ᠠᠮᠤᠷ ᠲᠦᠪᠰᠢᠨ ᠤ ᠪᠠᠶᠢᠴᠠᠭᠠᠯᠲᠠ ᠰᠢᠭᠤᠶᠢᠲᠤ ᠵᠡᠭᠡᠯᠢ ᠭᠤᠳᠤᠮᠵᠢ ᠠᠶᠤᠯᠭᠦᠶ ᠦᠶᠯᠡᠳᠪᠦᠷᠢᠯᠡᠯ ᠤᠨ ᠶᠡᠭᠡ ᠪᠠᠶᠢᠴᠠᠭᠠᠯᠲᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/1/28
       ᠬᠠᠷᠢᠶ᠎ᠠ ᠣᠷᠣᠨ ᠤ ᠠᠮᠤᠷ ᠲᠦᠪᠰᠢᠨ ᠤ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠠᠮᠤᠷ ᠲᠦᠪᠰᠢᠨ ᠤ ᠠᠳᠡᠯ ᠭᠠᠷᠬᠤ ᠶᠢ ᠪᠦᠲᠦᠮᠵᠢᠲᠡᠶ ᠰᠡᠷᠭᠡᠶᠢᠯᠡᠵᠦ᠂ ᠰᠠᠭᠤᠭᠠᠯᠢ ᠠᠷᠠᠳ ᠲᠤ ᠣᠷᠣᠰᠢᠨ ᠰᠠᠭᠤᠬᠤ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠬᠤ ᠶᠢᠨ ᠲᠥᠯᠥᠭᠡ᠂ ᠣᠶᠢᠷ᠎ᠠ ᠳᠤ᠂ ᠰᠢᠭᠤᠶᠢᠲᠤ ᠵᠡᠭᠡᠯᠢ ᠭᠤᠳᠤᠮᠵᠢ ᠶᠢᠨ ᠬᠢᠨ ᠬᠠᠷᠢᠶ᠎ᠠ ᠣᠷᠣᠨ ᠤ ᠳᠣᠲᠣᠷᠠᠬᠢ ᠵᠡᠭᠡᠯᠢ ᠳᠠᠭᠠᠤ ᠳᠡᠯᠭᠡᠭᠦᠷ ᠫᠦᠰᠡ᠂ ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ᠂ ᠬᠤᠭᠤᠯᠠᠨ ᠬᠡᠷ ᠵᠡᠷᠭᠡ ᠬᠥᠮᠦᠨ ᠬᠠᠷ᠎ᠠ ᠬᠤᠷᠠᠵᠤ ᠴᠤᠭᠯᠠᠷᠠᠬᠤ ᠲᠠᠯᠠᠪᠤᠷ ᠭᠠᠵᠠᠷ ᠲᠤ ᠴᠢᠭᠯᠡᠭᠦᠯᠦᠨ ᠠᠮᠤᠷ ᠲᠦᠪᠰᠢᠨ ᠤ ᠲᠤᠰᠬᠠᠶ ᠬᠡᠮ ᠰᠣᠭᠤᠭ ᠢ ᠵᠢᠭᠰᠠᠭᠠᠨ ᠪᠠᠶᠢᠴᠠᠭᠠᠬᠤ ᠠᠵᠢᠯ ᠥᠷᠨᠢᠭᠦᠯᠪᠡ  ᠃        ᠵᠢᠭᠰᠠᠭᠠᠨ ᠪᠠᠶᠢᠴᠠᠭᠠᠬᠤ ᠳᠤᠮᠳᠠ᠂ ᠠᠵᠢᠯᠲᠠᠳ ᠲᠤᠬᠠᠢ ᠶᠢᠨ ᠲᠠᠯᠠᠪᠠᠢ ᠳᠤ ᠡᠯ᠎ᠡ ᠲᠠᠯᠠᠪᠤᠷ ᠭᠠᠵᠠᠷ ᠤᠨ ᠭᠠᠯ ᠤᠨᠲᠠᠷᠠᠭᠠᠬᠤ ᠲᠥᠬᠦᠭᠡᠷᠦᠮᠵᠢ ᠪᠦᠷᠢᠨ ᠭᠦᠢᠴᠡᠳ ᠪᠠᠶᠢᠬᠤ ᠡᠰᠡᠬᠦ᠂ ᠭᠠᠯ ᠤᠨᠲᠠᠷᠠᠭᠠᠬᠤ ᠵᠠᠮ ᠰᠠᠭᠠᠳ ᠦᠭᠡᠢ ᠪᠠᠶᠢᠬᠤ ᠡᠰᠡᠬᠦ᠂ ᠲᠣᠭᠤᠭᠠᠨ ᠭᠡᠷ ᠤᠨ ᠲᠤᠰᠤᠨ ᠤ ᠪᠣᠬᠢᠷᠲᠤᠯ ᠢ ᠴᠠᠭ ᠲᠤᠬᠠᠢ ᠳᠤᠨᠢ ᠴᠡᠪᠡᠷᠯᠡᠭᠰᠡᠨ ᠡᠰᠡᠬᠦ᠂ ᠳᠤᠷ᠎ᠠ  ᠪᠠᠷ ᠢᠶᠠᠨ ᠪᠠᠷᠢᠯᠭ᠎ᠠ ᠪᠠᠷᠢᠭᠰᠠᠨ ᠵᠡᠷᠭᠡ ᠪᠠᠶᠢᠳᠠᠯ ᠣᠷᠣᠰᠢᠵᠤ ᠪᠠᠶᠢᠬᠤ ᠡᠰᠡᠬᠦ ᠶᠢ ᠪᠠᠶᠢᠴᠠᠭᠠᠨ ᠦᠵᠡᠪᠡ  ᠃ ᠲᠤᠬᠠᠢ  ᠶᠢᠨ ᠲᠠᠯᠠᠪᠠᠢ ᠶᠢᠨ ᠵᠢᠭᠰᠠᠭᠠᠨ ᠪᠠᠶᠢᠴᠠᠭᠠᠯᠲᠠ ᠳᠤ ᠢᠯᠡᠷᠡᠭᠦᠯᠦᠭᠰᠡᠨ ᠠᠮᠤᠷ ᠲᠦᠪᠰᠢᠨ ᠤ ᠭᠡᠮ ᠰᠣᠭᠤᠭ ᠤᠨ ᠠᠰᠠᠭᠤᠳᠠᠯ ᠳᠤ ᠴᠢᠭᠯᠡᠭᠦᠯᠦᠨ ᠲᠤᠬᠠᠢ ᠶᠢᠨ ᠲᠠᠯᠠᠪᠤᠷ ᠲᠤᠨᠢ ᠵᠢᠭᠠᠨ ᠭᠠᠷᠭᠠᠵᠤ᠂ ᠪᠣᠳᠠᠲᠠᠢ ᠴᠡᠭᠴᠡᠯᠡᠨ ᠰᠠᠶᠢᠵᠢᠷᠠᠭᠤᠯᠬᠤ ᠰᠠᠨᠠᠯ ᠥᠭᠴᠦ᠂ ᠳᠠᠷᠤᠶᠢᠬᠠᠨ ᠴᠡᠭᠴᠡᠯᠡᠨ ᠰᠠᠶᠢᠵᠢᠷᠠᠭᠤᠯᠵᠤ ᠪᠣᠯᠬᠤ ᠶᠢ ᠨᠢ ᠵᠠᠷᠯᠢᠭᠳᠠᠨ ᠳᠠᠷᠤᠶᠢᠬᠠᠨ ᠴᠡᠭᠴᠡᠯᠡᠨ ᠰᠠᠶᠢᠵᠢᠷᠠᠭᠤᠯᠵᠤ᠂ ᠳᠠᠷᠤᠶᠢᠬᠠᠨ ᠴᠡᠭᠴᠡᠯᠡᠨ ᠰᠠᠶᠢᠵᠢᠷᠠᠭᠤᠯᠵᠤ ᠳᠡᠶᠢᠯᠬᠦ ᠦᠭᠡᠢ ᠶᠢ ᠨᠢ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠵᠤ᠂ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠰᠡᠷᠭᠡᠶᠢᠯᠡᠬᠦ ᠪᠠ ᠬᠤᠷᠢᠭᠯᠠᠬᠤ ᠬᠡᠷᠡᠭᠲᠡᠢ ᠭᠡᠵᠦ ᠱᠠᠭᠠᠷᠳᠠᠪᠠ  ᠃ ᠡᠭᠦᠨ ᠤ ᠬᠠᠮᠲᠤ᠂ ᠡᠳᠦᠷ ᠲᠤᠲᠤᠮ ᠤᠨ ᠴᠠᠬᠢᠯᠭᠠᠨ ᠬᠡᠷᠡᠭᠯᠡᠬᠦ ᠠᠮᠤᠷ ᠲᠦᠪᠰᠢᠨ ᠤ ᠬᠠᠮᠢᠶᠠᠷᠤᠯᠲᠠ ᠶᠢ ᠵᠠᠪᠠᠯ ᠠᠩᠬᠠᠷᠴᠤ᠂ ᠡᠯ᠎ᠡ ᠡᠵᠡᠩᠨᠡᠯᠲᠡ ᠶᠢᠨ ᠨᠢᠭᠡᠴᠡ ᠶᠢᠨ ᠥᠪᠡᠰᠦᠪᠡᠨ ᠪᠠᠶᠢᠴᠠᠭᠠᠵᠤ ᠥᠪᠡᠰᠦᠪᠡᠨ ᠵᠠᠯᠠᠷᠠᠭᠤᠯᠬᠤ ᠠᠵᠢᠯ ᠢ ᠵᠠᠪᠠᠯ ᠪᠣᠳᠠᠲᠠᠶ ᠳᠤ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠤᠬᠠᠮᠰᠠᠷ ᠵᠢᠴᠢ ᠰᠡᠷᠭᠡᠶᠢᠯᠡᠬᠦ ᠴᠢᠳᠠᠪᠤᠷᠢ ᠪᠠᠨ ᠦᠨᠡᠨ ᠬᠦ ᠳᠡᠭᠡᠭᠰᠢᠯᠡᠭᠦᠯᠬᠦ ᠬᠡᠷᠡᠭᠲᠡᠶ  ᠃        ᠲᠣᠰ ᠤᠳᠠᠭᠠᠨ ᠤ ᠵᠢᠭᠰᠠᠭᠠᠨ ᠪᠠᠶᠢᠴᠠᠭᠠᠯᠲᠠ ᠪᠠᠷ ᠳᠠᠮᠵᠢᠭᠤᠯᠤᠨ᠂ ᠬᠠᠷᠢᠶᠠᠲᠤ ᠣᠷᠣᠨ ᠤ ᠳᠣᠲᠣᠷᠠᠬᠢ ᠦᠶᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢᠨ ᠦᠵᠡᠯ ᠤᠬᠠᠮᠰᠠᠷ ᠪᠠ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠵᠠᠰᠠᠬᠤ ᠴᠢᠳᠠᠪᠤᠷᠢ ᠶᠢ ᠤᠯᠠᠮ ᠨᠢᠭᠡ ᠠᠯᠬᠤᠮ ᠴᠢᠩᠭᠠᠷᠠᠭᠤᠯᠵᠤ᠂ ᠠᠵᠤ ᠠᠬᠤᠶᠢᠯᠠᠯ᠂ ᠬᠤᠳᠠᠯᠳᠤᠭᠠᠨ ᠤ ᠳᠡᠯᠭᠡᠭᠦᠷ ᠤᠨ ᠬᠠᠷᠢᠭᠤᠴᠠᠯᠭᠠᠲᠠᠨ ᠳᠤ ᠬᠡᠮ ᠰᠣᠭᠤᠭ ᠢ ᠡᠷᠲᠡ ᠢᠯᠡᠷᠡᠭᠦᠯᠬᠦ᠂ ᠡᠷᠲᠡ ᠠᠷᠢᠯᠭᠠᠬᠤ ᠶᠢᠨ ᠴᠢᠬᠤᠯᠠ ᠴᠢᠨᠠᠷ ᠢ ᠲᠠᠨᠢᠵᠤ ᠮᠡᠳᠡᠬᠦ ᠶᠢ ᠰᠠᠨᠠᠭᠤᠯᠪᠠ  ᠃

       ᠠᠶᠤᠯᠭᠦᠢ ᠦᠢᠯᠡᠳᠪᠦᠷᠢᠯᠡᠯ ᠨᠢ ᠠᠷᠠᠳ ᠲᠦᠮᠡᠨ ᠤ ᠪᠤᠶᠠᠨ ᠵᠢᠷᠭᠠᠯ ᠲᠠᠢ ᠬᠤᠯᠪᠣᠭᠳᠠᠵᠤ᠂ ᠠᠵᠤ ᠠᠬᠤᠢ

ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠲᠠᠢ ᠬᠤᠯᠪᠣᠭᠳᠠᠨ᠎ᠠ  ᠃ ᠲᠠᠷᠠᠭᠠᠴᠢ ᠶᠢᠨ ᠠᠯᠬᠤᠮ ᠳᠤ᠂ ᠰᠢᠭᠤᠶᠢᠲᠤ

ᠵᠡᠭᠡᠯᠢ ᠭᠤᠳᠤᠮᠵᠢ ᠶᠢᠨ ᠬᠢᠨ ᠠᠶᠤᠯ ᠥᠬᠡᠶ ᠦᠶᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ

ᠴᠢᠩᠭ᠎ᠠ ᠨᠠᠶᠢᠳᠠᠪᠤᠷᠢᠵᠢᠭᠤᠯᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠶᠤᠯ

ᠥᠬᠡᠶ ᠦᠶᠯᠡᠳᠪᠦᠷᠢᠯᠡᠯ ᠤᠨ ᠡᠯ᠎ᠡ ᠵᠦᠶᠯ ᠤᠨ ᠰᠡᠷᠭᠡᠶᠢᠯᠡᠬᠦ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ

ᠴᠢᠩᠭ᠎ᠠ ᠠᠳᠬᠤᠵᠤ᠂ ᠬᠠᠷᠢᠶᠠᠲᠤ ᠣᠷᠣᠨ ᠤ ᠭᠤᠤᠯᠳᠠᠯᠭ᠎ᠠ ᠲᠠᠢ ᠣᠷᠣᠨ ᠪᠠᠶᠢᠷᠢ᠂ ᠬᠦᠷᠢᠶ᠎ᠡ ᠴᠠᠷᠠᠭ᠎ᠠ ᠳᠤ ᠲᠤᠰᠬᠠᠶ

ᠵᠦᠶᠯ ᠤᠨ ᠬᠡᠮ ᠰᠣᠭᠤᠭ ᠢ ᠵᠢᠭᠰᠠᠭᠠᠨ ᠪᠠᠶᠢᠴᠠᠭᠠᠬᠤ ᠠᠵᠢᠯ ᠥᠷᠨᠢᠭᠦᠯᠵᠦ᠂ ᠠᠵᠤ ᠠᠬᠤᠶᠢᠯᠠᠯ ᠢ ᠰᠢᠮᠳᠠᠭᠤᠯᠵᠤ

ᠪᠠᠶᠢᠭᠠᠳ ᠥᠪᠡᠰᠦᠪᠡᠨ ᠪᠠᠶᠢᠴᠠᠭᠠᠵᠤ ᠥᠪᠡᠰᠦᠪᠡᠨ ᠵᠠᠯᠠᠷᠠᠭᠤᠯᠬᠤ ᠶᠢ ᠲᠠᠰᠤᠷᠠᠯᠲᠠ ᠥᠬᠡᠶ ᠰᠠᠶᠢᠲᠤᠷ ᠬᠢᠯᠭᠡᠵᠦ᠂

ᠠᠮᠤᠷ ᠲᠦᠪᠰᠢᠨ ᠤ ᠤᠬᠠᠮᠰᠠᠷ ᠵᠢᠴᠢ ᠰᠡᠷᠭᠡᠶᠢᠯᠡᠬᠦ ᠴᠢᠳᠠᠪᠤᠷᠢ ᠶᠢ ᠨᠢ ᠦᠨᠡᠨ ᠬᠦ ᠳᠡᠭᠡᠭᠰᠢᠯᠡᠭᠦᠯᠵᠦ᠂ ᠬᠠᠷᠢᠶᠠᠲᠤ

ᠣᠷᠣᠨ ᠤ ᠠᠵᠤ ᠠᠬᠤᠶ ᠶᠢᠨ ᠪᠥᠲᠥᠭᠡᠨ ᠪᠠᠶᠢᠭᠤᠯᠤᠯᠲᠠ ᠵᠢᠴᠢ ᠡᠯ᠎ᠡ ᠵᠦᠶᠯ ᠤᠨ ᠠᠵᠢᠯ ᠦᠶᠯᠡᠰ ᠤᠨ ᠬᠥᠭᠵᠢᠯᠲᠡ

 ᠳᠤ ᠠᠮᠤᠷ ᠲᠦᠪᠰᠢᠨ ᠤ ᠪᠠᠲᠤᠯᠠᠭ᠎ᠠ ᠬᠠᠩᠭᠠᠨ᠎ᠠ  ᠃

 
ᠢᠷᠡᠯᠲᠡ᠄ ᠰᠢᠭᠤᠶᠢᠲᠤ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号