1 ᠰᠠᠷ᠎ᠠ ᠶᠢᠨ 19 ᠤ ᠡᠳᠦᠷ᠂ ᠰᠢᠭᠤᠶᠢᠲᠤ ᠵᠡᠭᠡᠯᠢ ᠭᠤᠳᠤᠮᠵᠢ 2022 ᠣᠨ ᠤ 1 ᠰᠠᠷ᠎ᠠ ᠶᠢᠨ | ᠠᠶᠤᠯᠭᠦᠢ ᠦᠢᠯᠡᠳᠪᠦᠷᠢᠯᠡᠯ ᠤᠨ ᠠᠵᠢᠯ ᠤᠨ ᠵᠤᠷᠰᠢᠮᠠᠯ ᠬᠤᠷᠠᠯ ᠬᠤᠷᠠᠯᠳᠤᠭᠤᠯᠪᠠ ᠃ ᠵᠡᠭᠡᠯᠢ ᠭᠤᠳᠤᠮᠵᠢ ᠶᠢᠨ | ᠤᠳᠤᠷᠢᠳᠬᠤ ᠪᠠᠭ ᠤᠨ ᠪᠦᠷᠢᠯᠳᠦᠬᠦᠨ᠂ ᠪᠥᠬᠦ ᠺᠠᠳ᠋ᠷ ᠠᠵᠢᠯᠲᠠᠨ᠂ ᠨᠡᠶᠢᠭᠡᠮ ᠲᠣᠭᠤᠷᠢᠭ ᠤᠨ 《 ᠬᠤᠶᠠᠷ ᠵᠥᠪᠯᠡᠯ | 》 ᠤᠨ ᠪᠠᠭ ᠤᠨ ᠪᠦᠷᠢᠯᠳᠦᠬᠦᠨ ᠬᠤᠷᠠᠯ ᠳᠤ ᠣᠷᠣᠯᠴᠠᠪᠠ ᠃ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ | ᠬᠤᠷᠢᠶᠠᠨ ᠤ ᠱᠦᠵᠢ ᠯᠢ ᠶᠠ ᠮᠢᠨ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ ᠃ | ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠠᠶᠤᠯᠭᠦᠶ ᠦᠶᠯᠡᠳᠪᠦᠷᠢᠯᠡᠯ ᠤᠨ ᠲᠤᠬᠠᠶ ᠴᠢᠬᠤᠯᠠ | ᠥᠭᠦᠯᠡᠯᠲᠡ ᠶᠢ ᠲᠤᠰᠬᠠᠶ ᠰᠡᠳᠦᠪ ᠢᠶᠠᠷ ᠰᠤᠷᠤᠯᠴᠠᠵᠤ᠂ ᠵᠡᠭᠡᠯᠢ ᠭᠤᠳᠤᠮᠵᠢ ᠶᠢᠨ ᠠᠶᠤᠯᠭᠦᠶ ᠦᠶᠯᠡᠳᠪᠦᠷᠢᠯᠡᠯ ᠤᠨ | ᠬᠢᠨᠠᠯᠲᠠ ᠬᠠᠮᠢᠶᠠᠷᠤᠯᠲᠠ ᠶᠢᠨ ᠥᠷᠲᠡᠭᠡ ᠶᠢᠨ 2021 ᠣᠨ ᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ | ᠶᠢ ᠰᠣᠨᠣᠰᠴᠤ᠂ ᠣᠳᠣᠬᠠᠨ ᠤ ᠠᠶᠤᠯᠭᠦᠶ ᠦᠶᠯᠡᠳᠪᠦᠷᠢᠯᠡᠯ ᠤᠨ ᠪᠠᠶᠢᠳᠠᠯ ᠢ ᠵᠠᠳᠠᠯᠵᠤ᠂ 2022 ᠣᠨ ᠤ ᠠᠵᠢᠯ | ᠤᠨ ᠴᠢᠭᠯᠡᠯ ᠪᠣᠯᠤᠨ ᠠᠵᠢᠯ ᠤᠨ ᠭᠤᠤᠯᠳᠠᠯᠭ᠎ᠠ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ ᠃ | | | | ᠬᠤᠷᠠᠯ ᠠᠴᠠ᠂ ᠠᠮᠤᠷ ᠲᠦᠪᠰᠢᠨ ᠤ ᠠᠵᠢᠯ ᠢ ᠰᠠᠶᠢᠲᠤᠷ ᠬᠢᠵᠦ᠂ ᠲᠣᠣᠷᠵᠢᠭᠤᠯᠤᠭᠰᠠᠨ ᠬᠠᠮᠢᠶᠠᠷᠤᠯᠲᠠ | ᠶᠢᠨ ᠠᠵᠢᠯᠳᠠᠨ᠂ ᠦᠨᠳᠦᠰᠦᠨ ᠱᠠᠲᠤᠨ ᠤ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ | ᠲᠣᠣᠷᠵᠢᠭᠤᠯᠤᠭᠰᠠᠨ ᠬᠠᠮᠢᠶᠠᠷᠤᠯᠲᠠ ᠶᠢᠨ ᠠᠵᠢᠯᠳᠠᠨ ᠲᠣᠣᠷᠵᠢᠭᠤᠯᠤᠭᠰᠠᠨ ᠳᠣᠲᠣᠷᠠᠬᠢ ᠡᠳᠦᠷ ᠲᠤᠳᠤᠮ ᠤᠨ | ᠠᠶᠤᠯᠭᠦᠢ ᠦᠢᠯᠡᠳᠪᠦᠷᠢᠯᠡᠯ ᠤᠨ ᠰᠢᠭᠰᠢᠨ ᠪᠠᠶᠢᠴᠠᠭᠠᠯᠲᠠ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ | ᠴᠢᠩᠭᠠᠷᠠᠭᠤᠯᠬᠤ ᠬᠡᠷᠡᠭᠲᠡᠢ ᠃ ᠬᠤᠸᠠᠷ ᠫᠤᠤᠵᠢᠩ᠂ ᠠᠶᠤᠯ ᠲᠠᠢ ᠬᠢᠮᠢ ᠶᠢᠨ ᠵᠦᠢᠯ ᠵᠡᠷᠭᠡ ᠨᠣᠴᠣᠮᠠᠲᠠᠭᠠᠶ | ᠳᠡᠯᠪᠡᠷᠡᠮᠡᠲᠡᠭᠡᠶ ᠡᠳ ᠤᠨ ᠠᠶᠤᠯ ᠦᠭᠡᠶ ᠦᠢᠯᠡᠳᠪᠦᠷᠢᠯᠡᠯ ᠢ ᠵᠢᠭᠰᠠᠭᠠᠨ ᠪᠠᠶᠢᠴᠠᠭᠠᠬᠤ ᠪᠠᠨ ᠴᠢᠩᠭᠠᠳᠬᠠᠵᠤ᠂ | ᠲᠡᠮᠳᠡᠭᠯᠡᠯ ᠬᠢᠵᠦ ᠳᠠᠩᠰᠠ ᠪᠠᠶᠢᠭᠤᠯᠬᠤ ᠶᠢᠨ ᠬᠠᠮᠲᠤ ᠪᠠᠶᠢᠴᠠᠭᠠᠭᠰᠠᠨ ᠮᠡᠳᠡᠭᠡ ᠵᠠᠩᠭᠢ ᠶᠢ ᠲᠣᠣᠷᠴᠢᠯᠠᠭᠰᠠᠨ ᠬᠢᠨᠠᠯᠲᠠ | ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ ᠧᠮ ᠳᠤ ᠣᠷᠣᠭᠤᠯᠵᠤ᠂ ᠳᠠᠯᠳᠠ ᠭᠡᠮ ᠢ ᠣᠯᠵᠤ ᠮᠡᠳᠡᠪᠡᠯ ᠴᠠᠭ | ᠲᠤᠬᠠᠶ ᠳᠤᠨᠢ ᠳᠡᠭᠡᠭᠰᠢ ᠮᠡᠳᠡᠭᠦᠯᠬᠦ ᠬᠡᠷᠡᠭᠲᠡᠶ ᠃ ᠴᠠᠭᠠᠨ ᠰᠠᠷ᠎ᠠ ᠶᠢᠨ ᠬᠤᠭᠤᠴᠠᠭᠠᠨ ᠳᠠᠬᠢ ᠵᠢᠵᠢᠭᠦᠷᠯᠡᠨ ᠰᠠᠬᠢᠬᠤ | ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠵᠢᠵᠢᠭᠦᠷᠯᠡᠭᠴᠢ ᠨᠢ ᠵᠢᠵᠢᠭᠦᠷᠯᠡᠭᠰᠡᠨ ᠲᠡᠮᠳᠡᠭᠯᠡᠯ ᠤᠨ ᠬᠦᠰᠦᠨᠦᠭᠲᠦ ᠶᠢ | ᠲᠡᠮᠳᠡᠭᠯᠡᠬᠦ ᠠᠵᠢᠯ ᠢ ᠰᠠᠶᠢᠲᠤᠷ ᠬᠢᠬᠦ ᠬᠡᠷᠡᠭᠲᠡᠶ ᠃ | ᠲᠠᠷᠠᠭᠠᠴᠢ ᠶᠢᠨ ᠠᠯᠬᠤᠮ ᠳᠤ᠂ ᠰᠢᠭᠤᠶᠢᠲᠤ ᠵᠡᠭᠡᠯᠢ ᠭᠤᠳᠤᠮᠵᠢ ᠶᠢᠨ ᠬᠢᠨ ᠵᠢᠭᠰᠠᠭᠠᠨ ᠪᠠᠶᠢᠴᠠᠭᠠᠬᠤ | ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠨᠢᠭᠡ ᠶᠢ ᠢᠯᠡᠷᠡᠭᠦᠯᠪᠡᠯ ᠨᠢᠭᠡ ᠶᠢ ᠴᠡᠭᠴᠡᠯᠡᠨ ᠰᠠᠶᠢᠵᠢᠷᠠᠭᠤᠯᠵᠤ᠂ | ᠡᠯ᠎ᠡ ᠲᠥᠷᠥᠯ ᠤᠨ ᠠᠳᠡᠯ ᠭᠠᠷᠬᠤ ᠶᠢ ᠡᠷᠡᠰ ᠰᠡᠷᠭᠡᠶᠢᠯᠡᠵᠦ᠂ ᠠᠶᠤᠯᠭᠦᠶ ᠦᠶᠯᠡᠳᠪᠦᠷᠢᠯᠡᠯ ᠤᠨ ᠤᠬᠠᠭᠤᠯᠭ᠎ᠠ ᠶᠢᠨ | ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠸᠢᠴᠠᠲ ᠤᠨ ᠣᠯᠠᠨ ᠨᠡᠶᠢᠲᠡ ᠶᠢᠨ ᠳ᠋ᠤᠭᠠᠷ᠂ ᠸᠢᠴᠠᠲ ᠤᠨ | ᠴᠤᠭᠯᠠᠷᠠᠯ ᠢ ᠥᠷᠭᠡᠨ ᠢᠶᠠᠷ ᠠᠰᠢᠭᠯᠠᠨ ᠠᠮᠤᠷ ᠲᠦᠪᠰᠢᠨ ᠤ ᠰᠡᠷᠡᠮᠵᠢ ᠶᠢᠨ ᠬᠥᠮᠦᠵᠢᠯ ᠤᠨ ᠹᠢᠯᠢᠮ ᠵᠢᠴᠢ ᠬᠠᠮᠢᠶ᠎ᠠ | ᠪᠥᠬᠦᠶ ᠮᠡᠳᠡᠯᠭᠡ ᠶᠢ ᠬᠦᠷᠭᠡᠵᠦ᠂ ᠠᠷᠠᠳ ᠣᠯᠠᠨ ᠤ ᠠᠮᠢ ᠨᠠᠰᠤ ᠪᠠ ᠡᠳ᠋ ᠬᠥᠷᠥᠩᠭᠡ ᠶᠢᠨ ᠠᠮᠤᠷ ᠲᠦᠪᠰᠢᠨ ᠢ | ᠦᠨᠡᠨ ᠬᠦ ᠪᠠᠲᠤᠯᠠᠨ᠎ᠠ ᠃ | |