ᠬᠤᠷᠠᠯ ᠰᠢᠭᠤᠶᠢᠲᠤ ᠵᠡᠭᠡᠯᠢ ᠭᠤᠳᠤᠮᠵᠢ ᠶᠢᠨ ᠪᠥᠬᠦ ᠬᠤᠲᠠ ᠶᠢᠨ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠡᠭᠦᠳᠦᠨ ᠪᠠᠶᠢᠭᠤᠯᠬᠤ ᠪᠣᠯᠪᠠᠰᠤᠷᠠᠯ ᠤᠨ ᠸᠢᠳᠢᠣ᠋ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2022/1/28
        2022 ᠣᠨ ᠤ 1 ᠰᠠᠷ᠎ᠠ ᠶᠢᠨ 11 ᠤ ᠡᠳᠦᠷ᠂ ᠰᠢᠭᠤᠶᠢᠲᠤ ᠵᠡᠭᠡᠯᠢ ᠭᠤᠳᠤᠮᠵᠢ ᠶᠢᠨ ᠬᠢᠨ ᠪᠥᠬᠦ ᠬᠤᠲᠠ ᠶᠢᠨ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠡᠭᠦᠳᠦᠨ ᠪᠠᠶᠢᠭᠤᠯᠬᠤ ᠪᠣᠯᠪᠠᠰᠤᠷᠠᠯ ᠤᠨ ᠸᠢᠳᠢᠣ᠋ ᠬᠤᠷᠠᠯ ᠳᠤ ᠣᠷᠣᠯᠴᠠᠵᠤ᠂ ᠵᠡᠭᠡᠯᠢ ᠭᠤᠳᠤᠮᠵᠢ ᠶᠢᠨ ᠤᠯᠤᠰ ᠲᠥᠷᠥ ᠬᠠᠤᠯᠢ ᠴᠠᠭᠠᠵᠠ ᠶᠢᠨ ᠭᠡᠰᠢᠭᠦᠨ᠂ ᠠᠮᠤᠷ ᠠᠮᠤᠭᠤᠯᠠᠩ ᠤᠨ ᠠᠯᠪᠠᠨ ᠬᠡᠷ ᠤᠨ ᠬᠠᠷᠢᠭᠤᠴᠠᠯᠭᠠᠲᠠᠨ᠂ ᠨᠡᠶᠢᠭᠡᠮ ᠲᠣᠭᠤᠷᠢᠭ ᠤᠨ 《 ᠬᠤᠶᠠᠷ ᠵᠥᠪᠯᠡᠯ 》 ᠤᠨ ᠪᠠᠭ ᠤᠨ ᠪᠦᠷᠢᠯᠳᠦᠬᠦᠨ᠂ ᠪᠥᠬᠦ ᠰᠦᠯᠵᠢᠶᠡᠨ ᠤ ᠭᠡᠰᠢᠭᠦᠨ ᠬᠤᠷᠠᠯ ᠳᠤ ᠣᠷᠣᠯᠴᠠᠪᠠ  ᠃        ᠬᠤᠷᠠᠯ ᠳᠡᠭᠡᠷ᠎ᠡ᠂ ᠬᠥᠨᠳᠡᠯᠡᠨ ᠲᠣᠭᠤᠷᠢᠭ ᠤᠨ ᠼᠤᠤ ᠷᠦᠩ ᠡᠷᠬᠢᠯᠡᠭᠴᠢ ᠨᠠᠮ ᠤᠨ ᠪᠠᠶᠢᠭᠤᠯᠤᠯᠲᠠ ᠪᠠᠷ ᠨᠡᠶᠢᠭᠡᠮ ᠤᠨ ᠵᠠᠰᠠᠯᠲᠠ ᠶᠢᠨ ᠦᠨᠳᠦᠰᠦᠨ ᠱᠠᠲᠤᠨ ᠤ ᠦᠶᠯᠡᠳᠦᠯᠭᠡ ᠶᠢ ᠬᠥᠲᠥᠯᠥᠨ ᠳᠠᠭᠠᠭᠤᠯᠬᠤ ᠲᠠᠯ᠎ᠠ ᠪᠠᠷ ᠲᠤᠷᠰᠢᠯᠭ᠎ᠠ ᠪᠠᠨ ᠬᠤᠪᠢᠶᠠᠯᠴᠠᠵᠤ᠂ ᠲᠠᠷᠠᠭᠠᠴᠢ ᠶᠢᠨ ᠠᠯᠬᠤᠮ ᠤᠨ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠠᠵᠢᠯ ᠤᠨ ᠲᠤᠬᠠᠶ ᠪᠣᠳᠠᠲᠠᠶ ᠥᠭᠦᠯᠡᠯᠲᠡ ᠬᠢᠵᠦ ᠂ ᠣᠯᠠᠨ ᠳᠤ ᠮᠠᠰᠢ ᠶᠡᠭᠡ ᠠᠰᠢᠭ ᠬᠦᠷᠲᠡᠭᠡᠪᠡ  ᠃

       ᠪᠣᠯᠪᠠᠰᠤᠷᠠᠭᠤᠯᠤᠯ ᠤᠨ ᠬᠤᠷᠠᠯ ᠲᠡᠭᠦᠰᠦᠭᠰᠡᠨ ᠤ ᠳᠠᠷᠠᠭ᠎ᠠ᠂ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ

ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠭᠡᠰᠢᠭᠦᠨ ᠸᠧᠶ ᠪᠥᠸᠧ ᠵᠡᠭᠡᠯᠢ ᠭᠤᠳᠤᠮᠵᠢ᠂

ᠨᠡᠶᠢᠭᠡᠮ ᠲᠣᠭᠤᠷᠢᠭ ᠤᠨ ᠲᠠᠷᠠᠭᠠᠴᠢ ᠶᠢᠨ ᠠᠯᠬᠤᠮ ᠳᠤ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ

ᠣᠳᠣᠬᠢᠴᠢᠯᠠᠯᠲᠠ ᠶᠢᠨ ᠲᠤᠷᠰᠢᠯᠲᠠ ᠶᠢᠨ ᠡᠭᠦᠳᠦᠨ ᠪᠠᠶᠢᠭᠤᠯᠬᠤ ᠠᠵᠢᠯ ᠤᠨ ᠰᠢᠨ᠎ᠡ ᠶᠢ ᠡᠭᠦᠳᠦᠨ ᠠᠬᠢᠭᠤᠯᠬᠤ

ᠲᠤᠬᠠᠶ ᠪᠣᠳᠠᠲᠠᠶ ᠱᠠᠭᠠᠷᠳᠠᠯᠭ᠎ᠠ ᠳᠤᠷᠠᠳᠪᠠ᠂ ᠨᠢᠭᠡ ᠳᠤ ᠣᠷᠤᠭ ᠬᠡᠷ ᠪᠦᠯᠢ᠂ ᠬᠥᠷᠰᠢ ᠵᠡᠷᠭᠡᠯᠡᠳᠡᠭᠡ ᠶᠢᠨ

ᠵᠢᠭᠤᠷᠠᠯᠳᠤᠭᠠᠨ ᠵᠡᠷᠭᠡ ᠡᠯ᠎ᠡ ᠲᠥᠷᠥᠯ ᠤᠨ ᠵᠥᠷᠢᠴᠡᠯ ᠳᠤ ᠴᠢᠭᠯᠡᠭᠦᠯᠦᠨ᠂ ᠵᠥᠷᠢᠴᠡᠯ ᠤᠨ ᠪᠣᠳᠠᠲᠠᠶ ᠪᠦᠷᠢᠯᠳᠦᠯ ᠢ

ᠵᠠᠳᠠᠯᠬᠤ ᠶᠢᠨ ᠬᠠᠮᠲᠤ ᠪᠡᠶᠡᠴᠢ ᠴᠣᠭᠴᠠ ᠶᠢ ᠲᠣᠳᠣᠷᠬᠠᠶ ᠲᠣᠬᠢᠷᠠᠭᠤᠯᠵᠤ᠂ ᠪᠣᠳᠠᠲᠠᠶ ᠠᠰᠠᠭᠤᠳᠠᠯ ᠢ ᠪᠣᠳᠠᠲᠠᠶ ᠪᠠᠷ

ᠵᠠᠳᠠᠯᠵᠤ᠂ ᠬᠠᠭᠤᠴᠢᠨ ᠠᠷᠭ᠎ᠠ ᠬᠠᠭᠤᠴᠢᠨ ᠲᠤᠷᠰᠢᠯᠭ᠎ᠠ ᠪᠠᠷ ᠠᠵᠢᠯ ᠶᠠᠪᠤᠳᠠᠯ ᠭᠦᠶᠴᠡᠳᠬᠡᠬᠦ ᠥᠬᠡᠶ ᠪᠠᠶᠢᠬᠤ

ᠬᠡᠷᠡᠭᠲᠡᠶ  ᠃ ᠬᠤᠶᠠᠷ ᠲᠤ ᠰᠠᠶᠢᠨ ᠳᠤᠷ᠎ᠠ ᠶᠢᠨ ᠦᠶᠯᠡᠴᠢᠯᠡᠭᠡᠨ ᠤ ᠬᠤᠪᠢ ᠬᠤᠷᠠᠮᠳᠤᠭᠤᠯᠬᠤ ᠬᠠᠮᠢᠶᠠᠷᠤᠯᠲᠠ ᠶᠢ

ᠥᠷᠨᠢᠭᠦᠯᠵᠦ᠂ ᠰᠢᠭᠤᠶᠢᠲᠤ ᠣᠷᠣᠨ ᠤ ᠭᠠᠵᠠᠷ ᠠᠭᠤᠳᠠᠮ ᠬᠥᠮᠦᠨ ᠴᠥᠭᠡᠨ᠂ ᠰᠠᠶᠢᠨ ᠳᠤᠷ᠎ᠠ ᠶᠢᠨ ᠦᠶᠯᠡᠴᠢᠯᠡᠭᠡᠨ

 ᠤ ᠬᠤᠪᠢ ᠬᠤᠷᠠᠮᠳᠤᠭᠤᠯᠬᠤ ᠬᠠᠮᠢᠶᠠᠷᠤᠯᠲᠠ ᠪᠠᠷ ᠳᠠᠮᠵᠢᠭᠤᠯᠤᠨ᠂ ᠣᠯᠠᠨ ᠲᠦᠮᠡᠨ ᠤ ᠢᠳᠡᠪᠬᠢᠵᠢᠯ ᠢ ᠭᠦᠶᠴᠡᠳ

ᠳᠠᠶᠢᠴᠢᠯᠠᠵᠤ᠂ ᠰᠠᠶᠢᠨ ᠳᠤᠷ᠎ᠠ ᠶᠢᠨ ᠠᠵᠢᠯᠯᠠᠭᠴᠢ ᠶᠢ ᠲᠠᠲᠠᠵᠤ ᠨᠡᠶᠢᠭᠡᠮ ᠤᠨ ᠵᠠᠰᠠᠯᠲᠠ ᠳᠤ ᠣᠷᠣᠯᠴᠠᠭᠤᠯᠵᠤ᠂

ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠬᠤ ᠰᠠᠶᠢᠨ ᠰᠠᠶᠢᠬᠠᠨ ᠪᠠᠶᠢᠷᠢᠰᠢᠯ ᠢ ᠨᠠᠩ ᠰᠠᠶᠢᠲᠤᠷ ᠪᠣᠶ

ᠪᠣᠯᠭᠠᠨ᠎ᠠ  ᠃ ᠭᠤᠷᠪᠠ ᠳᠤ᠂ ᠰᠡᠳᠬᠢᠴᠡ ᠶᠢᠨ ᠦᠶᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ

ᠴᠢᠩᠭᠠᠳᠬᠠᠨ᠎ᠠ᠂ ᠰᠡᠳᠬᠢᠴᠡ ᠶᠢᠨ ᠦᠶᠯᠡᠴᠢᠯᠡᠭᠡ ᠪᠣᠯ ᠨᠢᠭᠡᠨ ᠣᠷᠳᠣ ᠬᠤᠭᠤᠴᠠᠭ᠎ᠠ ᠪᠠᠷ ᠪᠠᠷᠢᠮᠲᠠᠯᠠᠬᠤ ᠶᠠᠪᠤᠴᠠ

ᠮᠥᠨ᠂ ᠨᠢᠭᠡ ᠯᠡ ᠳᠡᠭᠡᠷ᠎ᠡ ᠪᠦᠲᠦᠬᠦ ᠶᠠᠪᠤᠳᠠᠯ ᠪᠢᠰᠢ᠂ ᠲᠡᠨᠦᠭᠦᠴᠢᠯᠡᠨ ᠭᠤᠶᠢᠷᠠᠨᠴᠢᠯᠠᠵᠤ ᠪᠠᠶᠢᠭ᠎ᠠ ᠬᠥᠮᠦᠰ᠂ ᠡᠷᠡᠭᠦᠦ

 ᠶᠢᠨ ᠬᠤᠭᠤᠴᠠᠭ᠎ᠠ ᠨᠢ ᠳᠠᠭᠤᠰᠴᠤ ᠰᠤᠯᠠᠯᠠᠭᠳᠠᠭᠰᠠᠨ ᠬᠥᠮᠦᠰ᠂ ᠬᠤᠤᠷ ᠲᠠᠲᠠᠬᠤ ᠶᠢ ᠵᠣᠭᠰᠣᠭᠠᠬᠤ ᠬᠥᠮᠦᠰ᠂

ᠨᠡᠶᠢᠭᠡᠮ ᠲᠣᠭᠤᠷᠢᠭ ᠤᠨ ᠵᠠᠰᠠᠮᠵᠢᠯᠠᠭᠤᠯᠤᠭᠴᠢ᠂ ᠬᠡᠷᠡᠭ ᠭᠠᠷᠭᠠᠵᠤ ᠬᠦᠨᠳᠦ ᠨᠣᠴᠢᠲᠠᠶ ᠣᠶᠤᠨ ᠮᠡᠳᠡᠷᠡᠯ ᠤᠨ

ᠰᠠᠭᠠᠳ ᠲᠠᠢ ᠡᠪᠡᠳᠴᠢᠲᠡᠨ ᠵᠡᠷᠭᠡ ᠣᠨᠴᠠᠭᠠᠶ ᠬᠥᠮᠦᠰ ᠲᠤ ᠰᠡᠳᠬᠢᠴᠡ ᠶᠢᠨ ᠡᠷᠡᠭᠦᠯ ᠮᠡᠨᠳᠦ ᠶᠢᠨ ᠦᠶᠯᠡᠴᠢᠯᠡᠭᠡ ᠶᠢ

ᠲᠣᠭᠲᠠᠮᠠᠯ ᠪᠤᠰᠤ ᠴᠠᠭ ᠲᠤ ᠭᠦᠨᠵᠡᠭᠡᠶ ᠥᠷᠨᠢᠭᠦᠯᠵᠦ᠂ ᠲᠣᠭᠲᠠᠭᠤᠨ ᠪᠤᠰᠤ ᠪᠠᠶᠢᠳᠠᠯ ᠢ ᠣᠯᠵᠤ ᠮᠡᠳᠡᠨ᠂

ᠤᠷᠢᠳᠴᠢᠯᠠᠨ ᠣᠷᠣᠯᠴᠠᠬᠤ ᠶᠢᠨ ᠬᠠᠮᠲᠤ᠂ ᠬᠠᠮᠢᠶ᠎ᠠ ᠪᠥᠬᠦᠶ ᠬᠥᠮᠦᠰ ᠤᠨ ᠰᠡᠳᠬᠢᠴᠡ ᠶᠢᠨ ᠵᠢᠯᠣᠭᠤᠳᠣᠯᠭ᠎ᠠ ᠶᠢᠨ

ᠠᠵᠢᠯ ᠢ ᠴᠠᠭ ᠲᠤᠬᠠᠶ ᠳᠤᠨᠢ ᠰᠠᠶᠢᠲᠤᠷ ᠬᠢᠵᠦ᠂ ᠰᠡᠳᠬᠢᠯ ᠤᠨ ᠵᠠᠩᠭᠢᠶᠠᠰᠤ ᠶᠢ ᠨᠢ ᠵᠠᠪᠠᠯ ᠠᠷᠢᠯᠭᠠᠬᠤ ᠬᠡᠷᠡᠭᠲᠡᠶ  ᠃

ᠵᠡᠭᠡᠯᠢ ᠭᠤᠳᠤᠮᠵᠢ᠂ ᠨᠡᠶᠢᠭᠡᠮ ᠲᠣᠭᠤᠷᠢᠭ ᠤᠨ ᠬᠢᠨ ᠠᠵᠢᠯ ᠤᠨ ᠲᠤᠷᠰᠢᠯᠭ᠎ᠠ᠂ ᠳᠠᠪᠠᠭᠤᠯᠢᠭ ᠪᠣᠯᠤᠨ ᠠᠵᠢᠯ ᠤᠨ

ᠳᠤᠮᠳᠠ ᠣᠷᠣᠰᠢᠵᠤ ᠪᠠᠶᠢᠭ᠎ᠠ ᠳᠤᠲᠠᠭᠤᠳᠠᠯ ᠢᠶᠠᠨ ᠨᠠᠷᠢᠨ ᠬᠢᠨᠠᠮᠠᠭᠠᠢ ᠳ᠋ᠦᠩᠨᠡᠵᠦ᠂ ᠦᠨᠳᠦᠰᠦᠨ ᠱᠠᠲᠤᠨ ᠤ ᠨᠡᠶᠢᠭᠡᠮ

 ᠤᠨ ᠵᠠᠰᠠᠯᠲᠠ ᠶᠢᠨ ᠠᠵᠢᠯ ᠢ ᠲᠠᠰᠤᠷᠠᠯᠳᠠ ᠦᠭᠡᠢ ᠪᠠᠬᠢᠵᠢᠭᠦᠯᠵᠦ᠂ ᠬᠠᠷᠢᠶ᠎ᠠ ᠣᠷᠣᠨ ᠤ ᠨᠡᠶᠢᠭᠡᠮ ᠤᠨ ᠵᠠᠰᠠᠯᠲᠠ ᠶᠢᠨ

ᠲᠦᠪᠰᠢᠨ ᠢ ᠳᠡᠭᠡᠭᠰᠢᠯᠡᠭᠦᠯᠬᠦ᠂ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢ ᠪᠡᠶᠡᠯᠡᠭᠦᠯᠬᠦ ᠳᠤ ᠳᠣᠲᠣᠭᠠᠳᠤ

ᠬᠥᠳᠡᠯᠭᠡᠬᠦ ᠬᠦᠴᠦᠨ ᠬᠠᠩᠭᠠᠬᠤ ᠬᠡᠷᠡᠭᠲᠡᠢ  ᠃

 
ᠢᠷᠡᠯᠲᠡ᠄ ᠰᠢᠭᠤᠶᠢᠲᠤ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号