ᠬᠤᠷᠠᠯ ᠰᠢᠭᠤᠶᠢᠲᠤ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ 2021 ᠣᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠠᠳᠬᠤᠭᠰᠠᠨ ᠲᠤᠰᠢᠶᠠᠯ ᠤᠨ ᠮᠡᠳᠡᠭᠦᠯᠦᠯᠲᠡ ᠶᠢ ᠦᠨᠡᠯᠡᠨ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/1/28
        1 ᠰᠠᠷ᠎ᠠ ᠶᠢᠨ 13 ᠤ ᠡᠳᠦᠷ᠂ ᠰᠢᠭᠤᠶᠢᠲᠤ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ 2021 ᠣᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠠᠳᠬᠤᠭᠰᠠᠨ ᠲᠤᠰᠢᠶᠠᠯ ᠤᠨ ᠮᠡᠳᠡᠭᠦᠯᠦᠯᠲᠡ ᠶᠢ ᠦᠨᠡᠯᠡᠬᠦ ᠬᠤᠷᠠᠯ ᠬᠤᠷᠠᠯᠳᠤᠭᠤᠯᠵᠤ᠂ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠪᠠᠭ ᠤᠨ ᠪᠦᠷᠢᠯᠳᠦᠬᠦᠨ᠂ ᠦᠢᠯᠡᠴᠢᠯᠡᠭᠡ ᠬᠠᠮᠢᠶᠠᠷᠤᠯᠲᠠ ᠶᠢᠨ ᠨᠠᠮ ᠤᠨ ᠡᠭᠦᠷ᠂ ᠨᠡᠶᠢᠭᠡᠮ ᠲᠣᠭᠤᠷᠢᠭ ᠤᠨ ᠨᠠᠮ ᠤᠨ ᠡᠭᠦᠷ ᠤᠨ ᠨᠠᠮ ᠤᠨ ᠡᠭᠦᠷ ᠤᠨ ᠪᠠᠭ ᠤᠨ ᠪᠦᠷᠢᠯᠳᠦᠬᠦᠨ ᠵᠢᠴᠢ ᠬᠡᠰᠡᠭ ᠨᠠᠮ ᠤᠨ ᠭᠡᠰᠢᠭᠦᠨ ᠤ ᠲᠥᠯᠥᠭᠡᠯᠡᠭᠴᠢ ᠬᠤᠷᠠᠯ ᠳᠤ ᠣᠷᠣᠯᠴᠠᠪᠠ  ᠃ ᠣᠷᠣᠨ ᠤ ᠨᠠᠮ ᠤᠨ ᠬᠤᠷᠢᠶᠠᠨ  ᠤ ᠵᠣᠬᠢᠶᠠᠨ ᠪᠠᠶᠢᠭᠤᠯᠬᠤ ᠬᠡᠯᠲᠡᠰ ᠤᠨ ᠬᠡᠯᠲᠡᠰ ᠤᠨ ᠶᠠᠪᠤᠳᠠᠯ ᠤᠨ ᠬᠤᠷᠠᠯ ᠤᠨ ᠪᠦᠷᠢᠯᠳᠦᠬᠦᠨ᠂ ᠶᠡᠷᠦᠩᠬᠡᠶᠢᠯᠡᠭᠰᠡᠨ ᠠᠯᠪᠠᠨ ᠭᠡᠷ ᠤᠨ ᠡᠷᠬᠢᠯᠡᠭᠴᠢ ᠶᠠᠩ ᠴᠧᠩ ᠸᠧᠨ ᠨᠥᠬᠦᠷ ᠤᠷᠢᠯᠭ᠎ᠠ ᠪᠠᠷ ᠬᠤᠷᠠᠯ ᠳᠤ ᠣᠷᠣᠯᠴᠠᠪᠠ  ᠃

       ᠬᠤᠷᠠᠯ ᠳᠡᠭᠡᠷ᠎ᠡ᠂ ᠬᠤᠶᠠᠷ ᠨᠠᠮ ᠤᠨ ᠡᠭᠦᠷ ᠤᠨ ᠱᠦᠵᠢ 《 ᠰᠢᠭᠤᠶᠢᠲᠤ ᠵᠡᠭᠡᠯᠢ ᠭᠤᠳᠤᠮᠵᠢ ᠶᠢᠨ

2021 ᠣᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠦᠨᠳᠦᠰᠦᠨ ᠱᠠᠲᠤᠨ ᠤ ᠨᠠᠮ ᠤᠨ

ᠪᠠᠶᠢᠭᠤᠯᠤᠯᠲᠠ ᠶᠢᠨ ᠲᠤᠰᠢᠶᠠᠯ ᠤᠨ ᠮᠡᠳᠡᠭᠦᠯᠦᠯᠲᠡ ᠶᠢ ᠦᠨᠡᠯᠡᠨ ᠰᠢᠯᠭᠠᠬᠤ ᠠᠵᠢᠯ ᠢ ᠠᠳᠬᠤᠬᠤ ᠲᠥᠰᠦᠯ 》 ᠤᠨ

ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠨᠢᠭᠡ ᠵᠢᠯ ᠤᠨ ᠲᠤᠷᠰᠢᠬᠢ ᠠᠵᠢᠯ ᠤᠨ ᠳᠤᠮᠳᠠᠬᠢ ᠲᠣᠪᠣᠶᠢᠮ᠎ᠠ ᠬᠢᠯᠠᠰ ᠴᠡᠭ

 ᠤᠨ ᠠᠵᠢᠯ ᠲᠠᠢ ᠤᠶᠠᠯᠳᠤᠭᠤᠯᠤᠨ ᠳ᠋ᠦᠩᠨᠡᠯᠲᠡ ᠬᠢᠵᠦ᠂ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ

ᠡᠮᠬᠢᠯᠡᠨ ᠪᠠᠶᠢᠴᠠᠭᠠᠨ ᠳᠡᠯᠭᠡᠵᠦ᠂ ᠠᠷᠭᠠᠴᠠᠬᠤ ᠪᠣᠳᠣᠯᠭ᠎ᠠ ᠳᠤᠷᠠᠳᠤᠨ᠂ ᠲᠠᠷᠠᠭᠠᠴᠢ ᠶᠢᠨ ᠠᠯᠬᠤᠮ ᠤᠨ ᠨᠠᠮ ᠤᠨ

ᠪᠠᠶᠢᠭᠤᠯᠤᠯᠲᠠ ᠶᠢᠨ ᠠᠵᠢᠯ ᠳᠤ ᠴᠢᠭᠯᠡᠯ ᠢ ᠲᠣᠳᠣᠷᠬᠠᠶ ᠵᠢᠭᠠᠵᠤ ᠥᠭᠴᠡᠶ  ᠃

       ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠶᠠᠩ ᠴᠧᠩ

ᠸᠧᠨ ᠨᠥᠬᠦᠷ ᠶᠡᠷᠦᠩᠬᠡᠶᠢᠯᠡᠭᠰᠡᠨ ᠦᠨᠡᠯᠡᠯᠲᠡ ᠬᠢᠵᠦ᠂ ᠡᠯ᠎ᠡ ᠦᠨᠳᠦᠰᠦᠨ ᠱᠠᠲᠤᠨ ᠤ ᠨᠠᠮ ᠤᠨ ᠵᠣᠬᠢᠶᠠᠨ

ᠪᠠᠶᠢᠭᠤᠯᠤᠯᠲᠠ ᠶᠢ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠠᠷᠢᠭᠤᠴᠠᠯᠭ᠎ᠠ ᠶᠢᠨ ᠤᠬᠠᠮᠰᠠᠷ

 ᠢᠶᠠᠨ ᠴᠢᠩᠭᠠᠳᠬᠠᠵᠤ᠂ ᠨᠠᠮ ᠤᠨ ᠪᠠᠶᠢᠭᠤᠯᠤᠯᠲᠠ ᠪᠣᠯᠤᠨ ᠭᠤᠣᠯ ᠠᠵᠢᠯ ᠢ ᠵᠡᠷᠭᠡ ᠪᠠᠷ ᠲᠥᠯᠥᠪᠵᠢᠭᠦᠯᠬᠦ᠂ ᠵᠡᠷᠭᠡ

 ᠪᠠᠷ ᠪᠠᠶᠢᠷᠢᠯᠠᠭᠤᠯᠬᠤ ᠶᠢ ᠪᠠᠷᠢᠮᠲᠠᠯᠠᠵᠤ᠂ ᠨᠠᠮ ᠤᠨ ᠪᠠᠶᠢᠭᠤᠯᠤᠯᠲᠠ ᠶᠢ ᠠᠳᠬᠤᠬᠤ ᠤᠬᠠᠮᠰᠠᠷ ᠢ ᠪᠠᠲᠤ ᠪᠤᠢ ᠪᠣᠯᠭᠠᠵᠤ

᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠰᠡᠳᠬᠢᠯ ᠳᠡᠭᠡᠨ ᠪᠤᠳᠤᠵᠥ᠂ ᠪᠦᠬᠦ ᠲᠠᠯ᠎ᠠ ᠪᠠᠷ ᠲᠠᠪᠰᠢᠵᠥ᠂

ᠪᠦᠬᠦ ᠲᠠᠯ᠎ᠠ ᠪᠠᠷ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ

ᠴᠢᠭᠯᠡᠬᠦᠯᠦᠯᠳᠤ ᠴᠢᠨᠠᠷ ᠪᠣᠯᠤᠨ ᠪᠣᠳᠠᠲᠤ ᠦᠷ᠎ᠡ ᠪᠦᠳᠦᠮᠵᠢᠳᠤ ᠴᠢᠨᠠᠷ ᠢ ᠴᠢᠩᠭᠠᠳᠬᠠᠵᠤ᠂ ᠦᠨᠳᠦᠰᠦᠨ ᠱᠠᠲᠤᠨ ᠤ

ᠨᠠᠮ ᠤᠨ ᠪᠠᠶᠢᠭᠤᠯᠤᠯᠲᠠ ᠶᠢᠨ ᠬᠠᠷᠠᠯᠲᠠ ᠡᠭᠦᠷᠭᠡ ᠶᠢ ᠪᠦᠲᠦᠮᠵᠢᠲᠡᠢ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ

ᠭᠡᠵᠦ ᠱᠠᠭᠠᠷᠳᠠᠪᠠ  ᠃

       ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶᠠᠨ ᠤ ᠱᠦᠵᠢ ᠯᠢ ᠶᠠ ᠮᠢᠨ ᠳ᠋ᠦᠩᠨᠡᠯᠲᠡ ᠶᠢᠨ

ᠶᠠᠷᠢᠶᠠᠨ ᠳᠠᠭᠠᠨ ᠴᠢᠬᠤᠯᠠᠴᠢᠯᠠᠭᠰᠠᠨ ᠨᠢ᠂ ᠡᠯ᠎ᠡ ᠨᠠᠮ ᠤᠨ ᠡᠭᠦᠷ ᠤᠨ ᠱᠦᠵᠢ ᠨᠢᠭᠡᠳᠦᠭᠡᠷ ᠬᠠᠷᠢᠭᠤᠴᠠᠯᠭᠠᠲᠠᠨ ᠤ

ᠲᠤᠰᠢᠶᠠᠯ ᠬᠠᠷᠢᠭᠤᠴᠠᠯᠭ᠎ᠠ ᠪᠠᠨ ᠦᠨᠡᠨ ᠬᠦ ᠭᠦᠶᠴᠡᠳᠬᠡᠬᠦ ᠬᠡᠷᠡᠭᠲᠡᠶ᠂ ᠠᠵᠢᠯ ᠤᠨ ᠳᠤᠮᠳᠠ ᠲᠤᠯᠭᠠᠷᠠᠭᠰᠠᠨ

ᠬᠦᠴᠢᠷᠳᠡᠯ ᠪᠣᠯᠤᠨ ᠠᠰᠠᠭᠤᠳᠠᠯ ᠢ ᠬᠢᠨᠠᠮᠠᠭᠠᠶ ᠰᠤᠳᠤᠯᠤᠨ ᠰᠢᠶᠳᠪᠦᠷᠢᠯᠡᠬᠦ ᠬᠡᠷᠡᠭᠲᠡᠶ᠂ ᠨᠠᠮ ᠤᠨ ᠪᠠᠶᠢᠭᠤᠯᠤᠯᠲᠠ ᠶᠢᠨ

ᠠᠵᠢᠯ ᠢ ᠰᠠᠶᠢᠲᠤᠷ ᠠᠳᠬᠤᠵᠤ ᠪᠣᠳᠠᠲᠠᠶ ᠠᠳᠬᠤᠬᠤ ᠦᠵᠡᠯ ᠰᠠᠨᠠᠭ᠎ᠠ ᠲᠠᠨᠢᠯᠲᠠ ᠪᠠᠨ ᠦᠨᠡᠨ ᠬᠦ ᠳᠡᠭᠡᠭᠰᠢᠯᠡᠭᠦᠯᠬᠦ

ᠬᠡᠷᠡᠭᠲᠡᠶ᠂ ᠲᠤᠰᠢᠶᠠᠯ ᠤᠨ ᠮᠡᠳᠡᠭᠦᠯᠦᠯᠲᠡ ᠶᠢ ᠦᠨᠡᠯᠡᠬᠦ ᠳᠦᠷᠢᠮ ᠢ ᠴᠢᠩᠳᠠᠯᠠᠨ᠎ᠠ᠂ ᠵᠥᠪᠯᠡᠨ ᠲᠣᠭᠲᠠᠭᠠᠭᠰᠠᠨ ᠦᠷ᠎ᠡ

ᠳ᠋ᠦᠩ ᠤᠨ ᠬᠡᠷᠡᠭᠯᠡᠯᠲᠡ ᠶᠢ ᠦᠨᠡᠨᠬᠦ ᠴᠢᠩᠭᠠᠷᠠᠭᠤᠯᠬᠤ ᠬᠡᠷᠡᠭᠲᠡᠶ᠂ ᠱᠦᠵᠢ ᠶᠢᠨ ᠨᠠᠮ ᠤᠨ ᠪᠠᠶᠢᠭᠤᠯᠤᠯᠲᠠ ᠶᠢ

ᠠᠳᠬᠤᠬᠤ ᠬᠠᠷᠢᠭᠤᠴᠠᠯᠭ᠎ᠠ ᠶᠢ ᠦᠨᠡᠨᠬᠦ ᠭᠦᠶᠴᠡᠳᠬᠡᠬᠦ ᠬᠡᠷᠡᠭᠲᠡᠶ᠂ ᠨᠠᠮ ᠤᠨ ᠵᠣᠬᠢᠶᠠᠨ ᠪᠠᠶᠢᠭᠤᠯᠤᠯᠲᠠ ᠶᠢᠨ

ᠤᠳᠤᠷᠢᠳᠬᠤ ᠭᠤᠣᠯᠯᠠᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠎ᠠ᠂ ᠦᠨᠳᠦᠰᠦᠨ ᠱᠠᠲᠤᠨ ᠤ ᠨᠠᠮ ᠤᠨ

ᠵᠣᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠶᠢᠨ ᠦᠢᠯᠡᠳᠦᠯ ᠪᠠ ᠨᠠᠮ ᠤᠨ ᠭᠡᠰᠢᠭᠦᠨ ᠤ ᠬᠤᠰᠢᠭᠤᠴᠢ

ᠵᠢᠱᠢᠶᠡᠴᠢ ᠦᠢᠯᠡᠳᠦᠯ᠂ ᠡᠯ᠎ᠡ ᠵᠦᠶᠯ ᠤᠨ ᠠᠵᠢᠯ ᠤᠨ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠶ᠂

ᠯᠠᠪᠳᠠᠭᠤᠨ ᠪᠠᠲᠤᠲᠠᠶ ᠰᠤᠷᠲᠠᠯ ᠢᠶᠠᠷ᠂ ᠰᠢᠨ᠎ᠡ ᠶᠢ ᠡᠭᠦᠳᠬᠦ ᠠᠷᠭ᠎ᠠ ᠬᠡᠮᠵᠢᠶ᠎ᠡ᠂ ᠨᠠᠮ ᠤᠨ ᠪᠠᠶᠢᠭᠤᠯᠤᠯᠲᠠ ᠶᠢᠨ ᠠᠵᠢᠯ

 ᠤᠨ ᠬᠠᠷᠢᠭᠤᠴᠠᠯᠭ᠎ᠠ ᠶᠢᠨ ᠲᠦᠷᠢᠮ ᠤᠨ ᠨᠠᠶᠢᠳᠠᠪᠤᠷᠢᠵᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠤᠶ᠎ᠠ᠂ ᠦᠨᠳᠦᠰᠦᠨ

ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠰᠢᠨ᠎ᠡ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠶ᠂

ᠵᠡᠭᠡᠯᠢ ᠭᠤᠳᠤᠮᠵᠢ ᠶᠢᠨ ᠡᠯ᠎ᠡ ᠵᠦᠢᠯ ᠤᠨ ᠦᠢᠯᠡᠰ ᠤᠨ ᠬᠥᠭᠵᠢᠯᠲᠡ ᠳᠤ ᠪᠠᠲᠤ ᠴᠢᠩᠭ᠎ᠠ ᠵᠣᠬᠢᠶᠠᠨ ᠪᠠᠶᠢᠭᠤᠯᠤᠯᠲᠠ

 ᠶᠢᠨ ᠪᠠᠲᠤᠯᠠᠭ᠎ᠠ ᠬᠠᠩᠭᠠᠬᠤ ᠬᠡᠷᠡᠭᠲᠡᠶ!

 
ᠢᠷᠡᠯᠲᠡ᠄ ᠰᠢᠭᠤᠶᠢᠲᠤ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号