ᠰᠢᠭᠤᠶᠢᠲᠤ ᠲᠣᠭᠤᠷᠢᠭ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ 《 ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ 》 ᠲᠤᠰᠬᠠᠶ ᠰᠡᠳᠦᠪᠲᠦ ᠮᠡᠳᠡᠯᠭᠡ ᠶᠢᠨ ᠥᠷᠢᠰᠥᠯᠳᠦᠭᠡᠨ ᠤ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠬᠤᠷᠠᠯᠳᠤᠭᠤᠯᠪᠠ ᠃—ᠰᠢᠭᠤᠶᠢᠲᠤ ᠣᠷᠣᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ 《 ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ 》 ᠲᠤᠰᠬᠠᠶ ᠰᠡᠳᠦᠪᠲᠦ ᠮᠡᠳᠡᠯᠭᠡ ᠶᠢᠨ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠬᠤᠷᠠᠯᠳᠤᠭ᠋᠊
ᠨᠡᠶᠢᠲᠡᠯᠡᠭᠰᠡᠨ ᠴᠠᠭ᠄
2022/1/18
        ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠳᠠᠶᠢᠴᠢᠯᠠᠯᠲᠠ ᠶᠢᠨ ᠶᠡᠭᠡ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠲᠤᠭᠤᠰᠢᠯᠠᠭᠤᠯᠵᠤ᠂ ᠺᠠᠳ᠋ᠷ ᠠᠵᠢᠯᠲᠠᠨ  ᠤ ᠨᠠᠮ ᠤᠨ ᠲᠡᠦᠬᠡ ᠶᠢ ᠭᠦᠨᠵᠡᠭᠡᠶ ᠰᠤᠷᠤᠯᠴᠠᠬᠤ᠂ ᠨᠠᠮᠴᠢ ᠴᠢᠨᠠᠷ ᠤᠨ ᠦᠵᠡᠯᠲᠡ ᠪᠠᠨ ᠴᠢᠩᠭᠠᠳᠬᠠᠬᠤ᠂ ᠨᠠᠮᠴᠢ ᠴᠢᠨᠠᠷ ᠤᠨ ᠪᠣᠯᠪᠠᠰᠤᠷᠠᠯ ᠢᠶᠠᠨ ᠳᠡᠭᠡᠭᠰᠢᠯᠡᠭᠦᠯᠬᠦ᠂ ᠨᠠᠮ ᠤᠨ ᠭᠡᠰᠢᠭᠦᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ  ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠬᠠᠮᠰᠠᠷ ᠢ ᠴᠢᠩᠭᠠᠳᠬᠠᠬᠤ᠂ ᠰᠡᠷᠭᠡᠶᠢᠯᠡᠨ ᠬᠠᠮᠠᠭᠠᠯᠠᠬᠤ ᠮᠡᠳᠡᠯᠭᠡ ᠶᠢᠨ ᠭᠤᠤᠯᠳᠠᠯᠭ᠎ᠠ ᠶᠢ ᠲᠦᠭᠡᠮᠡᠯᠵᠢᠭᠦᠯᠦᠨ ᠪᠠᠬᠢᠵᠢᠭᠦᠯᠬᠦ ᠶᠢ ᠤᠯᠠᠮ ᠨᠢᠭᠡ ᠠᠯᠬᠤᠮ ᠬᠥᠲᠥᠯᠥᠨ ᠵᠢᠯᠣᠭᠤᠳᠬᠤ ᠶᠢᠨ ᠲᠥᠯᠥᠭᠡ᠂ 1 ᠰᠠᠷ᠎ᠠ ᠶᠢᠨ 14 ᠤ ᠦᠳᠡ ᠶᠢᠨ ᠬᠤᠶᠢᠨ᠎ᠠ᠂ ᠰᠢᠭᠤᠶᠢᠲᠤ ᠲᠣᠭᠤᠷᠢᠭ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ ᠶᠢᠨ ᠨᠠᠮ ᠤᠨ ᠡᠭᠦᠷ 《 ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ 》 ᠲᠤᠰᠬᠠᠶ ᠰᠡᠳᠦᠪᠲᠦ ᠮᠡᠳᠡᠯᠭᠡ ᠶᠢᠨ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠬᠤᠷᠠᠯᠳᠤᠭᠤᠯᠵᠤ᠂ ᠪᠥᠬᠦ ᠺᠠᠳ᠋ᠷ ᠠᠵᠢᠯᠲᠠᠨ ᠠᠵᠢᠯᠴᠢᠨ ᠢᠳᠡᠪᠬᠢᠲᠡᠶ ᠣᠷᠣᠯᠴᠠᠪᠠ  ᠃

       ᠪᠦᠬᠦᠶᠢᠯᠡ ᠤᠷᠤᠯᠳᠤᠭᠠᠨ ᠢ ᠵᠠᠪᠠᠯ ᠬᠠᠷᠢᠭᠤᠯᠬᠤ ᠰᠡᠳᠦᠪ᠂ ᠵᠠᠪᠳᠤᠨ ᠬᠠᠷᠢᠭᠤᠯᠬᠤ ᠰᠡᠳᠦᠪ ᠭᠡᠵᠦ ᠬᠤᠶᠠᠷ

ᠭᠤᠭᠴᠤᠭ᠎ᠠ ᠬᠤᠪᠢᠶᠠᠵᠤ᠂ ᠠᠭᠤᠯᠭ᠎ᠠ ᠨᠢ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ ᠠᠴᠠ

ᠨᠠᠭᠠᠰᠢᠬᠢ ᠴᠢᠬᠤᠯᠠ ᠶᠡᠭᠡ ᠲᠡᠦᠬᠡ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠠᠭᠤᠷᠢ ᠮᠡᠳᠡᠯᠭᠡ᠂ ᠴᠠᠭ ᠤᠨ

ᠪᠠᠶᠢᠳᠠᠯ ᠤᠯᠤᠰ ᠲᠥᠷᠥ ᠵᠡᠷᠭᠡ ᠶᠢ ᠬᠠᠮᠤᠷᠴᠠᠶ  ᠃ ᠤᠷᠤᠯᠳᠤᠭᠠᠨ ᠤ ᠳᠤᠮᠳᠠ᠂ ᠣᠯᠠᠨ ᠢᠶᠠᠷ ᠢᠶᠠᠨ ᠥᠪᠡᠷ ᠤᠨ

ᠰᠣᠷᠣᠭᠰᠠᠨ ᠮᠡᠳᠡᠯᠭᠡ ᠪᠠᠨ ᠭᠦᠢᠴᠡᠳ ᠬᠡᠷᠡᠭᠯᠡᠵᠦ᠂ ᠢᠳᠡᠪᠬᠢᠲᠡᠶ ᠰᠡᠳᠬᠢᠨ ᠪᠣᠳᠣᠯᠬᠢᠯᠠᠵᠤ᠂ ᠲᠦᠷᠦᠭᠦᠯᠡᠨ

ᠬᠠᠷᠢᠭᠤᠯᠵᠤ᠂ ᠤᠷᠤᠯᠳᠤᠭᠠᠨ ᠢ ᠤᠳᠠᠭ᠎ᠠ ᠳᠠᠷᠠᠭᠠᠯᠠᠨ ᠣᠷᠭᠢᠯ ᠳᠤᠨᠢ ᠬᠦᠷᠭᠡᠪᠡ  ᠃

      ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠺᠠᠳ᠋ᠷ ᠠᠵᠢᠯᠲᠠᠨ ᠠᠵᠢᠯᠴᠢᠨ ᠤ ᠨᠠᠮ ᠤᠨ ᠲᠡᠦᠬᠡ

 ᠶᠢᠨ ᠰᠤᠷᠤᠯᠴᠠᠯᠭ᠎ᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠮᠡᠳᠡᠯᠭᠡ ᠶᠢ ᠡᠵᠡᠮᠰᠢᠭᠰᠡᠨ ᠪᠠᠶᠢᠳᠠᠯ ᠢ

ᠰᠢᠯᠭᠠᠨ ᠪᠠᠶᠢᠴᠠᠭᠠᠵᠤ᠂ ᠣᠯᠠᠨ ᠤ ᠰᠤᠷᠤᠯᠴᠠᠬᠤ ᠤᠬᠠᠮᠰᠠᠷ ᠢᠶᠠᠨ ᠳᠡᠭᠡᠭᠰᠢᠯᠡᠭᠦᠯᠬᠦ᠂ ᠰᠡᠷᠭᠡᠶᠢᠯᠡᠨ ᠬᠠᠮᠠᠭᠠᠯᠠᠬᠤ

ᠴᠢᠳᠠᠪᠤᠷᠢ ᠪᠠᠨ ᠳᠡᠭᠡᠭᠰᠢᠯᠡᠭᠦᠯᠬᠦ ᠶᠢ ᠤᠯᠠᠮ ᠨᠢᠭᠡ ᠠᠯᠬᠤᠮ ᠠᠬᠢᠭᠤᠯᠪᠠ  ᠃ ᠲᠤᠰ ᠤᠳᠠᠭᠠᠨ ᠤ ᠮᠡᠳᠡᠯᠭᠡ ᠶᠢᠨ

ᠤᠷᠤᠯᠳᠤᠭᠠᠨ ᠨᠢ ᠪᠠᠶᠠᠷ ᠪᠠᠭ᠋ᠠᠳᠤᠯ ᠢ ᠠᠬᠤᠭᠤᠯᠵᠤ᠂ ᠬᠡᠯᠪᠡᠷᠢ ᠨᠢ ᠰᠢᠨ᠎ᠡ ᠰᠡᠪᠡᠭᠦᠨ  ᠃ ᠨᠠᠮ ᠤᠨ ᠭᠡᠰᠢᠭᠦᠨ ᠺᠠᠳ᠋ᠷ᠂

ᠨᠠᠮ ᠤᠨ ᠭᠡᠰᠢᠭᠦᠨ ᠤ ᠪᠡᠶ᠎ᠡ ᠭᠠᠷᠤᠯ ᠢ ᠪᠠᠲᠤ ᠴᠡᠭᠡᠵᠢᠯᠡᠵᠦ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ

ᠴᠡᠭᠡᠵᠢᠯᠡᠵᠦ᠂ ᠨᠠᠮ ᠤᠨ ᠵᠠᠭᠤᠨ ᠵᠢᠯ ᠤᠨ ᠲᠡᠦᠬᠡ ᠠᠴᠠ ᠤᠷᠤᠭᠰᠢᠯᠠᠯᠲᠠ ᠶᠢᠨ ᠤᠶᠤᠨ ᠤᠬᠠᠭᠠᠨ ᠢ ᠰᠢᠩᠭᠡᠭᠡᠨ

ᠠᠪᠴᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠳᠤ ᠥᠪᠡᠷ ᠤᠨ ᠬᠦᠴᠦᠨ ᠴᠢᠳᠠᠯ

 ᠢᠶᠠᠨ ᠡᠷᠭᠦᠨ᠎ᠡ ᠭᠡᠵᠦ ᠢᠯᠡᠳᠬᠡᠵᠡᠭᠡᠪᠡ  ᠃

 
ᠢᠷᠡᠯᠲᠡ᠄ ᠰᠢᠭᠤᠶᠢᠲᠤ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号