠠᠵᠤ᠂ ᠤᠬᠠᠭᠤᠯᠭ᠎ᠠ ᠬᠥᠮᠦᠵᠢᠯ ᠤᠨ ᠠᠵᠢᠯ ᠢ ᠰᠠᠶᠢᠲᠤᠷ | ᠬᠢᠵᠦ᠂ ᠠᠵᠢᠯᠲᠠᠨ ᠠᠵᠢᠯᠴᠢᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶ᠎ᠠ ᠪᠥᠬᠦᠶ ᠮᠡᠳᠡᠯᠭᠡ ᠪᠠ | ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠢᠳᠡᠪᠬᠢᠲᠡᠶ ᠤᠬᠠᠭᠤᠯᠤᠨ᠎ᠠ ᠃ ᠬᠤᠶᠠᠷ ᠲᠤ ᠠᠵᠤ | ᠠᠬᠤᠶᠢᠯᠠᠯ ᠢ ᠪᠠᠶᠢᠴᠠᠭᠠᠬᠤ ᠡᠷᠴᠢᠮ ᠢᠶᠠᠨ ᠨᠡᠮᠡᠭᠳᠡᠭᠦᠯᠵᠦ᠂ ᠠᠵᠢᠯ ᠤᠨ ᠰᠠᠬᠢᠯᠭ᠎ᠠ ᠪᠠᠲᠤ ᠶᠢ ᠴᠢᠩᠳᠠᠯᠠᠬᠤ ᠬᠡᠷᠡᠭᠲᠡᠶ ᠃ | ᠳᠡᠭᠡᠳᠦ ᠱᠠᠲᠤᠨ ᠤ ᠰᠠᠯᠠᠭ᠎ᠠ ᠮᠥᠴᠢᠷ ᠪᠣᠯᠤᠨ ᠲᠣᠰ ᠰᠠᠯᠠᠭ᠎ᠠ ᠮᠥᠴᠢᠷ ᠲᠠᠢ ᠢᠳᠡᠪᠬᠢᠲᠡᠶ ᠬᠠᠮᠵᠢᠯᠴᠠᠨ ᠲᠦᠷᠭᠡᠨ | ᠬᠦᠷᠭᠡᠬᠦ ᠠᠵᠤ ᠠᠬᠤᠶᠢᠯᠠᠯ ᠤᠨ ᠬᠢᠵᠢᠭ ᠢ ᠰᠡᠷᠭᠡᠶᠢᠯᠡᠬᠦ ᠪᠠᠶᠢᠴᠠᠭᠠᠯᠲᠠ ᠶᠢ ᠬᠢᠨᠠᠨ ᠵᠢᠯᠣᠭᠤᠳᠴᠤ᠂ ᠪᠠᠭᠤᠯᠭᠠᠭᠰᠠᠨ | ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠶᠢ ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠵᠤ᠂ ᠴᠡᠭᠴᠡᠯᠡᠨ | ᠰᠠᠶᠢᠵᠢᠷᠠᠭᠤᠯᠤᠭᠰᠠᠨ ᠥᠬᠡᠶ ᠪᠠ ᠪᠠᠭᠤᠯᠭᠠᠭᠰᠠᠨ ᠥᠬᠡᠶ ᠬᠠᠮᠢᠶ᠎ᠠ ᠪᠥᠬᠦᠶ ᠠᠰᠠᠭᠤᠳᠠᠯ ᠪᠣᠯᠤᠨ ᠳᠡᠭᠡᠳᠦ ᠱᠠᠲᠤᠨ ᠤ | ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ ᠠᠵᠢᠯ ᠢᠶᠠᠨ ᠥᠷᠨᠢᠭᠦᠯᠦᠭᠰᠡᠨ ᠥᠬᠡᠶ ᠠᠵᠤ ᠠᠬᠤᠶᠢᠯᠠᠯ ᠳᠤ᠂ | ᠬᠢᠵᠢᠭ ᠤᠨ ᠪᠠᠶᠢᠳᠠᠯ ᠤᠨ ᠵᠢᠯᠣᠭᠤᠳᠬᠤ ᠭᠠᠵᠠᠷ᠂ ᠳᠣᠲᠣᠭᠠᠳᠤ ᠶᠢ ᠬᠠᠮᠠᠭᠠᠯᠠᠬᠤ ᠵᠡᠷᠭᠡ ᠬᠠᠮᠢᠶ᠎ᠠ ᠪᠥᠬᠦᠶ ᠰᠠᠯᠠᠭ᠎ᠠ | ᠮᠥᠴᠢᠷ ᠲᠠᠢ ᠬᠠᠮᠲᠤᠷᠠᠨ ᠬᠠᠤᠯᠢ ᠲᠣᠭᠲᠠᠭᠠᠯ ᠶᠣᠰᠣᠭᠠᠷ ᠵᠣᠬᠢᠬᠤ ᠰᠢᠶᠳᠪᠦᠷᠢᠯᠡᠯᠲᠡ ᠬᠢᠬᠦ ᠬᠡᠷᠡᠭᠲᠡᠶ ᠃ ᠭᠤᠷᠪᠠ | ᠳᠤ᠂ ᠠᠵᠢᠯ ᠤᠨ ᠵᠣᠯᠭᠠᠯᠴᠠᠭ᠎ᠠ ᠬᠠᠷᠢᠯᠴᠠᠭ᠎ᠠ ᠶᠢ ᠴᠢᠩᠭᠠᠳᠬᠠᠨ᠎ᠠ ᠃ ᠪᠠᠷᠠᠭᠠᠨ ᠤ ᠭᠦᠶᠯᠭᠡᠭᠡᠨ ᠤ ᠬᠦᠷᠢᠶᠡᠯᠡᠩ | ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠨᠢᠭᠡᠨᠲᠡ ᠠᠵᠤ ᠠᠬᠤᠶᠢᠯᠠᠯ ᠤᠨ ᠮᠠᠨ ᠤ ᠣᠷᠣᠨ ᠤ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠠᠢ ᠬᠥᠭᠦᠷᠭᠡ ᠲᠠᠯᠪᠢᠵᠤ᠂ ᠠᠵᠤ ᠠᠬᠤᠶᠢᠯᠠᠯ ᠢ ᠬᠠᠪᠰᠤᠷᠤᠨ ᠠᠵᠢᠯᠲᠠᠨ | ᠠᠵᠢᠯᠴᠢᠨ ᠢ ᠲᠥᠪᠯᠡᠷᠡᠭᠦᠯᠦᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠵᠦ᠂ ᠡᠯ᠎ᠡ ᠠᠵᠤ ᠠᠬᠤᠶᠢᠯᠠᠯ ᠨᠢ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠠᠢ ᠢᠳᠡᠪᠬᠢᠲᠡᠶ ᠵᠥᠪᠳᠡᠯᠴᠡᠵᠦ ᠪᠠᠶᠢᠭᠠᠳ ᠪᠥᠭᠡᠮ ᠬᠦᠴᠢᠯ ᠤᠨ | ᠪᠠᠶᠢᠴᠠᠭᠠᠨ ᠬᠡᠮᠵᠢᠬᠦ ᠴᠠᠭ ᠪᠠ ᠭᠠᠵᠠᠷ ᠢ ᠲᠥᠪᠯᠡᠷᠡᠭᠦᠯᠵᠦ᠂ ᠠᠵᠤ ᠠᠬᠤᠶᠢᠯᠠᠯ ᠤᠨ ᠬᠡᠪ ᠤᠨ ᠡᠵᠡᠩᠨᠡᠯᠲᠡ ᠶᠢ | ᠪᠠᠲᠤᠯᠠᠵᠤ᠂ 《 ᠪᠠᠶᠢᠴᠠᠭᠠᠬᠤ ᠶᠣᠰᠣᠲᠠᠶ ᠶᠢ ᠨᠢ ᠪᠦᠬᠦᠨ ᠢ ᠪᠠᠶᠢᠴᠠᠭᠠᠬᠤ 》 ᠶᠢ ᠪᠡᠶᠡᠯᠡᠭᠦᠯᠬᠦ ᠬᠡᠷᠡᠭᠲᠡᠶ ᠃ | ᠲᠣᠰ ᠤᠳᠠᠭᠠᠨ ᠤ ᠬᠤᠷᠠᠯ ᠢᠶᠠᠷ ᠳᠡᠮᠵᠢᠨ ᠬᠦᠷᠢᠶᠡᠯᠡᠩ ᠲᠣᠭᠤᠷᠢᠭ ᠲᠠᠬᠢ ᠲᠦᠷᠭᠡᠨ ᠢᠯᠡᠭᠡᠯᠲᠡ ᠶᠢᠨ | ᠠᠵᠤ ᠠᠬᠤᠶᠢᠯᠠᠯ ᠨᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠠᠯ᠎ᠠ ᠪᠠᠷ ᠲᠠᠨᠢᠯᠲᠠ ᠪᠠᠨ ᠳᠡᠭᠡᠭᠰᠢᠯᠡᠭᠦᠯᠵᠦ᠂ | ᠲᠠᠷᠠᠭᠠᠴᠢ ᠶᠢᠨ ᠠᠯᠬᠤᠮ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠭᠤᠤᠯᠳᠠᠯᠭ᠎ᠠ ᠶᠢ | ᠲᠣᠳᠣᠷᠬᠠᠶ ᠪᠣᠯᠭᠠᠵᠤ᠂ ᠲᠠᠷᠠᠭᠠᠴᠢ ᠶᠢᠨ ᠴᠠᠭᠠᠨ ᠰᠠᠷ᠎ᠠ ᠶᠢᠨ ᠲᠦᠷᠭᠡᠨ ᠢᠯᠡᠭᠡᠯᠲᠡ ᠶᠢᠨ ᠣᠷᠭᠢᠯ ᠬᠤᠭᠤᠴᠠᠭᠠᠨ ᠳᠤ | ᠰᠢᠦᠳᠠᠨ ᠤ ᠲᠦᠷᠭᠡᠨ ᠢᠯᠡᠭᠡᠯᠲᠡ ᠶᠢᠨ ᠦᠶᠯᠡᠰ ᠤᠨ ᠠᠮᠤᠷ ᠲᠦᠪᠰᠢᠨ ᠪᠥᠭᠡᠳ ᠡᠮᠬᠢ ᠵᠢᠷᠤᠮ ᠲᠠᠢ ᠠᠵᠢᠯᠯᠠᠬᠤ ᠶᠢ | ᠪᠠᠲᠤᠯᠠᠵᠤ᠂ ᠡᠪᠦᠯ ᠤᠨ ᠤᠯᠠᠷᠢᠯ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ᠂ ᠡᠪᠦᠯ ᠤᠨ ᠤᠯᠠᠷᠢᠯ ᠤᠨ | ᠵᠡᠮᠳᠡᠭᠴᠦᠳ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠳᠤ ᠬᠦᠴᠦᠨ ᠨᠡᠮᠡᠷᠢᠯᠡᠬᠦ ᠪᠣᠯᠤᠨ᠎ᠠ ᠃ | | | | | | | |