1 ᠰᠠᠷ᠎ᠠ ᠶᠢᠨ 17 ᠤ ᠡᠳᠦᠷ᠂ ᠰᠢᠭᠤᠶᠢᠲᠤ ᠵᠡᠭᠡᠯᠢ ᠭᠤᠳᠤᠮᠵᠢ ᠶᠢᠨ ᠰᠢᠨ ᠸᠠᠩ ᠨᠡᠶᠢᠭᠡᠮ ᠲᠣᠭᠤᠷᠢᠭ | ᠤᠨ ᠨᠠᠮ ᠤᠨ ᠡᠭᠦᠷ ᠨᠠᠮ ᠤᠨ ᠭᠡᠰᠢᠭᠦᠳ ᠤᠨ ᠶᠡᠭᠡ ᠬᠤᠷᠠᠯ ᠬᠤᠷᠠᠯᠳᠤᠭᠤᠯᠵᠤ ᠨᠠᠮ ᠤᠨ ᠬᠤᠷᠢᠳᠤᠭᠠᠷ ᠶᠡᠭᠡ | ᠬᠤᠷᠠᠯ ᠳᠤ ᠣᠷᠣᠯᠴᠠᠬᠤ ᠲᠥᠯᠥᠭᠡᠯᠡᠭᠴᠢ ᠪᠠᠷ ᠵᠢᠱᠢᠭᠳᠡᠭᠰᠡᠳ ᠢ ᠲᠠᠨᠢᠯᠴᠠᠭᠤᠯᠵᠤ᠂ ᠬᠤᠷᠠᠯ ᠢ ᠨᠠᠮ ᠤᠨ ᠡᠭᠦᠷ ᠤᠨ | ᠱᠦᠵᠢ ᠯᠢ ᠴᠢᠶᠣᠤ ᠮᠧᠶ ᠨᠥᠬᠦᠷ ᠡᠷᠭᠢᠯᠡᠪᠡ ᠃ | | | | | ᠨᠠᠮ ᠤᠨ ᠭᠡᠰᠢᠭᠦᠳ ᠤᠨ ᠶᠡᠭᠡ ᠬᠤᠷᠠᠯ ᠳᠡᠭᠡᠷ᠎ᠡ᠂ ᠨᠠᠮ ᠤᠨ ᠡᠭᠦᠷ ᠤᠨ ᠱᠦᠵᠢ ᠯᠢ ᠴᠢᠶᠣᠤ ᠮᠧᠶ ᠨᠠᠮ | ᠤᠨ ᠬᠤᠷᠢᠳᠤᠭᠠᠷ ᠶᠡᠭᠡ ᠬᠤᠷᠠᠯ ᠤᠨ ᠲᠥᠯᠥᠭᠡᠯᠡᠭᠴᠢ ᠶᠢ ᠲᠠᠨᠢᠯᠴᠠᠭᠤᠯᠬᠤ ᠠᠵᠢᠯ ᠤᠨ ᠳᠤᠮᠳᠠᠬᠢ ᠭᠤᠤᠯᠳᠠᠯᠭ᠎ᠠ ᠲᠠᠢ | ᠱᠠᠭᠠᠷᠳᠠᠯᠭ᠎ᠠ ᠶᠢ ᠤᠯᠠᠮᠵᠢᠯᠠᠵᠤ᠂ ᠲᠥᠯᠥᠭᠡᠯᠡᠭᠴᠢᠳ ᠤᠨ ᠪᠦᠷᠢᠯᠳᠦᠭᠦᠯᠦᠭᠰᠡᠨ ᠨᠥᠬᠦᠴᠡᠯ᠂ ᠲᠠᠨᠢᠯᠴᠠᠭᠤᠯᠵᠤ ᠨᠡᠷ᠎ᠡ | ᠳᠤᠷᠠᠳᠬᠤ ᠠᠷᠭ᠎ᠠ᠂ ᠤᠯᠤᠰ ᠲᠥᠷᠥ ᠶᠢᠨ ᠰᠠᠬᠢᠯᠭ᠎ᠠ ᠪᠠᠲᠤ ᠵᠡᠷᠭᠡ ᠠᠰᠠᠭᠤᠳᠠᠯ ᠤᠨ ᠲᠤᠬᠠᠶ ᠲᠣᠳᠣᠷᠬᠠᠶᠢᠯᠠᠯᠲᠠ | ᠬᠢᠵᠡᠶ ᠃ ᠪᠦᠬᠦ ᠨᠠᠮ ᠤᠨ ᠭᠡᠰᠢᠭᠦᠳ ᠲᠠᠨᠢᠯᠴᠠᠭᠤᠯᠬᠤ ᠫᠢᠶᠣᠣ ᠶᠢ ᠨᠠᠷᠢᠨ ᠬᠢᠨᠠᠮᠠᠭᠠᠢ ᠲᠠᠭᠯᠠᠵᠤ᠂ ᠪᠦᠬᠦᠶᠢᠯᠡ | ᠶᠠᠪᠤᠴᠠ ᠳᠤ ᠵᠢᠷᠤᠮ ᠢ ᠴᠢᠩᠳᠠᠯᠠᠨ᠂ ᠨᠠᠮ ᠤᠨ ᠳᠣᠲᠣᠭᠠᠳᠤ ᠶᠢᠨ ᠠᠷᠠᠳᠴᠢᠯᠠᠯ ᠢ ᠭᠦᠢᠴᠡᠳ ᠪᠠᠳᠠᠷᠠᠭᠤᠯᠵᠤ᠂ | ᠲᠥᠯᠥᠭᠡᠯᠡᠭᠴᠢᠳ ᠤᠨ ᠢᠲᠡᠭᠡᠯ ᠵᠣᠷᠢᠭ ᠡᠷᠡᠰ ᠪᠠᠲᠤ᠂ ᠤᠯᠤᠰ ᠲᠦᠷᠦ ᠪᠠᠲᠤ ᠴᠢᠩᠭ᠎ᠠ᠂ ᠠᠮᠵᠢᠯᠲᠠ ᠪᠦᠲᠦᠮᠵᠢ | ᠲᠤᠪᠤᠶᠢᠮ᠎ᠠ᠂ ᠣᠪᠣᠷ ᠰᠤᠷᠲᠠᠯ ᠰᠢᠯᠢᠳᠡᠭ ᠰᠠᠶᠢᠨ᠂ ᠨᠠᠮ ᠤᠨ ᠭᠡᠰᠢᠭᠦᠨ ᠤ ᠬᠦᠰᠡᠯ ᠰᠠᠨᠠᠭ᠎ᠠ ᠶᠢ ᠲᠥᠯᠥᠭᠡᠯᠡᠵᠦ | ᠲᠤᠰᠬᠠᠵᠤ ᠴᠢᠳᠠᠬᠤ ᠶᠢ ᠦᠨᠡᠨ ᠬᠦ ᠪᠠᠲᠤᠯᠠᠪᠠ ᠃ | | | | | ᠡᠨᠡ ᠤᠳᠠᠭᠠᠨ ᠤ ᠶᠡᠭᠡ ᠬᠤᠷᠠᠯ ᠨᠢ ᠨᠠᠮ ᠤᠨ ᠬᠤᠷᠢᠳᠤᠭᠠᠷ ᠶᠡᠭᠡ ᠬᠤᠷᠠᠯ ᠪᠣᠯ ᠨᠠᠮ ᠪᠠ ᠲᠦᠷᠦ ᠶᠢᠨ | ᠤᠯᠤᠰ ᠲᠦᠷᠦ ᠶᠢᠨ ᠠᠮᠢᠳᠤᠷᠠᠯ ᠳᠠᠬᠢ ᠨᠢᠭᠡᠨ ᠶᠡᠭᠡ ᠶᠠᠪᠤᠳᠠᠯ ᠮᠥᠨ᠂ ᠵᠢᠱᠢᠭᠳᠡᠭᠰᠡᠳ ᠢ ᠲᠠᠨᠢᠯᠴᠠᠭᠤᠯᠬᠤ ᠠᠵᠢᠯ | ᠪᠣᠯ ᠴᠢᠬᠤᠯᠠ ᠶᠡᠭᠡ ᠠᠴᠢ ᠬᠤᠯᠪᠣᠭᠳᠠᠯ ᠲᠠᠢ᠂ ᠢᠷᠠᠭᠤ ᠠᠯᠳᠠᠷᠲᠠᠢ ᠡᠭᠦᠷᠭᠡ ᠮᠥᠨ ᠭᠡᠳᠡᠭ ᠢ ᠪᠦᠬᠦ ᠨᠠᠮ ᠤᠨ | ᠭᠡᠰᠢᠭᠦᠳ ᠲᠤ ᠮᠡᠳᠡᠷᠡᠭᠦᠯᠪᠡ ᠃ ᠬᠤᠷᠠᠯ ᠳᠤ ᠣᠷᠣᠯᠴᠠᠭᠰᠠᠨ ᠨᠠᠮ ᠤᠨ ᠭᠡᠰᠢᠭᠦᠳ᠂ ᠯᠠᠪᠲᠠᠢ ᠲᠤᠰ ᠤᠳᠠᠭ᠎ᠠ ᠶᠢᠨ | ᠶᠡᠭᠡ ᠬᠤᠷᠠᠯ ᠢᠶᠠᠷ ᠬᠥᠳᠡᠯᠭᠡᠬᠦ ᠬᠦᠴᠦᠨ ᠪᠣᠯᠭᠠᠵᠤ᠂ ᠬᠤᠶᠢᠰᠢᠳᠠ ᠶᠢᠨ ᠠᠵᠢᠯ᠂ ᠠᠮᠢᠳᠤᠷᠠᠯ ᠳᠤᠮᠳᠠ ᠪᠠᠨ ᠥᠨᠳᠥᠷ | ᠪᠠᠷᠢᠮᠵᠢᠶ᠎ᠠ ᠪᠠᠷ ᠥᠪᠡᠷ ᠢ ᠪᠠᠨ ᠴᠢᠩᠭ᠎ᠠ ᠱᠠᠭᠠᠷᠳᠠᠵᠤ᠂ 《 ᠬᠤᠶᠠᠷ ᠢ ᠲᠣᠭᠲᠠᠭᠠᠬᠤ 》 ᠶᠢ ᠲᠦᠷᠦᠭᠦᠯᠡᠨ | ᠪᠠᠷᠢᠮᠲᠠᠯᠠᠨ ᠬᠠᠮᠠᠭᠠᠯᠠᠵᠤ᠂ 《 ᠲᠦᠷᠪᠡᠨ ᠤᠬᠠᠮᠰᠠᠷ 》 ᠢᠶᠠᠨ ᠦᠨᠡᠨ ᠬᠦ ᠴᠢᠩᠭᠠᠳᠬᠠᠵᠤ᠂ 《 ᠲᠦᠷᠪᠡᠨ | ᠢᠲᠡᠭᠡᠯ 》 ᠢᠶᠠᠨ ᠪᠠᠲᠤᠳᠬᠠᠵᠤ᠂ 《 ᠬᠤᠶᠠᠷ ᠢ ᠬᠠᠮᠠᠭᠠᠯᠠᠬᠤ 》 ᠶᠢ ᠪᠡᠶᠡᠯᠡᠭᠦᠯᠵᠦ᠂ ᠪᠣᠳᠠᠲᠤ ᠠᠵᠢᠯᠯᠠᠭ᠎ᠠ ᠪᠠᠷ | ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠨ᠎ᠠ ᠭᠡᠵᠦ | ᠢᠯᠡᠳᠬᠡᠵᠡᠭᠡᠪᠡ︕ | |