ᠴᠠᠭᠠᠨ ᠰᠠᠷ᠎ᠠ  ᠶᠢᠨ ᠲᠣᠬᠤᠨᠢᠭᠤᠯᠤᠯ ᠨᠢ ᠬᠥᠮᠥᠰ ᠤᠨ ᠰᠡᠳᠬᠢᠯ  ᠢ ᠳᠤᠯᠠᠭᠠᠴᠠᠭᠤᠯᠵᠤ ᠬᠠᠶᠢᠷ᠎ᠠ ᠬᠠᠯᠠᠮᠵᠢ   ᠶᠢ ᠨᠡᠮᠡᠭᠳᠡᠭᠦᠯᠦᠨ᠎ᠡ
ᠨᠡᠶᠢᠲᠡᠯᠡᠭᠰᠡᠨ ᠴᠠᠭ᠄
2022/1/30
     ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠢᠶᠠᠷ᠂ 1 ᠰᠠᠷ᠎ᠠ ᠶᠢᠨ 28  ᠤ ᠡᠳᠦᠷ᠂ ᠱᠢ ᠭᠤᠸᠠᠢ ᠵᠡᠭᠡᠯᠢ ᠭᠤᠳᠤᠮᠵᠢ ᠶᠢᠨ ᠰᠢᠨ ᠸᠠᠩ ᠨᠡᠶᠢᠭᠡᠮ ᠲᠣᠭᠤᠷᠢᠭ ᠤᠨ ᠬᠢᠨ ᠴᠠᠭᠠᠨ ᠰᠠᠷ᠎ᠠ ᠶᠢᠨ ᠠᠶᠢᠯᠴᠢᠯᠠᠯᠲᠠ ᠶᠢᠨ ᠲᠣᠬᠤᠨᠢᠭᠤᠯᠬᠤ ᠠᠵᠢᠯᠯᠠᠭ᠎ᠠ ᠥᠷᠨᠢᠭᠦᠯᠵᠦ᠂ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠯᠢ ᠶᠠ ᠮᠢᠨ᠂ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ ᠬᠠᠰ ᠠᠮᠢᠳᠤᠷᠠᠯ ᠨᠢ ᠬᠦᠴᠢᠷᠳᠡᠯᠲᠡᠢ ᠤᠯᠠᠨ ᠲᠦᠮᠡᠨ ᠢ ᠡᠷᠬᠢᠨ ᠦᠵᠡᠵᠦ ᠲᠣᠬᠤᠨᠢᠭᠤᠯᠵᠤ᠂ ᠲᠡᠳᠡᠨ ᠳᠤ ᠴᠢᠩ ᠰᠡᠳᠬᠢᠯ ᠤᠨ ᠪᠠᠶᠠᠷ ᠤᠨ ᠡᠳᠦᠷ ᠤᠨ ᠮᠡᠨᠳᠦᠴᠢᠯᠡᠯ ᠬᠦᠷᠭᠡᠬᠦ ᠶᠢᠨ ᠬᠠᠮᠲᠤ ᠲᠣᠬᠤᠨᠢᠭᠤᠯᠬᠤ ᠮᠥᠩᠭᠦ ᠬᠦᠷᠭᠡᠪᠡ᠃

ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠯᠢ ᠶᠠ ᠮᠢᠨ᠂ ᠬᠡᠷᠡᠭ ᠡᠷᠬᠢᠯᠡᠬᠦ ᠭᠠᠵᠠᠷ ᠤᠨ

ᠡᠷᠬᠢᠯᠡᠭᠴᠢ ᠬᠠᠰ ᠰᠠᠭᠤᠭᠠᠯᠢ ᠠᠷᠠᠳ ᠤᠨ ᠭᠡᠷ ᠲᠤ ᠬᠦᠷᠴᠦ᠂ ᠲᠡᠳᠡᠨ ᠲᠠᠢ ᠡᠪᠦᠳᠦᠭ ᠨᠤᠭᠤᠯᠤᠨ ᠶᠠᠷᠢᠯᠴᠠᠵᠤ᠂

ᠰᠠᠭᠤᠭᠠᠯᠢ ᠠᠷᠠᠳ ᠤᠨ ᠪᠡᠶ᠎ᠡ ᠮᠠᠬᠠᠪᠤᠳ ᠤᠨ ᠪᠠᠶᠢᠳᠠᠯ ᠪᠠ ᠭᠡᠷ ᠪᠦᠯᠢ ᠶᠢᠨ ᠪᠠᠶᠢᠳᠠᠯ ᠢ ᠨᠠᠷᠢᠨ ᠠᠰᠠᠭᠤᠨ ᠯᠠᠪᠯᠠᠵᠤ᠂

ᠲᠡᠳᠡᠨ ᠢ ᠪᠡᠶ᠎ᠡ ᠪᠠᠨ ᠭᠠᠮᠨᠠᠭᠠᠷᠠᠢ ᠭᠡᠵᠦ ᠵᠠᠬᠢᠵᠤ᠂ ᠨᠢᠳᠦᠨ ᠡᠮᠦᠨᠡᠬᠢ ᠬᠦᠴᠢᠷᠳᠡᠯ ᠪᠣᠯ ᠵᠥᠪᠬᠡᠨ ᠲᠦᠷ ᠴᠠᠭ ᠤᠨ

ᠶᠤᠮ᠂ ᠶᠠᠮᠠᠷ ᠦᠶ᠎ᠡ ᠳᠤ ᠬᠡᠷᠡᠭᠴᠡᠭᠡ ᠲᠠᠢ ᠪᠣᠯ ᠪᠦᠷ ᠨᠡᠶᠢᠭᠡᠮ ᠲᠣᠭᠤᠷᠢᠭ᠂ ᠵᠡᠭᠡᠯᠢ ᠭᠤᠳᠤᠮᠵᠢ ᠲᠠᠢ ᠬᠠᠷᠢᠯᠴᠠᠵᠤ᠂

ᠲᠡᠳᠡᠨ ᠢ ᠢᠲᠡᠭᠡᠯ ᠵᠣᠷᠢᠭ ᠢᠶᠠᠨ ᠪᠠᠲᠤᠳᠬᠠᠵᠤ᠂ ᠨᠠᠮ ᠤᠨ ᠬᠤᠷᠢᠶ᠎ᠠ ᠵᠠᠰᠠᠭ ᠤᠨ ᠣᠷᠳᠣᠨ ᠤ ᠬᠠᠪᠰᠤᠷᠤᠯᠭ᠎ᠠ

ᠳᠣᠣᠷ᠎ᠠ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠠᠵᠢᠯᠴᠢ ᠬᠥᠳᠡᠯᠮᠦᠷᠢᠴᠢ ᠬᠤᠶᠠᠷ ᠭᠠᠷ ᠢᠶᠠᠷ ᠢᠶᠠᠨ ᠵᠣᠯ ᠵᠢᠷᠭᠠᠯᠲᠤ

ᠰᠠᠶᠢᠨ ᠰᠠᠶᠢᠬᠠᠨ ᠠᠮᠢᠳᠤᠷᠠᠯ ᠢᠶᠠᠨ ᠴᠣᠭᠴᠠᠯᠠᠨ ᠪᠠᠶᠢᠭᠤᠯᠬᠤ ᠶᠢ ᠵᠣᠷᠢᠭᠵᠢᠭᠤᠯᠬᠤ ᠬᠡᠷᠡᠭᠲᠡᠢ᠃

ᠡᠨᠡ ᠤᠳᠠᠭ᠎ᠠ ᠶᠢᠨ ᠠᠶᠢᠯᠴᠢᠯᠠᠯᠲᠠ ᠨᠢ ᠤᠯᠠᠨ ᠤ ᠰᠡᠳᠬᠢᠯ ᠢ ᠶᠡᠬᠡᠳᠡ ᠳᠣᠭᠳᠣᠯᠤᠭᠤᠯᠪᠠ᠂ ᠲᠡᠳᠡ ᠨᠠᠮ ᠪᠣᠯᠣᠨ

ᠵᠠᠰᠠᠭ ᠤᠨ ᠣᠷᠳᠣᠨ ᠤ ᠬᠠᠯᠠᠭᠤᠨ ᠳᠤᠯᠠᠭᠠᠨ ᠳᠤ ᠲᠠᠯᠠᠷᠬᠠᠵᠤ᠂ ᠬᠤᠶᠢᠰᠢᠳᠠ ᠶᠢᠨ ᠠᠮᠢᠳᠤᠷᠠᠯ ᠳᠤᠮᠳᠠ ᠪᠠᠨ ᠨᠠᠮ ᠤᠨ

ᠳᠣᠲᠣᠨᠣ ᠬᠠᠯᠠᠮᠵᠢᠯᠠᠯ ᠢ ᠬᠥᠰᠡᠷᠳᠡᠭᠦᠯᠬᠦ ᠦᠭᠡᠢ ᠪᠠᠶᠢᠵᠤ᠂ ᠬᠦᠴᠢᠷ ᠪᠡᠷᠬᠡᠰᠢᠶᠡᠯ ᠢ ᠴᠢᠷᠮᠠᠶᠢᠨ ᠢᠯᠠᠨ ᠳᠠᠪᠠᠵᠤ᠂

ᠬᠦᠴᠢᠷ ᠪᠡᠷᠬᠡᠰᠢᠶᠡᠯ ᠠᠴᠠ ᠡᠷᠲᠡᠬᠡᠨ ᠠᠩᠭᠢᠵᠢᠷᠠᠨ᠎ᠠ ᠭᠡᠵᠦ ᠢᠯᠡᠳᠬᠡᠵᠡᠭᠡᠪᠡ᠃

 
ᠢᠷᠡᠯᠲᠡ᠄ ᠰᠢᠭᠤᠶᠢᠲᠤ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号