ᠬᠤᠷᠠᠯ ᠳᠡᠭᠡᠷ᠎ᠡ ᠰᠢᠭᠤᠶᠢᠲᠤ ᠵᠡᠭᠡᠯᠢ ᠭᠤᠳᠤᠮᠵᠢ ᠶᠢᠨ ᠰᠢᠨ ᠸᠠᠩ ᠨᠡᠶᠢᠭᠡᠮ ᠲᠣᠭᠤᠷᠢᠭ ᠤᠨ ᠨᠠᠮ ᠤᠨ ᠡᠭᠦᠷ ᠨᠠᠮ ᠤᠨ ᠭᠡᠰᠢᠭᠦᠳ ᠤᠨ ᠶᠡᠭᠡ ᠬᠤᠷᠠᠯ ᠬᠤᠷᠠᠯᠳᠤᠭᠤᠯᠵᠤ ᠨᠠᠮ ᠤᠨ ᠬᠤᠷᠢᠳᠤᠭᠠᠷ ᠶᠡᠭᠡ ᠬᠤᠷᠠᠯ ᠳᠤ ᠣᠷᠣᠯᠴᠠᠬᠤ ᠲᠥᠯᠥᠭᠡᠯᠡᠭᠴᠢ ᠪᠠᠷ ᠵᠢᠱᠢᠭᠳᠡᠭᠰᠡᠳ ᠢ ᠲᠠᠨᠢᠯᠴᠠᠭᠤᠯᠪᠠ
ᠨᠡᠶᠢᠲᠡᠯᠡᠭᠰᠡᠨ ᠴᠠᠭ᠄
2022/1/28
      1 ᠰᠠᠷ᠎ᠠ ᠶᠢᠨ 17 ᠤ ᠡᠳᠦᠷ᠂ ᠰᠢᠭᠤᠶᠢᠲᠤ ᠵᠡᠭᠡᠯᠢ ᠭᠤᠳᠤᠮᠵᠢ ᠶᠢᠨ ᠰᠢᠨ ᠸᠠᠩ ᠨᠡᠶᠢᠭᠡᠮ ᠲᠣᠭᠤᠷᠢᠭ  ᠤᠨ ᠨᠠᠮ ᠤᠨ ᠡᠭᠦᠷ ᠨᠠᠮ ᠤᠨ ᠭᠡᠰᠢᠭᠦᠳ ᠤᠨ ᠶᠡᠭᠡ ᠬᠤᠷᠠᠯ ᠬᠤᠷᠠᠯᠳᠤᠭᠤᠯᠵᠤ ᠨᠠᠮ ᠤᠨ ᠬᠤᠷᠢᠳᠤᠭᠠᠷ ᠶᠡᠭᠡ ᠬᠤᠷᠠᠯ ᠳᠤ ᠣᠷᠣᠯᠴᠠᠬᠤ ᠲᠥᠯᠥᠭᠡᠯᠡᠭᠴᠢ ᠪᠠᠷ ᠵᠢᠱᠢᠭᠳᠡᠭᠰᠡᠳ ᠢ ᠲᠠᠨᠢᠯᠴᠠᠭᠤᠯᠵᠤ᠂ ᠬᠤᠷᠠᠯ ᠢ ᠨᠠᠮ ᠤᠨ ᠡᠭᠦᠷ ᠤᠨ ᠱᠦᠵᠢ ᠯᠢ ᠴᠢᠶᠣᠤ ᠮᠧᠶ ᠨᠥᠬᠦᠷ ᠡᠷᠭᠢᠯᠡᠪᠡ  ᠃

      ᠨᠠᠮ ᠤᠨ ᠭᠡᠰᠢᠭᠦᠳ ᠤᠨ ᠶᠡᠭᠡ ᠬᠤᠷᠠᠯ ᠳᠡᠭᠡᠷ᠎ᠡ᠂ ᠨᠠᠮ ᠤᠨ ᠡᠭᠦᠷ ᠤᠨ ᠱᠦᠵᠢ ᠯᠢ ᠴᠢᠶᠣᠤ ᠮᠧᠶ ᠨᠠᠮ

 ᠤᠨ ᠬᠤᠷᠢᠳᠤᠭᠠᠷ ᠶᠡᠭᠡ ᠬᠤᠷᠠᠯ ᠤᠨ ᠲᠥᠯᠥᠭᠡᠯᠡᠭᠴᠢ ᠶᠢ ᠲᠠᠨᠢᠯᠴᠠᠭᠤᠯᠬᠤ ᠠᠵᠢᠯ ᠤᠨ ᠳᠤᠮᠳᠠᠬᠢ ᠭᠤᠤᠯᠳᠠᠯᠭ᠎ᠠ ᠲᠠᠢ

ᠱᠠᠭᠠᠷᠳᠠᠯᠭ᠎ᠠ ᠶᠢ ᠤᠯᠠᠮᠵᠢᠯᠠᠵᠤ᠂ ᠲᠥᠯᠥᠭᠡᠯᠡᠭᠴᠢᠳ ᠤᠨ ᠪᠦᠷᠢᠯᠳᠦᠭᠦᠯᠦᠭᠰᠡᠨ ᠨᠥᠬᠦᠴᠡᠯ᠂ ᠲᠠᠨᠢᠯᠴᠠᠭᠤᠯᠵᠤ ᠨᠡᠷ᠎ᠡ

ᠳᠤᠷᠠᠳᠬᠤ ᠠᠷᠭ᠎ᠠ᠂ ᠤᠯᠤᠰ ᠲᠥᠷᠥ ᠶᠢᠨ ᠰᠠᠬᠢᠯᠭ᠎ᠠ ᠪᠠᠲᠤ ᠵᠡᠷᠭᠡ ᠠᠰᠠᠭᠤᠳᠠᠯ ᠤᠨ ᠲᠤᠬᠠᠶ ᠲᠣᠳᠣᠷᠬᠠᠶᠢᠯᠠᠯᠲᠠ

ᠬᠢᠵᠡᠶ  ᠃ ᠪᠦᠬᠦ ᠨᠠᠮ ᠤᠨ ᠭᠡᠰᠢᠭᠦᠳ ᠲᠠᠨᠢᠯᠴᠠᠭᠤᠯᠬᠤ ᠫᠢᠶᠣᠣ ᠶᠢ ᠨᠠᠷᠢᠨ ᠬᠢᠨᠠᠮᠠᠭᠠᠢ ᠲᠠᠭᠯᠠᠵᠤ᠂ ᠪᠦᠬᠦᠶᠢᠯᠡ

ᠶᠠᠪᠤᠴᠠ ᠳᠤ ᠵᠢᠷᠤᠮ ᠢ ᠴᠢᠩᠳᠠᠯᠠᠨ᠂ ᠨᠠᠮ ᠤᠨ ᠳᠣᠲᠣᠭᠠᠳᠤ ᠶᠢᠨ ᠠᠷᠠᠳᠴᠢᠯᠠᠯ ᠢ ᠭᠦᠢᠴᠡᠳ ᠪᠠᠳᠠᠷᠠᠭᠤᠯᠵᠤ᠂

ᠲᠥᠯᠥᠭᠡᠯᠡᠭᠴᠢᠳ ᠤᠨ ᠢᠲᠡᠭᠡᠯ ᠵᠣᠷᠢᠭ ᠡᠷᠡᠰ ᠪᠠᠲᠤ᠂ ᠤᠯᠤᠰ ᠲᠦᠷᠦ ᠪᠠᠲᠤ ᠴᠢᠩᠭ᠎ᠠ᠂ ᠠᠮᠵᠢᠯᠲᠠ ᠪᠦᠲᠦᠮᠵᠢ

ᠲᠤᠪᠤᠶᠢᠮ᠎ᠠ᠂ ᠣᠪᠣᠷ ᠰᠤᠷᠲᠠᠯ ᠰᠢᠯᠢᠳᠡᠭ ᠰᠠᠶᠢᠨ᠂ ᠨᠠᠮ ᠤᠨ ᠭᠡᠰᠢᠭᠦᠨ ᠤ ᠬᠦᠰᠡᠯ ᠰᠠᠨᠠᠭ᠎ᠠ ᠶᠢ ᠲᠥᠯᠥᠭᠡᠯᠡᠵᠦ

ᠲᠤᠰᠬᠠᠵᠤ ᠴᠢᠳᠠᠬᠤ ᠶᠢ ᠦᠨᠡᠨ ᠬᠦ ᠪᠠᠲᠤᠯᠠᠪᠠ  ᠃

      ᠡᠨᠡ ᠤᠳᠠᠭᠠᠨ ᠤ ᠶᠡᠭᠡ ᠬᠤᠷᠠᠯ ᠨᠢ ᠨᠠᠮ ᠤᠨ ᠬᠤᠷᠢᠳᠤᠭᠠᠷ ᠶᠡᠭᠡ ᠬᠤᠷᠠᠯ ᠪᠣᠯ ᠨᠠᠮ ᠪᠠ ᠲᠦᠷᠦ ᠶᠢᠨ

ᠤᠯᠤᠰ ᠲᠦᠷᠦ ᠶᠢᠨ ᠠᠮᠢᠳᠤᠷᠠᠯ ᠳᠠᠬᠢ ᠨᠢᠭᠡᠨ ᠶᠡᠭᠡ ᠶᠠᠪᠤᠳᠠᠯ ᠮᠥᠨ᠂ ᠵᠢᠱᠢᠭᠳᠡᠭᠰᠡᠳ ᠢ ᠲᠠᠨᠢᠯᠴᠠᠭᠤᠯᠬᠤ ᠠᠵᠢᠯ

ᠪᠣᠯ ᠴᠢᠬᠤᠯᠠ ᠶᠡᠭᠡ ᠠᠴᠢ ᠬᠤᠯᠪᠣᠭᠳᠠᠯ ᠲᠠᠢ᠂ ᠢᠷᠠᠭᠤ ᠠᠯᠳᠠᠷᠲᠠᠢ ᠡᠭᠦᠷᠭᠡ ᠮᠥᠨ ᠭᠡᠳᠡᠭ ᠢ ᠪᠦᠬᠦ ᠨᠠᠮ ᠤᠨ

ᠭᠡᠰᠢᠭᠦᠳ ᠲᠤ ᠮᠡᠳᠡᠷᠡᠭᠦᠯᠪᠡ  ᠃ ᠬᠤᠷᠠᠯ ᠳᠤ ᠣᠷᠣᠯᠴᠠᠭᠰᠠᠨ ᠨᠠᠮ ᠤᠨ ᠭᠡᠰᠢᠭᠦᠳ᠂ ᠯᠠᠪᠲᠠᠢ ᠲᠤᠰ ᠤᠳᠠᠭ᠎ᠠ ᠶᠢᠨ

ᠶᠡᠭᠡ ᠬᠤᠷᠠᠯ ᠢᠶᠠᠷ ᠬᠥᠳᠡᠯᠭᠡᠬᠦ ᠬᠦᠴᠦᠨ ᠪᠣᠯᠭᠠᠵᠤ᠂ ᠬᠤᠶᠢᠰᠢᠳᠠ ᠶᠢᠨ ᠠᠵᠢᠯ᠂ ᠠᠮᠢᠳᠤᠷᠠᠯ ᠳᠤᠮᠳᠠ ᠪᠠᠨ ᠥᠨᠳᠥᠷ

ᠪᠠᠷᠢᠮᠵᠢᠶ᠎ᠠ ᠪᠠᠷ ᠥᠪᠡᠷ ᠢ ᠪᠠᠨ ᠴᠢᠩᠭ᠎ᠠ ᠱᠠᠭᠠᠷᠳᠠᠵᠤ᠂ 《 ᠬᠤᠶᠠᠷ ᠢ ᠲᠣᠭᠲᠠᠭᠠᠬᠤ 》 ᠶᠢ ᠲᠦᠷᠦᠭᠦᠯᠡᠨ

ᠪᠠᠷᠢᠮᠲᠠᠯᠠᠨ ᠬᠠᠮᠠᠭᠠᠯᠠᠵᠤ᠂ 《 ᠲᠦᠷᠪᠡᠨ ᠤᠬᠠᠮᠰᠠᠷ 》 ᠢᠶᠠᠨ ᠦᠨᠡᠨ ᠬᠦ ᠴᠢᠩᠭᠠᠳᠬᠠᠵᠤ᠂ 《 ᠲᠦᠷᠪᠡᠨ

ᠢᠲᠡᠭᠡᠯ 》 ᠢᠶᠠᠨ ᠪᠠᠲᠤᠳᠬᠠᠵᠤ᠂ 《 ᠬᠤᠶᠠᠷ ᠢ ᠬᠠᠮᠠᠭᠠᠯᠠᠬᠤ 》 ᠶᠢ ᠪᠡᠶᠡᠯᠡᠭᠦᠯᠵᠦ᠂ ᠪᠣᠳᠠᠲᠤ ᠠᠵᠢᠯᠯᠠᠭ᠎ᠠ ᠪᠠᠷ

 ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠨ᠎ᠠ ᠭᠡᠵᠦ

ᠢᠯᠡᠳᠬᠡᠵᠡᠭᠡᠪᠡ︕

 
ᠢᠷᠡᠯᠲᠡ᠄ ᠰᠢᠭᠤᠶᠢᠲᠤ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号