《 ᠴᠡᠷᠢᠭ ᠲᠤ ᠣᠷᠣᠵᠤ ᠤᠯᠤᠰ ᠲᠠᠭᠠᠨ ᠵᠢᠳᠬᠦᠬᠦ᠂ ᠵᠠᠯᠠᠭᠤ ᠨᠠᠰᠤ ᠪᠠᠨ ᠬᠥᠰᠡᠷᠳᠡᠭᠦᠯᠬᠦ ᠥᠬᠡᠶ 》 ᠰᠢᠭᠤᠶᠢᠲᠤ ᠵᠡᠭᠡᠯᠢ ᠭᠤᠳᠤᠮᠵᠢ ᠶᠢᠨ 2022 ᠣᠨ ᠤ ᠬᠠᠪᠤᠷ ᠤᠨ ᠤᠯᠠᠷᠢᠯ ᠤᠨ ᠴᠡᠷᠢᠭ ᠡᠯᠰᠡᠬᠦ ᠤᠬᠠᠭᠤᠯᠭ᠎ᠠ ᠶᠢᠨ ᠠᠵᠢᠯ  ᠢ ᠤᠬᠠᠭᠤᠯᠤᠨ᠎ᠠ
ᠨᠡᠶᠢᠲᠡᠯᠡᠭᠰᠡᠨ ᠴᠠᠭ᠄
2022/1/28
      2022 ᠣᠨ ᠤ ᠬᠠᠪᠤᠷ ᠤᠨ ᠤᠯᠠᠷᠢᠯ ᠤᠨ ᠴᠡᠷᠢᠭ ᠡᠯᠰᠡᠬᠦ ᠠᠵᠢᠯ ᠢ ᠦᠨᠡᠨ ᠬᠦ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠠᠷᠢᠶ᠎ᠠ ᠣᠷᠣᠨ ᠤ ᠵᠣᠬᠢᠬᠤ ᠨᠠᠰᠤᠨ ᠤ ᠵᠠᠯᠠᠭᠤᠴᠤᠳ ᠤᠨ ᠴᠡᠷᠢᠭ ᠲᠤ ᠣᠷᠣᠬᠤ ᠬᠠᠯᠠᠭᠤᠨ ᠰᠡᠳᠬᠢᠯᠭᠡ ᠶᠢ ᠬᠥᠭᠵᠢᠭᠡᠵᠦ᠂ ᠨᠠᠩ ᠣᠯᠠᠨ ᠵᠠᠯᠠᠭᠤᠴᠤᠳ ᠪᠠ ᠤᠶᠤᠲᠠᠳ ᠤᠨ ᠴᠡᠷᠢᠭ ᠲᠤ ᠣᠷᠣᠬᠤ ᠶᠢ ᠵᠣᠷᠢᠭᠵᠢᠭᠤᠯᠬᠤ ᠶᠢᠨ ᠲᠥᠯᠥᠭᠡ᠂ ᠣᠶᠢᠷ᠎ᠠ ᠳᠤ᠂ ᠰᠢᠭᠤᠶᠢᠲᠤ ᠵᠡᠭᠡᠯᠢ ᠭᠤᠳᠤᠮᠵᠢ 2022 ᠣᠨ ᠤ ᠬᠠᠪᠤᠷ ᠤᠨ ᠤᠯᠠᠷᠢᠯ ᠤᠨ ᠴᠡᠷᠢᠭ ᠡᠯᠰᠡᠬᠦ ᠤᠬᠠᠭᠤᠯᠭ᠎ᠠ ᠶᠢᠨ ᠠᠵᠢᠯ ᠢ ᠥᠷᠨᠢᠭᠦᠯᠪᠡ  ᠃

      ᠵᠡᠭᠡᠯᠢ ᠭᠤᠳᠤᠮᠵᠢ ᠨᠤᠭᠤᠳ 《 ᠰᠦᠯᠵᠢᠶᠡᠨ ᠳᠡᠭᠡᠷ᠎ᠡ + ᠰᠦᠯᠵᠢᠶᠡᠨ ᠭᠠᠳᠠᠨ᠎ᠠ 》 ᠪᠣᠰᠤᠭ᠎ᠠ

ᠴᠣᠭᠴᠠᠲᠤ ᠤᠬᠠᠭᠤᠯᠭ᠎ᠠ ᠶᠢᠨ ᠵᠠᠭᠪᠤᠷ ᠢ ᠬᠡᠷᠡᠭᠯᠡᠨ᠂ ᠸᠢᠴᠠᠲ ᠤᠨ ᠴᠤᠭᠯᠠᠷᠠᠯ᠂ ᠸᠢᠴᠠᠲ ᠤᠨ ᠣᠯᠠᠨ ᠨᠡᠶᠢᠲᠡ ᠶᠢᠨ

ᠳ᠋ᠤᠭᠠᠷ᠂ ᠡᠯᠧᠺᠲᠷᠣᠨ ᠳᠡᠯᠭᠡᠴᠡ᠂ ᠬᠥᠨᠳᠡᠯᠡᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠬᠤ

ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠥᠷᠭᠡᠨ ᠣᠯᠠᠨ ᠰᠠᠭᠤᠭᠠᠯᠢ ᠠᠷᠠᠳ ᠲᠤ ᠴᠡᠷᠢᠭ ᠡᠯᠰᠡᠬᠦ ᠦᠨᠳᠦᠰᠦᠨ

ᠨᠥᠬᠦᠴᠡᠯ᠂ ᠲᠥᠷᠥ ᠶᠢᠨ ᠪᠣᠳᠣᠯᠭ᠎ᠠ ᠵᠡᠷᠭᠡ ᠶᠢ ᠤᠬᠠᠭᠤᠯᠤᠨ᠎ᠠ  ᠃ ᠡᠭᠦᠨ ᠤ ᠬᠠᠮᠲᠤ ᠡᠷᠦᠬᠡ ᠳᠤ ᠣᠷᠣᠵᠤ

ᠰᠤᠷᠪᠤᠯᠵᠢᠯᠠᠬᠤ ᠪᠠᠷ ᠳᠡᠮᠵᠢᠨ᠂ ᠰᠤᠷᠬᠤ ᠨᠠᠰᠤᠨ ᠤ ᠵᠠᠯᠠᠭᠤᠴᠤᠳ ᠲᠠᠢ 《 ᠨᠢᠭᠡ ᠳᠤ ᠨᠢᠭᠡ ᠪᠠᠷ 》

ᠤᠬᠠᠭᠤᠯᠤᠨ ᠳᠠᠶᠢᠴᠢᠯᠠᠵᠤ᠂ ᠴᠡᠷᠢᠭ ᠡᠯᠰᠡᠬᠦ ᠲᠥᠷᠥ ᠶᠢᠨ ᠪᠣᠳᠣᠯᠭ᠎ᠠ ᠶᠢ ᠨᠢᠭᠤᠷᠲᠠᠨ ᠲᠠᠶᠢᠯᠪᠤᠷᠢᠯᠠᠵᠤ᠂ ᠪᠠᠶᠢᠳᠠᠯ ᠢ

ᠦᠨᠡᠨ ᠪᠣᠳᠠᠲᠠᠶ ᠪᠠᠷ ᠵᠠᠳᠠᠯᠵᠤ᠂ ᠲᠤᠬᠠᠶ ᠶᠢᠨ ᠲᠠᠯᠠᠪᠠᠶ ᠳᠤ ᠮᠠᠲᠠᠭ ᠲᠠᠢ ᠠᠰᠠᠭᠤᠳᠠᠯ ᠢ ᠲᠠᠶᠢᠯᠪᠤᠷᠢᠯᠠᠨ

ᠲᠠᠶᠢᠯᠪᠤᠷᠢᠯᠠᠵᠤ᠂ ᠰᠤᠷᠬᠤ ᠨᠠᠰᠤᠨ ᠤ ᠵᠠᠯᠠᠭᠤᠴᠤᠳ ᠤᠨ ᠨᠡᠷ᠎ᠡ ᠮᠡᠳᠡᠭᠦᠯᠬᠦ ᠢᠳᠡᠪᠬᠢᠵᠢᠯ ᠢ ᠬᠠᠮᠤᠭ ᠤᠨ ᠶᠡᠭᠡ

ᠬᠡᠮᠵᠢᠶ᠎ᠡ ᠪᠠᠷ ᠳᠡᠭᠡᠭᠰᠢᠯᠡᠭᠦᠯᠪᠡ  ᠃

      ᠲᠣᠰ ᠤᠳᠠᠭᠠᠨ ᠤ ᠴᠡᠷᠢᠭ ᠡᠯᠰᠡᠬᠦ ᠤᠬᠠᠭᠤᠯᠭ᠎ᠠ ᠪᠠᠷ ᠳᠠᠮᠵᠢᠭᠤᠯᠤᠨ᠂ ᠬᠠᠷᠢᠶ᠎ᠠ ᠣᠷᠣᠨ ᠳᠤ 《 ᠨᠢᠭᠡ

ᠬᠥᠮᠦᠨ ᠴᠡᠷᠢᠭ ᠪᠣᠯᠪᠠᠯ ᠪᠥᠬᠦ ᠬᠡᠷ ᠢᠶᠠᠷ ᠢᠶᠠᠨ ᠢᠷᠠᠭᠤ ᠠᠯᠳᠠᠷ ᠲᠠᠢ ᠪᠠᠶᠢᠬᠤ 》 ᠠᠭᠤᠷ ᠠᠮᠢᠰᠬᠤᠯ ᠢ ᠤᠯᠠᠮ

ᠨᠢᠭᠡ ᠠᠯᠬᠤᠮ ᠪᠣᠶ ᠪᠣᠯᠭᠠᠵᠤ᠂ ᠰᠠᠭᠤᠭᠠᠯᠢ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠵᠡᠯ

ᠤᠬᠠᠮᠰᠠᠷ ᠢ ᠲᠤᠶᠢᠯ ᠤᠨ ᠶᠡᠭᠡ ᠪᠠᠷ ᠴᠢᠩᠭᠠᠷᠠᠭᠤᠯᠵᠤ᠂ ᠵᠣᠬᠢᠬᠤ ᠨᠠᠰᠤᠨ ᠤ ᠵᠠᠯᠠᠭᠤᠴᠤᠳ ᠤᠨ ᠴᠡᠷᠢᠭ ᠲᠤ

ᠣᠷᠣᠬᠤ ᠪᠠᠷ ᠨᠡᠷ᠎ᠡ ᠮᠡᠳᠡᠭᠦᠯᠬᠦ᠂ ᠤᠯᠤᠰ ᠤᠨ ᠪᠠᠲᠤᠯᠠᠨ ᠬᠠᠮᠠᠭᠠᠯᠠᠯᠲᠠ ᠳᠤ ᠪᠡᠶ᠎ᠡ ᠪᠠᠨ ᠵᠣᠷᠢᠭᠤᠯᠬᠤ ᠤᠬᠠᠮᠰᠠᠷᠲᠤ

ᠴᠢᠨᠠᠷ ᠪᠠ ᠢᠳᠡᠪᠬᠢᠵᠢᠯ ᠢ ᠬᠥᠭᠵᠢᠭᠡᠵᠦ᠂ ᠣᠨ ᠤ ᠴᠡᠷᠢᠭ ᠡᠯᠰᠡᠬᠦ ᠡᠭᠦᠷᠭᠡ ᠶᠢ ᠥᠨᠳᠥᠷ ᠪᠠᠷᠢᠮᠵᠢᠶ᠎ᠠ ᠪᠠᠷ

ᠪᠡᠶᠡᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠶ  ᠃

 
ᠢᠷᠡᠯᠲᠡ᠄ ᠰᠢᠭᠤᠶᠢᠲᠤ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号