ᠪᠤᠭᠤᠲᠤ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠪᠠᠴᠢᠮ ᠵᠠᠷᠯᠠᠯ
ᠨᠡᠶᠢᠲᠡᠯᠡᠭᠰᠡᠨ ᠴᠠᠭ᠄
2022/1/21
  ︵2022 ᠣᠨ ᠤ 2 ᠳ᠋ᠤᠭᠠᠷ ᠲᠣᠭᠠᠲᠤ︶       ᠣᠶᠢᠷ᠎ᠠ ᠶᠢᠨ ᠬᠤᠶᠠᠷ ᠡᠳᠦᠷ ᠲᠢᠶᠠᠨᠵᠢᠨ ᠬᠤᠲᠠ ᠳᠤ ᠲᠤᠬᠠᠢ ᠶᠢᠨ ᠭᠠᠵᠠᠷ ᠤᠨ ᠠᠷᠭ᠎ᠠ ᠴᠢᠨᠠᠷ ᠲᠠᠢ ᠬᠠᠯᠳᠠᠪᠦᠷᠢᠯᠠᠬᠳᠠᠬᠴᠢ ᠣᠯᠠᠨ ᠢᠯᠡᠷᠡᠵᠦ᠂ ᠡᠭᠦᠨ ᠳᠤ ᠵᠠᠷᠢᠮ ᠬᠠᠯᠳᠠᠪᠦᠷᠢᠯᠠᠬᠳᠠᠬᠴᠢ ᠨᠢ ᠤᠮᠢᠺᠷᠤᠨ ᠸᠢᠷᠦ᠋ᠰ ᠲᠤ ᠬᠠᠯᠳᠠᠪᠦᠷᠢᠯᠠᠬᠳᠠᠵᠠᠢ᠃ ᠣᠳᠣᠬᠠᠨ ᠳᠤ ᠲᠣᠰ ᠤᠳᠠᠭᠠᠨ ᠤ ᠬᠢᠵᠢᠭ ᠤᠨ ᠬᠠᠯᠳᠠᠪᠤᠷᠢᠯᠠᠯ ᠤᠨ ᠢᠷᠡᠯᠲᠡ ᠲᠣᠳᠣᠷᠬᠠᠶ ᠥᠬᠡᠶ ᠪᠠᠶᠢᠵᠤ᠂ ᠬᠤᠯᠪᠣᠭᠳᠠᠯ ᠪᠥᠬᠦᠶ ᠲᠤᠰᠬᠠᠶ ᠮᠡᠷᠭᠡᠵᠢᠯᠲᠡᠨ ᠠᠴᠠ ᠨᠢᠭᠡᠨᠲᠡ ᠭᠤᠷᠪᠠᠨ ᠦᠶ᠎ᠡ ᠲᠠᠷᠬᠠᠵᠤ᠂ ᠤᠯᠠᠮ ᠨᠢᠭᠡ ᠠᠯᠬᠤᠮ ᠲᠠᠷᠬᠠᠬᠤ ᠲᠦᠭᠰᠢᠭᠦᠷᠢ ᠣᠷᠣᠰᠢᠵᠤ ᠪᠠᠶᠢᠨ᠎ᠠ ᠭᠡᠵᠦ ᠮᠠᠭᠠᠳᠯᠠᠪᠠ᠃ ᠮᠠᠨ ᠤ ᠬᠤᠲᠠ ᠶᠢᠨ ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠵᠦ᠂ ᠳᠣᠲᠣᠭᠠᠳᠤ ᠳᠠᠭᠠᠨ ᠳᠠᠬᠢᠨ ᠡᠭᠦᠰᠬᠦ ᠶᠢ ᠰᠡᠷᠭᠡᠶᠢᠯᠡᠬᠦ︾ ᠪᠠᠶᠢᠩᠭᠤᠵᠢᠬᠰᠠᠨ ᠰᠡᠷᠭᠡᠶᠢᠯᠡᠨ ᠡᠵᠡᠮᠳᠡᠬᠦ ᠠᠷᠭ᠎ᠠ ᠪᠣᠳᠣᠯᠭ᠎ᠠ ᠶᠢ ᠯᠠᠪᠳᠠᠭᠤᠨ ᠪᠠᠲᠤᠲᠠᠢ ᠠᠬᠢᠭᠤᠯᠵᠤ᠂ ᠬᠢᠵᠢᠭ ᠲᠠᠷᠬᠠᠬᠤ ᠠᠶᠤᠯ ᠲᠦᠭᠰᠢᠭᠦᠷᠢ ᠶᠢ ᠪᠦᠲᠦᠮᠵᠢᠲᠡᠢ ᠬᠢᠵᠠᠭᠠᠷᠯᠠᠬᠤ ᠪᠠ ᠪᠠᠭᠤᠷᠠᠭᠤᠯᠬᠤ ᠶᠢᠨ ᠲᠥᠯᠥᠭᠡ᠂ ᠣᠳᠣ ᠲᠢᠶᠠᠨᠵᠢᠨ ᠬᠤᠲᠠ ᠠᠴᠠ ᠮᠠᠨ ᠤ ᠬᠤᠲᠠ ᠳᠤ ᠢᠷᠡᠭᠰᠡᠨ ︵ᠪᠤᠴᠠᠵᠤ ᠢᠷᠡᠭᠰᠡᠨ︶ ᠬᠥᠮᠦᠰ ᠤᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭᠠᠳᠬᠠᠬᠤ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠪᠠᠴᠢᠮ ᠵᠠᠷᠯᠠᠶ᠎ᠠ᠄       ᠨᠢᠭᠡ ᠳᠤ᠂ 2021 ᠣᠨ ᠤ 12 ᠰᠠᠷ᠎ᠠ ᠶᠢᠨ 24 ᠤ ᠡᠳᠦᠷ ᠠᠴᠠ ᠨᠠᠭᠠᠰᠢ ᠲᠢᠶᠠᠨᠵᠢᠨ ᠬᠤᠲᠠ ᠶᠢᠨ ᠵᠢᠨᠨᠠᠨ ᠲᠣᠭᠤᠷᠢᠭ ᠲᠤ ᠵᠢᠭᠤᠯᠴᠢᠯᠠᠭᠰᠠᠨ ᠦᠩᠭᠡᠷᠡᠯᠳᠡ ᠲᠠᠢ ᠮᠠᠨ ᠤ ᠬᠤᠲᠠ ᠳᠤ ᠢᠷᠡᠭᠰᠡᠨ ︵ᠪᠤᠴᠠᠵᠤ ᠢᠷᠡᠭᠰᠡᠨ︶ ᠬᠥᠮᠦᠰ ᠳᠠᠷᠤᠶ ᠲᠦᠷᠭᠡᠨ ᠪᠠᠶᠢᠭ᠎ᠠ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶᠂ ᠨᠢᠭᠡᠴᠢ ᠪᠤᠶᠤ ᠵᠢᠯᠣᠭᠤᠳᠬᠤ ᠭᠠᠵᠠᠷ ᠲᠤ ᠮᠡᠳᠡᠭᠦᠯᠵᠦ᠂ ᠮᠠᠨ ᠤ ᠬᠤᠲᠠ ᠳᠤ ᠪᠤᠴᠠᠵᠤ ᠢᠷᠡᠭᠡᠳ ᠨᠢᠭᠡᠨᠲᠡ 14 ᠡᠳᠦᠷ ᠪᠣᠯᠤᠭᠰᠠᠨ ᠪᠠᠶᠢᠪᠠᠯ᠂ ᠨᠡᠶᠢᠭᠡᠮ ᠲᠣᠭᠤᠷᠢᠭ ᠤᠨ ᠬᠠᠮᠢᠶᠠᠷᠤᠯᠲᠠ ᠳᠤ ᠣᠷᠣᠭᠤᠯᠤᠨ 7 ᠡᠳᠦᠷ ᠤᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠬᠢᠨ᠎ᠠ ︵ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢᠨ 2᠂ 7 ᠳ᠋ᠤᠭᠠᠷ ᠡᠳᠦᠷ ᠲᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠳᠠ ᠬᠢᠨ᠎ᠠ︶︔ ᠮᠠᠨ ᠤ ᠬᠤᠲᠠ ᠳᠤ ᠪᠤᠴᠠᠵᠤ ᠢᠷᠡᠭᠡᠳ 14 ᠡᠳᠦᠷ ᠪᠣᠯᠤᠭᠠᠳᠤᠶ ᠪᠠᠶᠢᠪᠠᠯ᠂ ᠬᠠᠷᠢᠶ᠎ᠠ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠲᠠᠢ ᠬᠠᠮᠵᠢᠯᠴᠠᠨ 14 ᠡᠳᠦᠷ ᠲᠥᠪᠯᠡᠷᠡᠭᠦᠯᠦᠨ ᠲᠤᠰᠠᠭᠠᠷᠯᠠᠬᠤ + 7 ᠡᠳᠦᠷ ᠤᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠬᠢᠨ᠎ᠠ ︵ᠲᠥᠪᠯᠡᠷᠡᠭᠦᠯᠦᠨ ᠲᠤᠰᠠᠭᠠᠷᠯᠠᠬᠤ 1᠂ 4᠂ 7᠂ 10 ᠳ᠋ᠤᠭᠠᠷ ᠪᠠ 14 ᠳ᠋ᠦ᠋ᠭᠡᠷ ᠡᠳᠦᠷ ᠪᠥᠭᠡᠮ ᠬᠦᠴᠢᠯ ᠤᠨ ᠰᠢᠯᠭᠠᠨ ᠪᠠᠶᠢᠴᠠᠭᠠᠯᠳᠠ ᠬᠢᠨ᠎ᠠ︔ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢᠨ 2᠂ 7 ᠳ᠋ᠤᠭᠠᠷ ᠡᠳᠦᠷ ᠲᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠳᠠ ᠬᠢᠨ᠎ᠠ︶᠃ ᠮᠡᠳᠡᠭᠦᠯᠬᠦ ᠥᠬᠡᠶ ᠨᠢᠭᠤᠬᠰᠠᠨ ᠠᠴᠠ ᠪᠤᠯᠵᠦ ᠬᠦᠨᠳᠦ ᠨᠣᠴᠢᠲᠠᠶ ᠦᠷ᠎ᠡ ᠳ᠋ᠥᠡᠭ ᠭᠠᠷᠭᠠᠬᠰᠠᠨ ᠨᠢᠭᠡᠴᠢ ᠪᠠ ᠬᠤᠪᠢ ᠬᠥᠮᠦᠨ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠡ᠃     ᠬᠤᠶᠠᠷ ᠲᠤ᠂ 2021 ᠣᠨ ᠤ 12 ᠰᠠᠷ᠎ᠠ ᠶᠢᠨ 24 ᠤ ᠡᠳᠦᠷ ᠠᠴᠠ ᠨᠠᠭᠠᠰᠢ ᠲᠢᠶᠠᠨᠵᠢᠨ ᠬᠤᠲᠠ ᠶᠢᠨ ᠪᠤᠰᠤᠳ ᠭᠠᠵᠠᠷ ᠣᠷᠣᠨ ︵ᠵᠢᠨᠨᠠᠨ ᠲᠣᠭᠤᠷᠢᠭ ᠪᠤᠰᠤ︶ ᠳᠤ ᠵᠢᠭᠤᠯᠴᠢᠯᠠᠨ ᠰᠠᠭᠤᠭᠰᠠᠨ ᠦᠡᠭᠭᠡᠷᠡᠯᠳᠡ ᠲᠠᠢ ᠮᠠᠨ ᠤ ᠬᠤᠲᠠ ᠳᠤ ᠢᠷᠡᠭᠰᠡᠨ ︵ᠪᠤᠴᠠᠵᠤ ᠢᠷᠡᠭᠰᠡᠨ︶ ᠬᠥᠮᠦᠰ ᠳᠠᠷᠦ᠋ᠢᠬᠠᠨ ᠪᠠᠶᠢᠭ᠎ᠠ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶᠂ ᠨᠢᠭᠡᠴᠢ ᠪᠤᠶᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠲᠤ ᠮᠡᠳᠡᠭᠦᠯᠵᠦ ᠂ ᠬᠠᠷᠢᠶ᠎ᠠ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠲᠠᠢ ᠬᠠᠮᠵᠢᠯᠴᠠᠨ 7 ᠡᠳᠦᠷ ᠤᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠬᠢᠵᠦ᠂ 2᠂ 7 ᠳ᠋ᠤᠭᠠᠷ ᠡᠳᠦᠷ ᠲᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠳᠠ ᠬᠢᠨ᠎ᠠ︔ ᠡᠷᠡᠭᠦᠯ ᠮᠡᠨᠳᠦ ᠶᠢ ᠬᠢᠨᠠᠨ ᠬᠡᠮᠵᠢᠬᠦ ᠬᠤᠭᠤᠴᠠᠭᠠᠨ ᠳᠤ ᠬᠥᠮᠦᠨ ᠬᠠᠷ᠎ᠠ ᠤᠯᠠᠨᠳᠠᠢ ᠣᠯᠠᠨ ᠨᠡᠶᠢᠲᠡ ᠶᠢᠨ ᠲᠠᠯᠠᠪᠤᠷ ᠲᠤ ᠤᠴᠢᠵᠦ ᠪᠤᠯᠬᠤ ᠦᠭᠡᠢ᠂ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠵᠦ᠂ ᠭᠠᠳᠠᠬᠰᠢ ᠭᠠᠷᠬᠤ ᠪᠠᠨ ᠴᠦᠬᠡᠳᠬᠡᠨ᠎ᠡ᠃      ᠭᠤᠷᠪᠠ ᠳᠤ᠂ ᠥᠷᠭᠡᠨ ᠣᠯᠠᠨ ᠬᠤᠲᠠ ᠶᠢᠨ ᠠᠷᠠᠳ ᠣᠶᠢᠷ᠎ᠠ ᠶᠢᠨ ᠬᠤᠭᠤᠴᠠᠭᠠᠨ ᠳᠤ ᠲᠤᠩ ᠴᠢᠬᠤᠯᠠ ᠶᠠᠪᠤᠳᠠᠯ ᠦᠭᠡᠢ ᠪᠣᠯ ᠲᠢᠶᠠᠨᠵᠢᠨ ᠬᠤᠲᠠ ᠵᠡᠷᠭᠡ ᠬᠢᠵᠢᠭ ᠲᠤ ᠬᠤᠯᠪᠣᠭᠳᠠᠭᠰᠠᠨ ᠬᠤᠲᠠ ᠳᠤ ᠣᠴᠢᠬᠤ ᠦᠭᠡᠶ ᠪᠠᠶᠢᠵᠦ᠂ ᠬᠡᠷᠪᠡ ᠦᠨᠡᠨ ᠬᠦ ᠣᠴᠢᠬᠤ ᠴᠢᠬᠤᠯᠠᠳᠠᠢ ᠪᠣᠯ ᠬᠤᠪᠢ ᠬᠥᠮᠦᠨ ᠤ ᠰᠡᠷᠭᠡᠶᠢᠯᠡᠨ ᠬᠠᠮᠠᠭᠠᠯᠠᠯᠲᠠ ᠪᠠᠨ ᠰᠠᠶᠢᠲᠤᠷ ᠬᠢᠵᠦ᠂ ᠠᠶᠠᠯᠠᠯ ᠤᠨ ᠵᠠᠮ ᠱᠤᠭᠤᠮ ᠴᠠᠭ ᠬᠤᠭᠤᠴᠠᠭ᠎ᠠ ᠪᠠᠨ ᠣᠨᠣᠪᠴᠢᠲᠠᠶ ᠲᠡᠮᠳᠡᠭᠯᠡᠬᠦ ᠶᠢᠨ ᠬᠠᠮᠲᠤ ᠪᠠᠶᠢᠭ᠎ᠠ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶ ᠪᠣᠯᠤᠨ ᠨᠢᠭᠡᠴᠢ ᠳᠡᠭᠡᠨ ᠤᠷᠢᠳᠴᠢᠯᠠᠨ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃ ᠣᠶᠢᠷ᠎ᠠ ᠳᠤ ᠲᠢᠶᠠᠨᠵᠢᠨ ᠵᠡᠷᠭᠡ ᠬᠢᠵᠢᠭ ᠲᠤ ᠬᠤᠯᠪᠣᠭᠳᠠᠭᠰᠠᠨ ᠬᠤᠲᠠ ᠠᠴᠠ ᠮᠠᠨ ᠤ ᠬᠤᠲᠠ ᠳᠤ ᠢᠷᠡᠬᠦ ︵ᠪᠤᠴᠠᠬᠤ︶ ᠬᠥᠮᠦᠰ ᠡᠷᠬᠡᠪᠰᠢ 24 ᠴᠠᠭ ᠤᠨ ᠡᠮᠦᠨ᠎ᠡ ᠰᠠᠨᠠᠭᠠᠴᠢᠯᠠᠭ᠎ᠠ ᠠᠴᠠ ᠪᠠᠨ ᠣᠴᠢᠬᠤ ᠭᠠᠵᠠᠷ ᠤᠨ ᠵᠢᠯᠣᠭᠤᠳᠬᠤ ᠭᠠᠵᠠᠷ᠂ ᠪᠠᠶᠢᠭ᠎ᠠ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶ ᠪᠤᠶᠤ ᠨᠢᠭᠡᠴᠢ ᠳᠤ ᠬᠠᠮᠢᠶ᠎ᠠ ᠪᠥᠬᠦᠶ ᠪᠠᠶᠢᠳᠠᠯ ᠢᠶᠠᠨ ᠮᠡᠳᠡᠭᠦᠯᠦᠨ ᠳᠠᠩᠰᠠᠯᠠᠭᠤᠯᠬᠤ ᠶᠢᠨ ᠬᠠᠮᠲᠤ ᠮᠠᠨ ᠤ ᠬᠤᠲᠠ ᠶᠢᠨ ᠡᠯ᠎ᠡ ᠵᠦᠢᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠬᠠᠮᠵᠢᠯᠴᠠᠨ ᠰᠠᠶᠢᠲᠤᠷ ᠬᠢᠬᠦ ᠬᠡᠷᠡᠭᠲᠡᠶ᠃         ᠳᠥᠷᠪᠡ ᠳᠤ᠂ ᠡᠯ᠎ᠡ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶ ᠨᠢ ᠲᠢᠶᠠᠨᠵᠢᠨ ᠬᠤᠲᠠ ᠳᠤ ᠵᠢᠭᠤᠯᠴᠢᠯᠠᠨ ᠰᠠᠭᠤᠭᠰᠠᠨ ᠦᠡᠭᠭᠡᠷᠡᠯᠳᠡ ᠲᠠᠢ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠪᠠᠶᠢᠳᠠᠯ ᠢ ᠰᠢᠭᠰᠢᠨ ᠪᠠᠶᠢᠴᠠᠭᠠᠵᠦ ᠲᠠᠩᠰᠠᠯᠠᠨ᠂ ᠬᠠᠷᠠᠭᠠᠯᠵᠠᠬᠰᠠᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠶ︔ ᠡᠯ᠎ᠡ ᠨᠠᠮ ᠵᠠᠰᠠᠭ ᠤᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠰᠤᠷᠭᠠᠭᠤᠯᠢ᠂ ᠡᠮᠴᠢᠯᠡᠭᠡᠨ ᠤ ᠪᠠᠶᠢᠭᠤᠯᠤᠮᠵᠢ ᠨᠢ ᠰᠠᠨᠠᠭᠠᠴᠢᠯᠠᠭ᠎ᠠ ᠠᠴᠠ ᠪᠠᠨ ᠰᠢᠭᠰᠢᠨ ᠪᠠᠶᠢᠴᠠᠭᠠᠯᠲᠠ ᠥᠷᠨᠢᠭᠦᠯᠵᠦ᠂ ᠲᠣᠰ ᠨᠢᠭᠡᠴᠢ ᠶᠢᠨ ᠠᠵᠢᠯᠲᠠᠨ ᠵᠢᠴᠢ ᠲᠡᠭᠦᠨ ᠤ ᠬᠡᠷ ᠪᠦᠯᠢ ᠶᠢᠨ ᠪᠦᠷᠢᠯᠳᠦᠬᠦᠨ ᠤ ᠲᠢᠶᠠᠨᠵᠢᠨ ᠬᠤᠲᠠ ᠳᠤ ᠬᠦᠷᠴᠦ ᠥᠩᠭᠡᠷᠡᠭᠰᠡᠨ ᠪᠠᠶᠢᠳᠠᠯ ᠢ ᠴᠠᠭ ᠲᠤᠬᠠᠶ ᠳᠤᠨᠢ ᠡᠵᠡᠮᠰᠢᠬᠦ ᠶᠢᠨ ᠬᠠᠮᠲᠤ ᠬᠠᠷᠢᠶ᠎ᠠ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠲᠤ ᠮᠡᠳᠡᠭᠦᠯᠬᠦ ᠬᠡᠷᠡᠭᠲᠡᠶ᠃      ᠲᠠᠪᠤ ᠳᠤ᠂ ᠵᠣᠴᠢᠳ ᠤᠨ ᠪᠠᠭᠤᠳᠠᠯ ᠵᠡᠷᠭᠡ ᠭᠤᠤᠯᠳᠠᠯᠭ᠎ᠠ ᠲᠠᠢ ᠲᠠᠯᠠᠪᠤᠷ ᠭᠠᠵᠠᠷ ᠤᠨ ᠡᠵᠡᠩᠨᠡᠭᠴᠢ ᠭᠠᠳᠠᠨ᠎ᠠ ᠠᠴᠠ ᠢᠷᠡᠭᠰᠡᠨ ᠬᠥᠮᠦᠰ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠭᠠᠳᠠᠨ᠎ᠠ ᠠᠴᠠ ᠢᠷᠡᠭᠰᠡᠨ ᠬᠥᠮᠦᠰ ᠤᠨ ᠪᠡᠶ᠎ᠡ ᠶᠢᠨ ᠬᠠᠯᠠᠭᠤᠨ ᠢ ᠪᠠᠶᠢᠴᠠᠭᠠᠨ ᠬᠡᠮᠵᠢᠬᠦ᠂ ︽ᠡᠷᠡᠭᠦᠯ ᠮᠡᠨᠳᠦ ᠶᠢᠨ ᠺᠣᠳ᠋︾ ᠪᠣᠯᠤᠨ ︽ᠠᠶᠠᠯᠠᠯ ᠤᠨ ᠺᠠᠷᠲ︾ ᠢ ᠪᠠᠶᠢᠴᠠᠭᠠᠨ ᠰᠢᠯᠭᠠᠬᠤ᠂ ᠳᠡᠩᠰᠡᠯᠡᠨ ᠲᠡᠮᠳᠡᠭᠯᠡᠬᠦ ᠠᠵᠢᠯ ᠢ ᠬᠢᠨᠠᠮᠠᠭᠠᠶ ᠰᠠᠶᠢᠲᠤᠷ ᠬᠢᠵᠦ᠂ ᠲᠢᠶᠠᠨᠵᠢᠨ ᠬᠤᠲᠠ ᠠᠴᠠ ᠮᠠᠨ ᠤ ᠬᠤᠲᠠ ᠳᠤ ᠪᠤᠴᠠᠵᠤ ᠢᠷᠡᠭᠰᠡᠨ ᠬᠦᠮᠦᠨ ᠪᠠᠶᠢᠬᠤ ᠶᠢ ᠮᠡᠳᠡᠪᠡᠯ ᠲᠠᠷᠤᠢ ᠲᠦᠷᠭᠡᠨ ᠨᠡᠶᠢᠭᠡᠮ ᠲᠣᠭᠤᠷᠢᠭ ᠪᠤᠶᠤ ᠬᠠᠷᠢᠶ᠎ᠠ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠲᠤ ᠮᠡᠳᠡᠭᠦᠯᠵᠦ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠬᠠᠮᠵᠢᠯᠴᠠᠨ ᠰᠠᠶᠢᠲᠤᠷ ᠬᠢᠬᠦ ᠬᠡᠷᠡᠭᠲᠡᠶ᠃ ᠵᠢᠷᠭᠤᠭ᠎ᠠ ᠳᠤ᠂ ᠥᠷᠭᠡᠨ ᠣᠯᠠᠨ ᠰᠠᠭᠤᠭᠠᠯᠢ ᠠᠷᠠᠳ ᠬᠢᠵᠢᠭ ᠤᠨ ᠪᠠᠶᠢᠳᠠᠯ ᠢ ᠨᠢᠭᠲᠠ ᠠᠩᠬᠠᠷᠴᠤ᠂ ᠠᠯᠪᠠᠨ ᠤ ᠲᠠᠯ᠎ᠠ ᠶᠢᠨ ᠡᠷᠬᠡ ᠰᠦᠷᠲᠦ ᠨᠡᠶᠢᠲᠡᠯᠡᠯ᠂ ᠭᠤᠤᠯ ᠪᠣᠯᠬᠤ ᠰᠣᠨᠢᠨ ᠮᠡᠳᠡᠭᠡᠨ ᠤ ᠵᠠᠭᠤᠴᠢᠯᠠᠭᠤᠷ ᠠᠴᠠ ᠬᠢᠵᠢᠭ ᠤᠨ ᠪᠠᠶᠢᠳᠠᠯ ᠤᠨ ᠮᠡᠳᠡᠭᠡ ᠵᠠᠩᠭᠢ ᠪᠠ ᠰᠡᠷᠭᠡᠶᠢᠯᠡᠨ ᠡᠵᠡᠮᠳᠡᠬᠦ ᠮᠡᠳᠡᠯᠭᠡ ᠶᠢ ᠤᠶᠢᠯᠭᠠᠨ ᠰᠤᠷᠤᠯᠴᠠᠵᠦ᠂ ᠴᠤᠤᠷᠬᠠᠯ ᠢ ᠢᠲᠡᠭᠡᠬᠦ ᠥᠬᠡᠶ᠂ ᠴᠤᠤᠷᠬᠠᠯ ᠢ ᠲᠠᠷᠬᠠᠭᠠᠬᠤ ᠥᠬᠡᠶ᠂ ᠴᠤᠤᠷᠬᠠᠯ ᠲᠠᠯᠪᠢᠬᠤ ᠥᠬᠡᠶ ᠪᠠᠶᠢᠵᠤ᠂ ᠡᠷᠡᠭᠦᠯ ᠮᠡᠨᠳᠦ ᠶᠢᠨ ᠢᠳᠡᠪᠬᠢ ᠣᠪᠤᠷ ᠰᠡᠳᠬᠢᠴᠡ ᠲᠠᠢ ᠪᠠᠶᠢᠵᠤ᠂ ᠬᠡᠳᠦ ᠰᠠᠨᠠᠭᠠᠰᠢᠷᠠᠵᠦ ᠵᠣᠪᠠᠭ᠋ᠤ ᠠᠴᠠ ᠵᠠᠶᠢᠯᠠᠰᠬᠢᠭᠠᠷᠠᠢ᠃ ᠪᠤᠭᠤᠲᠤ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ 2022 ᠣᠨ ᠤ 1 ᠰᠠᠷ᠎ᠠ ᠶᠢᠨ 9 ᠤ ᠡᠳᠦᠷ
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号