ᠬᠥᠳᠡᠯᠭᠡᠭᠡᠨ ᠲᠣᠭᠤᠷᠢᠭ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ ᠰᠢᠭᠤᠶᠢᠲᠤ ᠵᠡᠭᠡᠯᠢ ᠭᠤᠳᠤᠮᠵᠢ  ᠳᠤ ᠬᠦᠷᠴᠦ ᠬᠤᠣᠰ ᠤᠶᠠᠩᠭ᠎ᠠ ᠬᠦᠷᠭᠡᠨ᠎ᠡ
ᠨᠡᠶᠢᠲᠡᠯᠡᠭᠰᠡᠨ ᠴᠠᠭ᠄
2022/1/28
     《 ᠬᠤᠯᠪᠣᠭ᠎ᠠ ᠦᠭᠡᠢ ᠪᠣᠯ ᠬᠠᠪᠤᠷ ᠪᠣᠯᠬᠤ ᠦᠭᠡᠢ᠂ ᠬᠤᠯᠪᠣᠭ᠎ᠠ ᠦᠭᠡᠢ ᠪᠣᠯ ᠬᠠᠪᠤᠷ ᠪᠣᠯᠬᠤ ᠦᠭᠡᠢ 》  ᠃ ᠴᠠᠭᠠᠨ ᠰᠠᠷ᠎ᠠ ᠶᠢᠨ ᠶᠣᠰᠣᠯᠠᠯ ᠤᠨ ᠰᠡᠳᠬᠢᠯᠭᠡ ᠴᠠᠭᠠᠨ ᠰᠠᠷ᠎ᠠ ᠶᠢᠨ ᠬᠤᠣᠰ ᠤᠶᠠᠩᠭ᠎ᠠ ᠠᠴᠠ ᠡᠬᠢᠯᠡᠵᠦ᠂ ᠤᠯᠠᠭᠠᠨ ᠴᠠᠭᠠᠰᠤᠨ ᠳᠡᠭᠡᠷ᠎ᠡ ᠬᠠᠷ᠎ᠠ ᠦᠰᠦᠭ ᠪᠢᠴᠢᠵᠦ᠂ ᠪᠢᠷ ᠪᠡᠭᠡ ᠪᠠᠷ ᠪᠤᠳᠤᠭᠯᠠᠨ᠂ ᠪᠢᠴᠢᠭ ᠪᠢᠴᠢᠬᠦ ᠴᠠᠭ ᠮᠥᠴᠡ ᠠᠭᠠᠵᠢᠮ ᠢᠶᠠᠷ ᠥᠩᠭᠡᠷᠡᠵᠦ᠂ ᠬᠠᠯᠠᠭᠤᠨ ᠳᠤᠯᠠᠭᠠᠨ ᠵᠥᠩᠨᠡᠯ ᠢ ᠳᠠᠮᠵᠢᠭᠤᠯᠪᠠ  ᠃ 1 ᠰᠠᠷ᠎ᠠ ᠶᠢᠨ 13 ᠤ ᠡᠳᠦᠷ᠂ ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠢᠶᠠᠷ᠂ ᠥᠪᠡᠷᠲᠡᠭᠡᠨ ᠵᠠᠰᠠᠬᠤ ᠣᠷᠣᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ ᠮᠠᠨ ᠤ ᠣᠷᠣᠨ ᠤ ᠤᠷᠠᠨ ᠪᠢᠴᠢᠯᠭᠡ ᠳᠤ ᠪᠠᠭ᠋ᠠᠲᠠᠢ ᠬᠥᠮᠦᠰ ᠢ ᠵᠣᠬᠢᠶᠠᠨ ᠪᠠᠶᠢᠭᠤᠯᠵᠤ᠂ ᠰᠢᠭᠤᠶᠢᠲᠤ ᠵᠡᠭᠡᠯᠢ ᠭᠤᠳᠤᠮᠵᠢ ᠳᠤ 《 ᠬᠤᠣᠰ ᠤᠶᠠᠩᠭ᠎ᠠ ᠬᠦᠷᠭᠡᠵᠦ᠂ ᠯᠣᠣ ᠭᠠᠷᠤᠳᠢ ᠪᠥᠵᠢᠭᠯᠡᠵᠦ ᠴᠠᠭᠠᠨ ᠰᠠᠷ᠎ᠠ ᠶᠢ ᠤᠭᠲᠤᠬᠤ 》 ᠭᠤᠣᠯ ᠰᠡᠳᠦᠪᠲᠦ ᠠᠵᠢᠯᠯᠠᠭ᠎ᠠ ᠥᠷᠨᠢᠭᠦᠯᠵᠦ᠂ ᠬᠠᠷᠢᠶ᠎ᠠ ᠣᠷᠣᠨ ᠤ ᠰᠠᠭᠤᠭᠠᠯᠢ ᠠᠷᠠᠳ ᠲᠤ ᠴᠠᠭᠠᠨ ᠰᠠᠷ᠎ᠠ ᠶᠢᠨ ᠬᠤᠣᠰ ᠤᠶᠠᠩᠭ᠎ᠠ ᠪᠣᠯᠤᠨ ᠪᠤᠶᠠᠨ ᠬᠡᠰᠢᠭ ᠢ ᠦᠨ᠎ᠡ ᠲᠥᠯᠥᠪᠦᠷᠢ ᠦᠭᠡᠢ ᠪᠠᠷ ᠪᠢᠴᠢᠭᠯᠡᠵᠦ᠂ ᠴᠠᠭᠠᠨ ᠰᠠᠷ᠎ᠠ ᠶᠢᠨ ᠰᠠᠶᠢᠨ ᠰᠠᠶᠢᠬᠠᠨ ᠵᠥᠩᠨᠡᠯ ᠳᠡᠪᠰᠢᠭᠦᠯᠵᠦ᠂ ᠪᠠᠶᠠᠷ ᠬᠦᠷ ᠲᠠᠢ ᠡᠶ᠎ᠡ ᠵᠣᠬᠢᠴᠠᠩᠭᠤᠢ᠂ ᠪᠣᠯᠪᠠᠰᠤᠨ ᠡᠶ᠎ᠡ ᠵᠣᠬᠢᠴᠠᠩᠭᠤᠢ ᠪᠠᠷ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠤᠢ ᠪᠣᠯᠭᠠᠪᠠ  ᠃

      ᠬᠥᠳᠡᠯᠭᠡᠭᠡᠨ ᠵᠡᠭᠡᠯᠢ ᠭᠤᠳᠤᠮᠵᠢ ᠶᠢᠨ ᠺᠯᠦ᠋ᠪ ᠲᠤ ᠶᠠᠪᠤᠭᠳᠠᠨ᠎ᠠ  ᠃ ᠥᠪᠡᠷᠲᠡᠭᠡᠨ ᠵᠠᠰᠠᠬᠤ ᠣᠷᠣᠨ ᠤ

ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠲᠡᠷᠢᠭᠦᠯᠡᠭᠴᠢ 8 ᠰᠢᠯᠢᠳᠡᠭ ᠤᠷᠠᠨ ᠪᠢᠴᠢᠯᠭᠡ ᠳᠤ ᠪᠠᠭ᠋ᠠᠲᠠᠢ

ᠬᠥᠮᠦᠰ ᠢ ᠳᠠᠭᠠᠭᠤᠯᠤᠨ᠂ ᠬᠤᠪᠢᠰᠬᠠᠯ ᠤᠨ ᠡᠷᠲᠡ ᠴᠢᠯᠥᠭᠡᠯᠡᠭᠳᠡᠭᠰᠡᠨ ᠣᠷᠣᠨ ᠤ ᠰᠠᠭᠤᠭᠠᠯᠢ ᠠᠷᠠᠳ ᠲᠤ ᠭᠦᠨ

ᠵᠥᠩᠨᠡᠯ ᠳᠡᠪᠰᠢᠭᠦᠯᠵᠦ᠂ ᠠᠯᠢ ᠡᠷᠲᠡ ᠬᠦᠯᠢᠶᠡᠵᠦ ᠶᠠᠳᠠᠨ ᠲᠤᠬᠠᠢ ᠶᠢᠨ ᠲᠠᠯᠠᠪᠠᠢ ᠳᠤ ᠬᠦᠷᠴᠦ᠂ ᠬᠤᠣᠰ ᠤᠶᠠᠩᠭ᠎ᠠ

 ᠪᠠᠨ ᠤᠷᠢᠳᠴᠢᠯᠠᠨ ᠪᠢᠴᠢᠪᠡ  ᠃ ᠢᠷᠠᠭᠤ ᠰᠠᠶᠢᠬᠠᠨ ᠳᠠᠭᠤᠤ ᠬᠥᠭᠵᠢᠮ ᠢ ᠳᠠᠭᠠᠯᠳᠤᠨ᠂ ᠤᠷᠠᠨ ᠪᠢᠴᠢᠯᠭᠡ ᠶᠢᠨ

ᠪᠠᠭᠰᠢ ᠨᠠᠷ ᠤᠷᠠᠨ ᠪᠢᠴᠢᠯᠭᠡ ᠶᠢᠨ ᠲᠢᠭ ᠨᠢ ᠠᠳᠠᠯᠢ ᠥᠬᠡᠶ ᠪᠣᠯᠵᠣ᠂ ᠲᠣᠰ ᠲᠣᠰ ᠤᠨ ᠴᠤᠭ ᠵᠢᠪᠬᠤᠭ᠎ᠠ ᠪᠠᠨ

ᠢᠯᠡᠷᠡᠭᠦᠯᠵᠦ᠄ 《 ᠠᠭᠤᠯᠠ ᠤᠰᠤᠨ ᠤ ᠥᠩᠭᠡ ᠦᠵᠡᠮᠵᠢ ᠤᠷᠢᠬᠠᠨ ᠬᠠᠪᠤᠷ ᠲᠤᠷ᠂ ᠴᠡᠴᠡᠭ ᠴᠡᠴᠡᠭ ᠤᠨ

ᠠᠩᠬᠢᠯᠤᠮ᠎ᠠ ᠦᠨᠦᠷ ᠰᠢᠪᠠᠭᠤ ᠵᠢᠷᠭᠢᠨ ᠶᠢᠰᠦᠨ ᠵᠧᠦ ᠳ᠋ᠦᠷ ᠪᠠᠶᠠᠰᠤᠮᠤᠶ 》᠂ 《 ᠭᠤᠷᠪᠠᠨ ᠬᠠᠪᠤᠷ ᠢ ᠬᠠᠮᠲᠤ

ᠥᠩᠭᠡᠷᠡᠭᠦᠯᠵᠦ᠂ ᠤᠳᠠ ᠤᠯᠢᠶᠠᠰᠤ ᠰᠠᠯᠠᠭ᠎ᠠ ᠨᠠᠮᠠᠭ᠎ᠠ ᠪᠠᠨ ᠳᠡᠯᠭᠡᠵᠦ ᠤᠷᠢᠬᠠᠨ ᠰᠠᠯᠬᠢᠨ᠎ᠠ 》 ᠭᠡᠬᠦ ᠬᠤᠷᠴᠠ

ᠲᠣᠳᠣ ᠬᠤᠤᠰ ᠤᠶᠠᠩᠭ᠎ᠠ ᠶᠢᠨ ᠪᠢᠴᠢᠭᠡᠰᠦ ᠶᠢᠨ ᠳᠣᠤᠷ᠎ᠠ ᠮᠡᠨᠳᠦᠯᠡᠪᠡ  ᠃ ᠵᠡᠭᠡᠯᠢ ᠭᠤᠳᠤᠮᠵᠢ ᠶᠢᠨ ᠠᠵᠢᠯᠲᠠᠳ

ᠬᠤᠤᠰ ᠤᠶᠠᠩᠭ᠎ᠠ ᠶᠢᠨ ᠴᠠᠭᠠᠰᠤ ᠳᠠᠷᠤᠬᠤ᠂ ᠬᠤᠤᠰ ᠤᠶᠠᠩᠭ᠎ᠠ ᠡᠯᠭᠦᠬᠦ᠂ ᠬᠤᠤᠰ ᠤᠶᠠᠩᠭ᠎ᠠ ᠬᠦᠷᠭᠡᠬᠦ ᠪᠠᠷ

ᠶᠠᠭᠠᠷᠠᠵᠤ᠂ ᠰᠠᠭᠤᠭᠠᠯᠢ ᠠᠷᠠᠳ ᠪᠠᠭᠰᠢ ᠨᠠᠷ ᠢᠶᠠᠨ ᠲᠣᠭᠤᠷᠢᠨ ᠬᠤᠤᠰ ᠤᠶᠠᠩᠭ᠎ᠠ ᠶᠢᠨ ᠪᠢᠴᠢᠯᠭᠡ ᠶᠢᠨ ᠶᠠᠪᠤᠴᠠ ᠶᠢ

ᠰᠣᠨᠢᠷᠬᠠᠵᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠴᠠᠭᠠᠨ ᠰᠠᠷ᠎ᠠ ᠶᠢᠨ ᠠᠭᠤᠷ ᠠᠮᠢᠰᠬᠤᠯ ᠢ

ᠮᠡᠳᠡᠷᠡᠭᠦᠯᠪᠡ  ᠃ ᠠᠵᠢᠯᠯᠠᠭ᠎ᠠ ᠨᠢ ᠴᠠᠭᠠᠨ ᠰᠠᠷ᠎ᠠ ᠶᠢᠨ ᠬᠤᠣᠰ ᠤᠶᠠᠩᠭ᠎ᠠ ᠪᠢᠴᠢᠬᠦ ᠪᠠᠷ ᠠᠴᠢᠶᠠᠯᠠᠪᠤᠷᠢ ᠪᠣᠯᠭᠠᠵᠤ᠂

ᠰᠠᠭᠤᠭᠠᠯᠢ ᠠᠷᠠᠳ ᠲᠤ ᠴᠠᠭᠠᠨ ᠰᠠᠷ᠎ᠠ ᠶᠢᠨ ᠵᠥᠩᠨᠡᠯ ᠳᠡᠪᠰᠢᠭᠦᠯᠬᠦ ᠶᠢᠨ ᠬᠠᠮᠲᠤ᠂ ᠪᠠᠰᠠ ᠵᠡᠭᠡᠯᠢ ᠭᠤᠳᠤᠮᠵᠢ ᠶᠢᠨ

ᠠᠵᠢᠯᠲᠠᠨ ᠯᠤᠭ᠎ᠠ ᠶᠢᠨ ᠵᠠᠶ ᠶᠢ ᠣᠶᠢᠷᠠᠲᠤᠭᠤᠯᠪᠠ  ᠃ ᠲᠤᠰ ᠤᠳᠠᠭᠠᠨ ᠤ ᠠᠵᠢᠯᠯᠠᠭ᠎ᠠ ᠨᠢ ᠰᠠᠭᠤᠭᠠᠯᠢ ᠠᠷᠠᠳ ᠲᠤ

ᠤᠤᠭᠠᠯ ᠡᠭᠦᠳᠦᠯᠲᠡ ᠶᠢᠨ ᠬᠤᠣᠰ ᠤᠶᠠᠩᠭ᠎ᠠ ᠵᠢᠴᠢ ᠤᠷᠠᠨ ᠪᠢᠴᠢᠯᠭᠡ ᠶᠢᠨ ᠤᠷᠠᠯᠢᠭ ᠤᠨ ᠷᠢᠳᠢ ᠰᠢᠳᠢ ᠶᠢ

ᠮᠡᠳᠡᠷᠡᠭᠦᠯᠵᠦ᠂ ᠰᠠᠭᠤᠭᠠᠯᠢ ᠠᠷᠠᠳ ᠤᠨ ᠤᠯᠠᠮᠵᠢᠯᠠᠯᠲᠤ ᠰᠣᠶᠣᠯ ᠢᠶᠠᠨ ᠬᠠᠶᠢᠷᠠᠯᠠᠬᠤ ᠰᠡᠳᠬᠢᠯᠭᠡ ᠶᠢ ᠪᠦᠲᠦᠮᠵᠢᠲᠡᠢ

ᠬᠥᠭᠵᠢᠭᠡᠵᠡᠢ  ᠃

      ᠭᠠᠯ ᠤᠯᠠᠭᠠᠨ ᠬᠤᠣᠰ ᠤᠶᠠᠩᠭ᠎ᠠ ᠨᠢ ᠨᠡᠷᠡᠨ ᠤ ᠭᠡᠷᠡᠯ ᠳᠤ ᠤᠯᠠᠮ ᠭᠡᠷᠡᠯ ᠭᠢᠯᠪᠠᠭ᠎ᠠ ᠰᠠᠴᠤᠷᠠᠭᠤᠯᠵᠤ᠂

ᠬᠥᠮᠦᠰ ᠤᠨ ᠬᠠᠯᠠᠭᠤᠨ ᠰᠡᠳᠬᠢᠯᠭᠡ ᠨᠢ ᠬᠠᠬᠢᠷ ᠬᠦᠢᠲᠡᠨ ᠡᠪᠦᠯ ᠤᠨ ᠡᠳᠦᠷ ᠤᠳ ᠲᠤ ᠰᠠᠷᠨᠢᠭᠰᠠᠨ ᠦᠭᠡᠢ᠂

ᠰᠠᠭᠤᠭᠠᠯᠢ ᠠᠷᠠᠳ ᠤᠳ ᠥᠪᠡᠷ ᠤᠨ ᠳᠤᠷᠠᠲᠠᠶ ᠬᠤᠣᠰ ᠤᠶᠠᠩᠭ᠎ᠠ ᠪᠠᠨ ᠪᠠᠷᠢᠵᠤ᠂ ᠨᠢᠭᠤᠷ ᠳᠡᠭᠡᠷ᠎ᠡ ᠨᠢ

ᠬᠢᠵᠠᠭᠠᠯᠠᠰᠢ ᠦᠭᠡᠢ ᠵᠣᠯ ᠵᠢᠷᠭᠠᠯ ᠤᠨ ᠢᠨᠢᠶᠡᠮᠰᠦᠭᠯᠡᠯ ᠲᠣᠳᠣᠷᠠᠨ᠎ᠠ  ᠃

 
ᠢᠷᠡᠯᠲᠡ᠄ ᠰᠢᠭᠤᠶᠢᠲᠤ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号