ᠠᠶᠤᠯᠭᠦᠶ ᠦᠶᠯᠡᠳᠪᠦᠷᠢᠯᠡᠯ ᠰᠢᠭᠤᠶᠢᠲᠤ ᠵᠡᠭᠡᠯᠢ ᠭᠤᠳᠤᠮᠵᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠶᠤᠯᠭᠦᠶ ᠦᠶᠯᠡᠳᠪᠦᠷᠢᠯᠡᠯ ᠤᠨ ᠶᠡᠭᠡ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2022/1/28
       ᠴᠠᠭᠠᠨ ᠰᠠᠷ᠎ᠠ ᠬᠦᠷᠴᠦ ᠢᠷᠡᠬᠦ ᠪᠠᠷ ᠪᠠᠶᠢᠨ᠎ᠠ᠂ ᠬᠥᠮᠦᠨ ᠬᠠᠷ᠎ᠠ ᠨᠡᠯᠢᠶᠡᠳ ᠣᠯᠠᠨ᠂ ᠴᠤᠭᠯᠠᠷᠠᠯ ᠤᠨ ᠴᠢᠨᠠᠷᠲᠠᠶ ᠠᠵᠢᠯᠯᠠᠭ᠎ᠠ ᠣᠯᠠᠰᠢᠷᠠᠵᠤ ᠪᠠᠶᠢᠨ᠎ᠠ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠶᠤᠯᠭᠦᠶ ᠦᠶᠯᠡᠳᠪᠦᠷᠢᠯᠡᠯ ᠤᠨ ᠠᠵᠢᠯ ᠢ ᠦᠨᠡᠨ ᠬᠦ ᠰᠠᠶᠢᠲᠤᠷ ᠬᠢᠬᠦ ᠶᠢᠨ ᠲᠥᠯᠥᠭᠡ᠂ ᠰᠢᠭᠤᠶᠢᠲᠤ ᠵᠡᠭᠡᠯᠢ ᠭᠤᠳᠤᠮᠵᠢ ᠶᠢᠨ ᠬᠢᠨ ᠲᠤᠤᠷᠴᠢᠯᠠᠭᠴᠢ ᠶᠢ ᠵᠣᠬᠢᠶᠠᠨ ᠪᠠᠶᠢᠭᠤᠯᠵᠤ ᠬᠠᠷᠢᠶᠠᠲᠤ ᠣᠷᠣᠨ ᠤ ᠬᠤᠳᠠᠯᠳᠤᠭᠠᠨ ᠤ ᠡᠷᠦᠬᠡ ᠳᠤ ᠭᠦᠨᠵᠡᠭᠡᠶᠢᠷᠡᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠶᠤᠯᠭᠦᠶ ᠦᠶᠯᠡᠳᠪᠦᠷᠢᠯᠡᠯ ᠤᠨ ᠶᠡᠭᠡ ᠪᠠᠶᠢᠴᠠᠭᠠᠯᠲᠠ ᠶᠢᠨ ᠠᠵᠢᠯᠯᠠᠭ᠎ᠠ ᠥᠷᠨᠢᠭᠦᠯᠪᠡ  ᠃

       ᠵᠢᠭᠰᠠᠭᠠᠨ ᠪᠠᠶᠢᠴᠠᠭᠠᠬᠤ ᠶᠠᠪᠤᠴᠠ ᠳᠤ᠂ ᠠᠵᠢᠯᠲᠠᠨ ᠠᠴᠠ ᠬᠤᠳᠠᠯᠳᠤᠭᠠᠨ ᠤ ᠡᠷᠦᠬᠡ ᠶᠢᠨ ᠭᠠᠯ

ᠤᠨᠲᠠᠷᠠᠭᠠᠬᠤ ᠪᠠᠭᠠᠵᠢ ᠬᠡᠷᠡᠭᠰᠡᠯ ᠨᠢ ᠡᠪᠳᠡᠭᠳᠡᠭᠰᠡᠨ ᠡᠰᠡᠬᠦ᠂ ᠬᠤᠭᠤᠴᠠᠭ᠎ᠠ ᠨᠢ ᠥᠩᠭᠡᠷᠡᠭᠰᠡᠨ ᠡᠰᠡᠬᠦ᠂ ᠠᠰᠠᠷ ᠤᠨ

ᠬᠤᠩᠭᠢᠯ ᠤᠨ ᠴᠠᠬᠢᠯᠭᠠᠨ ᠬᠥᠳᠡᠯᠭᠡᠭᠦᠷᠲᠦ ᠲᠡᠷᠭᠡ ᠴᠠᠬᠢᠯᠭᠠᠨ ᠤᠲᠠᠰᠤ ᠨᠢ ᠳᠤᠷ᠎ᠠ ᠪᠠᠷ ᠢᠶᠠᠨ ᠲᠠᠲᠠᠵᠤ

ᠵᠠᠯᠭᠠᠭᠳᠠᠭᠰᠠᠨ ᠡᠰᠡᠬᠦ ᠵᠡᠷᠭᠡ ᠪᠠᠶᠢᠳᠠᠯ ᠢ ᠭᠤᠤᠯᠳᠠᠯᠭ᠎ᠠ ᠲᠠᠢ ᠪᠠᠶᠢᠴᠠᠭᠠᠵᠤ᠂ ᠳᠡᠯᠭᠡᠭᠦᠷ ᠬᠤᠳᠠᠯᠳᠤᠭ᠎ᠠ ᠶᠢ

ᠰᠢᠮᠳᠠᠭᠤᠯᠵᠤ ᠪᠠᠶᠢᠭᠠᠳ ᠺᠣᠳ᠋ ᠰᠢᠷᠪᠢᠵᠦ ᠪᠡᠶ᠎ᠡ ᠶᠢᠨ ᠬᠠᠯᠠᠭᠤᠨ ᠢ ᠬᠡᠮᠵᠢᠬᠦ᠂ ᠠᠮᠠᠪᠴᠢ ᠵᠡᠭᠦᠬᠦ ᠪᠠ ᠠᠶᠤᠯ ᠥᠬᠡᠶ

ᠦᠶᠯᠡᠳᠪᠦᠷᠢᠯᠡᠬᠦ ᠵᠡᠷᠭᠡ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠶ  ᠃ ᠡᠭᠦᠨ ᠤ ᠬᠠᠮᠲᠤ᠂ ᠸᠢᠴᠠᠲ ᠤᠨ

ᠬᠤᠯᠪᠣᠭ᠎ᠠ᠂ ᠬᠤᠳᠠᠯᠳᠤᠭᠠᠨ ᠤ ᠡᠷᠦᠬᠡ ᠶᠢᠨ ᠬᠤᠯᠪᠣᠭ᠎ᠠ᠂ ᠵᠢᠵᠢᠭ ᠪᠦᠷᠢᠶ᠎ᠡ ᠵᠡᠷᠭᠡ 《 ᠰᠦᠯᠵᠢᠶᠡᠨ ᠳᠡᠭᠡᠷ᠎ᠡ +

ᠰᠦᠯᠵᠢᠶᠡᠨ ᠭᠠᠳᠠᠨ᠎ᠠ 》 ᠠᠷᠭ᠎ᠠ ᠬᠡᠯᠪᠡᠷᠢ ᠪᠠᠷ ᠳᠠᠮᠵᠢᠭᠤᠯᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ

ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠬᠤ ᠶᠢᠨ ᠬᠠᠮᠲᠤ ᠰᠠᠭᠤᠭᠠᠯᠢ ᠠᠷᠠᠳ ᠲᠤ ᠬᠡᠷ ᠪᠦᠯᠢ ᠶᠢᠨ ᠡᠷᠡᠭᠦᠯ

ᠬᠠᠮᠠᠭᠠᠯᠠᠯ ᠵᠢᠴᠢ ᠬᠤᠪᠢ ᠬᠥᠮᠦᠨ ᠤ ᠡᠷᠡᠭᠦᠯ ᠬᠠᠮᠠᠭᠠᠯᠠᠯ ᠢ ᠵᠠᠪᠠᠯ ᠠᠩᠬᠠᠷᠴᠤ᠂ ᠭᠠᠳᠠᠭᠰᠢ ᠳᠤᠲᠠᠭᠤ ᠭᠠᠷᠴᠤ᠂

ᠴᠥᠭᠡᠨ ᠴᠤᠭᠯᠠᠷᠠᠵᠤ᠂ ᠭᠠᠳᠠᠭᠰᠢ ᠭᠠᠷᠬᠤ ᠳᠤ ᠠᠮᠠᠪᠴᠢ ᠵᠡᠭᠦᠬᠦ ᠵᠡᠷᠭᠡ ᠬᠤᠪᠢ ᠬᠥᠮᠦᠨ ᠤ ᠰᠡᠷᠭᠡᠶᠢᠯᠡᠨ

ᠬᠠᠮᠠᠭᠠᠯᠠᠬᠤ ᠠᠷᠭ᠎ᠠ ᠬᠡᠮᠵᠢᠶ᠎ᠡ ᠶᠢ ᠡᠷᠬᠡᠪᠰᠢ ᠠᠩᠬᠠᠷᠬᠤ ᠬᠡᠷᠡᠭᠲᠡᠶ ᠭᠡᠵᠦ ᠵᠠᠬᠢᠪᠠ  ᠃

      ᠲᠣᠰ ᠤᠳᠠᠭᠠᠨ ᠤ ᠭᠠᠯ ᠰᠡᠷᠭᠡᠶᠢᠯᠡᠯᠲᠡ ᠶᠢᠨ ᠠᠮᠤᠷ ᠲᠦᠪᠰᠢᠨ ᠤ ᠪᠠᠶᠢᠴᠠᠭᠠᠯᠲᠠ ᠪᠠ ᠬᠢᠵᠢᠭ ᠤᠨ

ᠪᠠᠶᠢᠳᠠᠯ ᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠪᠠᠷ ᠳᠠᠮᠵᠢᠭᠤᠯᠤᠨ᠂ ᠨᠡᠶᠢᠭᠡᠮ ᠲᠣᠭᠤᠷᠢᠭ ᠲᠤ ᠣᠷᠣᠰᠢᠵᠤ ᠮᠡᠳᠡᠬᠦ

ᠠᠮᠤᠷ ᠲᠦᠪᠰᠢᠨ ᠤ ᠬᠡᠮ ᠰᠣᠭᠤᠭ ᠢ ᠬᠠᠮᠤᠭ ᠤᠨ ᠶᠡᠭᠡ ᠬᠡᠮᠵᠢᠶ᠎ᠡ ᠪᠠᠷ ᠠᠷᠢᠯᠭᠠᠵᠤ᠂ ᠬᠠᠷᠢᠶᠠᠲᠤ ᠣᠷᠣᠨ ᠤ

ᠰᠠᠭᠤᠭᠠᠯᠢ ᠠᠷᠠᠳ ᠤᠨ ᠠᠮᠤᠷ ᠲᠦᠪᠰᠢᠨ ᠤ ᠤᠬᠠᠮᠰᠠᠷ ᠢ ᠴᠢᠩᠭᠠᠳᠬᠠᠵᠤ᠂ ᠬᠠᠷᠢᠶᠠᠲᠤ ᠣᠷᠣᠨ ᠤ ᠰᠠᠭᠤᠭᠠᠯᠢ

ᠠᠷᠠᠳ ᠤᠨ ᠰᠡᠷᠭᠡᠶᠢᠯᠡᠨ ᠬᠠᠮᠠᠭᠠᠯᠠᠬᠤ ᠤᠬᠠᠮᠰᠠᠷ ᠢ ᠬᠦᠴᠦᠯᠡᠨ ᠳᠡᠭᠡᠭᠰᠢᠯᠡᠭᠦᠯᠵᠦ᠂ ᠬᠠᠷᠢᠶᠠᠲᠤ ᠣᠷᠣᠨ ᠤ

ᠰᠠᠭᠤᠭᠠᠯᠢ ᠠᠷᠠᠳ ᠤᠨ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠵᠤ᠂ ᠰᠠᠭᠤᠭᠠᠯᠢ

ᠠᠷᠠᠳ ᠢ ᠪᠠᠶᠠᠷ ᠬᠥᠷ ᠲᠠᠢ᠂ ᠥᠯᠵᠡᠶ ᠪᠡᠯᠭᠡ ᠲᠠᠢ᠂ ᠠᠮᠤᠷ ᠠᠮᠤᠭᠤᠯᠠᠩ ᠴᠠᠭᠠᠨ ᠰᠠᠷ᠎ᠠ ᠶᠢ ᠥᠩᠭᠡᠷᠡᠭᠦᠯᠬᠦ ᠬᠡᠷᠡᠭᠲᠡᠶ

ᠭᠡᠪᠡ  ᠃

 
ᠢᠷᠡᠯᠲᠡ᠄ ᠰᠢᠭᠤᠶᠢᠲᠤ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号