ᠬᠥᠳᠡᠯᠦᠩᠭᠦᠶ ᠰᠢᠭᠤᠶᠢᠲᠤ ᠵᠡᠭᠡᠯᠢ ᠭᠤᠳᠤᠮᠵᠢ 《 ᠲᠤᠬᠠᠶ ᠶᠢᠨ ᠭᠠᠵᠠᠷ ᠲᠠᠭᠠᠨ ᠰᠢᠨᠡᠯᠡᠬᠦ ᠶᠢ ᠰᠠᠨᠠᠭᠠᠴᠢᠯᠠᠬᠤ 》 ᠤᠬᠠᠭᠤᠯᠭ᠎ᠠ ᠶᠢᠨ ᠠᠵᠢᠯᠯᠠᠭ᠎ᠠ  ᠥᠷᠨᠢᠭᠦᠯᠪᠡ
ᠨᠡᠶᠢᠲᠡᠯᠡᠭᠰᠡᠨ ᠴᠠᠭ᠄
2022/1/28
       ᠴᠠᠭᠠᠨ ᠰᠠᠷ᠎ᠠ ᠣᠶᠢᠷᠠᠲᠤᠵᠤ ᠪᠠᠶᠢᠭ᠎ᠠ ᠦᠶ᠎ᠡ ᠳᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠥᠷᠭᠡᠨ ᠣᠯᠠᠨ ᠰᠠᠭᠤᠭᠠᠯᠢ ᠠᠷᠠᠳ ᠤᠨ ᠲᠤᠬᠠᠶ ᠶᠢᠨ ᠭᠠᠵᠠᠷ  ᠲᠠᠭᠠᠨ ᠰᠢᠨᠡᠯᠡᠬᠦ ᠶᠢ ᠢᠳᠡᠪᠬᠢᠲᠡᠶ ᠰᠠᠨᠠᠭᠠᠴᠢᠯᠠᠬᠤ ᠶᠢᠨ ᠲᠥᠯᠥᠭᠡ᠂ ᠰᠢᠭᠤᠶᠢᠲᠤ ᠵᠡᠭᠡᠯᠢ ᠭᠤᠳᠤᠮᠵᠢ ᠶᠢᠨ ᠵᠣᠬᠢᠶᠠᠨ ᠪᠠᠶᠢᠭᠤᠯᠤᠯᠲᠠ ᠶᠢᠨ ᠠᠵᠢᠯᠲᠠᠳ ᠵᠡᠭᠡᠯᠢ ᠳᠤ ᠭᠠᠷᠴᠤ᠂ ᠬᠠᠷᠢᠶ᠎ᠠ ᠲᠣᠭᠤᠷᠢᠭ ᠲᠤ ᠬᠦᠷᠴᠦ᠂ 《 ᠲᠠ 》 ᠶᠢ ᠦᠯᠡᠳᠡᠭᠡᠵᠦ ᠰᠢᠨᠡᠯᠡᠭᠦᠯᠬᠦ᠂ 《 ᠪᠥᠬᠦᠳᠡ 》 ᠶᠢ ᠴᠥᠮ ᠶᠠᠪᠤᠭᠤᠯᠬᠤ ᠥᠬᠡᠶ ᠪᠠᠷ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ  ᠃

      ᠠᠵᠢᠯᠯᠠᠭ᠎ᠠ ᠨᠢ ᠬᠠᠷᠢᠶ᠎ᠠ ᠣᠷᠣᠨ ᠤ ᠰᠠᠭᠤᠭᠠᠯᠢ ᠠᠷᠠᠳ᠂ ᠵᠡᠮᠳᠡᠭᠴᠦᠳ ᠲᠤ 《 ᠲᠤᠬᠠᠶ ᠶᠢᠨ ᠭᠠᠵᠠᠷ

 ᠲᠠᠭᠠᠨ ᠰᠢᠨᠡᠯᠡᠬᠦ 》 ᠰᠠᠨᠠᠭᠠᠴᠢᠯᠠᠭ᠎ᠠ ᠶᠢᠨ ᠪᠢᠴᠢᠭ ᠲᠠᠷᠬᠠᠭᠠᠬᠤ ᠪᠠᠷ ᠳᠠᠮᠵᠢᠭᠤᠯᠤᠨ᠂ ᠥᠷᠭᠡᠨ ᠣᠯᠠᠨ ᠰᠠᠭᠤᠭᠠᠯᠢ

ᠠᠷᠠᠳ᠂ ᠵᠡᠮᠳᠡᠭᠴᠦᠳ ᠢ ᠰᠠᠨᠠᠭᠠᠴᠢᠯᠠᠵᠤ᠂ ᠥᠪᠡᠷ ᠤᠨ ᠢᠶᠠᠨ ᠲᠥᠯᠥᠭᠡ᠂ ᠪᠠᠰᠠ ᠪᠤᠰᠤᠳ ᠤᠨ ᠡᠷᠡᠭᠦᠯ ᠮᠡᠨᠳᠦ

 ᠶᠢᠨ ᠲᠥᠯᠥᠭᠡ᠂ ᠵᠠᠰᠠᠭ ᠤᠨ ᠣᠷᠳᠣᠨ ᠤ 《 ᠲᠤᠬᠠᠶ ᠶᠢᠨ ᠭᠠᠵᠠᠷ ᠲᠠᠭᠠᠨ ᠰᠢᠨᠡᠯᠡᠬᠦ 》 ᠤᠷᠢᠶᠠᠯᠠᠭ᠎ᠠ ᠶᠢ

ᠢᠳᠡᠪᠬᠢᠲᠡᠶ ᠴᠤᠤᠷᠢᠶᠠᠲᠤᠨ ᠳᠠᠭᠠᠵᠤ᠂ ᠲᠣᠰ ᠭᠠᠵᠠᠷ ᠲᠠᠭᠠᠨ ᠦᠯᠡᠳᠡᠵᠦ ᠰᠢᠨᠡᠯᠡᠬᠦ ᠲᠣᠭᠲᠠᠭᠠᠯ ᠭᠠᠷᠭᠠᠵᠤ ᠴᠢᠳᠠᠨ᠎ᠠ

 ᠃

      ᠵᠡᠭᠡᠯᠢ ᠭᠤᠳᠤᠮᠵᠢ ᠶᠢᠨ ᠠᠵᠢᠯᠲᠠᠳ ᠣᠯᠠᠨ ᠢ ᠬᠥᠲᠥᠯᠥᠨ ᠵᠢᠯᠣᠭᠤᠳᠴᠤ ᠲᠤᠬᠠᠶ ᠶᠢᠨ ᠭᠠᠵᠠᠷ ᠲᠤᠨᠢ

ᠰᠢᠨᠡᠯᠡᠭᠦᠯᠬᠦ ᠶᠢᠨ ᠬᠠᠮᠲᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠠᠷᠭ᠎ᠠ ᠬᠡᠮᠵᠢᠶ᠎ᠡ

 ᠶᠢ ᠪᠣᠳᠠᠲᠠᠶ ᠨᠠᠷᠢᠯᠢᠭ ᠨᠠᠶᠢᠳᠠᠪᠤᠷᠢᠵᠢᠭᠤᠯᠵᠤ᠂ ᠬᠠᠷᠢᠶ᠎ᠠ ᠣᠷᠣᠨ ᠤ ᠵᠡᠮᠳᠡᠭᠴᠦᠳ ᠤᠨ ᠠᠵᠢᠯ ᠢ ᠰᠡᠳᠬᠢᠯ ᠳᠡᠯᠪᠢᠨ

ᠰᠠᠶᠢᠲᠤᠷ ᠬᠢᠵᠦ᠂ ᠬᠠᠯᠠᠮᠵᠢᠯᠠᠨ ᠬᠠᠶᠢᠷᠠᠯᠠᠬᠤ ᠵᠡᠷᠭᠡ ᠠᠵᠢᠯᠯᠠᠭ᠎ᠠ ᠥᠷᠨᠢᠭᠦᠯᠵᠦ᠂ ᠵᠡᠮᠳᠡᠭᠴᠦᠳ ᠤᠨ ᠪᠣᠳᠠᠲᠠᠶ

ᠬᠦᠴᠢᠷᠳᠡᠯ ᠪᠠ ᠰᠠᠨᠠᠭᠠᠰᠢᠷᠠᠯ ᠢ ᠦᠨᠡᠨ ᠬᠦ ᠰᠢᠶᠳᠪᠦᠷᠢᠯᠡᠨ᠎ᠡ  ᠃

 
ᠢᠷᠡᠯᠲᠡ᠄ ᠰᠢᠭᠤᠶᠢᠲᠤ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号