ᠴᠠᠭᠠᠨ ᠰᠠᠷ᠎ᠠ ᠶᠢᠨ ᠬᠤᠭᠤᠴᠠᠭᠠᠨ ᠳᠤ ᠬᠠᠷᠢᠶ᠎ᠠ ᠣᠷᠣᠨ ᠤ ᠠᠮᠤᠷ ᠲᠦᠪᠰᠢᠨ ᠤ ᠪᠠᠶᠢᠳᠠᠯ ᠤᠨ | ᠦᠷᠭᠦᠯᠵᠢᠯᠡᠨ ᠲᠣᠭᠲᠠᠭᠤᠨ ᠪᠠᠶᠢᠬᠤ ᠶᠢ ᠪᠠᠲᠤᠯᠠᠵᠤ᠂ ᠡᠯ᠎ᠡ ᠲᠦᠷᠦᠯ ᠤᠨ ᠠᠶᠤᠯᠭᠦᠢ ᠦᠢᠯᠡᠳᠪᠦᠷᠢᠯᠡᠯ ᠤᠨ ᠠᠳᠡᠯ | ᠭᠠᠷᠬᠤ ᠶᠢ ᠴᠢᠩᠭ᠎ᠠ ᠰᠡᠷᠭᠡᠶᠢᠯᠡᠬᠦ ᠶᠢᠨ ᠲᠥᠯᠥᠭᠡ᠂ 1 ᠰᠠᠷ᠎ᠠ ᠶᠢᠨ 27 ᠤ ᠡᠳᠦᠷ᠂ ᠰᠢᠭᠤᠶᠢᠲᠤ ᠵᠡᠭᠡᠯᠢ | ᠭᠤᠳᠤᠮᠵᠢ ᠶᠢᠨ ᠠᠵᠢᠯᠲᠠᠳ ᠬᠠᠷᠢᠶ᠎ᠠ ᠣᠷᠣᠨ ᠤ ᠠᠵᠤ ᠠᠬᠤᠶᠢᠯᠠᠯ᠂ ᠵᠡᠭᠡᠯᠢ ᠳᠠᠭᠠᠤ ᠶᠢᠨ ᠬᠤᠳᠠᠯᠳᠤᠭᠠᠨ ᠤ ᠫᠦᠰᠡ᠂ | ᠬᠥᠮᠥᠨ ᠬᠠᠷ᠎ᠠ ᠲᠥᠪᠯᠡᠷᠡᠭᠰᠡᠨ ᠭᠠᠵᠠᠷ ᠲᠤ ᠬᠦᠷᠴᠦ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠬᠢᠵᠡᠢ᠃ | | | | | ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠦᠨᠳᠦᠰᠦᠨ ᠱᠠᠲᠤᠨ ᠤ ᠠᠶᠤᠯ ᠦᠭᠡᠢ | ᠦᠢᠯᠡᠳᠪᠦᠷᠢᠯᠡᠯ ᠤᠨ ᠬᠢᠨᠠᠨ ᠪᠠᠶᠢᠴᠠᠭᠠᠭᠴᠢ᠂ ᠰᠦᠯᠵᠢᠶᠡᠨ ᠤ ᠲᠠᠰᠤᠯᠤᠭᠴᠢ ᠠᠴᠠ ᠬᠠᠷᠢᠶ᠎ᠠ ᠣᠷᠣᠨ ᠤ ᠡᠯ᠎ᠡ | ᠲᠠᠯᠠᠪᠤᠷ ᠲᠤ ᠣᠷᠣᠰᠢᠵᠤ ᠪᠠᠶᠢᠭ᠎ᠠ ᠠᠮᠤᠷ ᠲᠦᠪᠰᠢᠨ ᠤ ᠳᠠᠯᠳᠠ ᠬᠡᠮ ᠳᠤ ᠬᠡᠪᠢᠰ ᠮᠠᠶ᠋ᠢᠭ ᠤᠨ ᠪᠠᠶᠢᠴᠠᠭᠠᠯᠲᠠ ᠬᠢᠵᠦ᠂ | ᠬᠠᠷᠢᠶᠠᠲᠤ ᠣᠷᠣᠨ ᠳᠤ ᠬᠤᠸᠠᠷ ᠫᠤᠤᠵᠢᠩ ᠬᠤᠳᠠᠯᠳᠤᠬᠤ ᠭᠠᠵᠠᠷ ᠪᠠᠶᠢᠬᠤ ᠡᠰᠡᠬᠦ᠂ ᠠᠵᠤ ᠠᠬᠤᠶᠢᠯᠠᠯ᠂ | ᠵᠣᠴᠢᠳ ᠤᠨ ᠪᠠᠭᠤᠳᠠᠯ᠂ ᠲᠦᠷᠭᠡᠨ ᠬᠦᠷᠭᠡᠬᠦ ᠥᠷᠲᠡᠭᠡ᠂ ᠬᠤᠳᠠᠯᠳᠤᠭ᠎ᠠ ᠴᠤᠭᠯᠠᠭ᠎ᠠ ᠮᠠᠶᠢᠮᠠᠢ ᠶᠢᠨ ᠵᠠᠬ᠎ᠠ ᠳᠡᠯᠭᠡᠭᠦᠷ | ᠵᠡᠷᠭᠡ ᠠᠵᠢᠯ ᠲᠥᠷᠥᠯ ᠤᠨ ᠲᠠᠯᠠᠪᠤᠷ ᠤᠨ ᠭᠠᠯ ᠤᠨᠲᠠᠷᠠᠭᠠᠬᠤ ᠲᠥᠬᠦᠭᠡᠷᠦᠮᠵᠢ ᠶᠢᠨ ᠪᠠᠭᠠᠵᠢ ᠬᠡᠷᠡᠭᠰᠡᠯ ᠤᠨ ᠪᠦᠷᠢᠨ | ᠪᠦᠲᠦᠨ ᠪᠠᠶᠢᠬᠤ ᠡᠰᠡᠬᠦ ᠶᠢ ᠭᠤᠣᠯᠳᠠᠯᠭ᠎ᠠ ᠲᠠᠢ ᠪᠠᠶᠢᠴᠠᠭᠠᠵᠤ᠂ ᠲᠠᠷᠬᠠᠭᠠᠨ ᠶᠠᠪᠤᠭᠤᠯᠬᠤ ᠵᠠᠮ᠂ ᠠᠮᠤᠷ ᠲᠦᠪᠰᠢᠨ | ᠭᠠᠷᠬᠤ ᠡᠭᠦᠳᠡ ᠰᠠᠭᠠᠳ ᠦᠭᠡᠢ ᠨᠡᠪᠲᠡᠷᠡᠵᠦ ᠪᠠᠶᠢᠬᠤ ᠡᠰᠡᠬᠦ᠂ ᠲᠡᠷᠡᠴᠢᠯᠡᠨ ᠠᠵᠢᠯᠲᠠᠨ ᠠᠵᠢᠯᠴᠢᠨ ᠭᠠᠯ | ᠤᠨᠲᠠᠷᠠᠭᠠᠭᠤᠷ ᠢ ᠬᠡᠷᠬᠢᠨ ᠬᠡᠷᠡᠭᠯᠡᠬᠦ᠂ ᠴᠠᠭᠳᠠᠭ᠎ᠠ ᠳᠤ ᠬᠡᠷᠬᠢᠨ ᠮᠡᠳᠡᠭᠦᠯᠬᠦ᠂ ᠬᠥᠮᠥᠰ ᠢ ᠬᠡᠷᠬᠢᠨ ᠲᠠᠷᠬᠠᠭᠠᠬᠤ᠂ | ᠠᠩᠬ᠎ᠠ ᠵᠡᠷᠭᠡ ᠶᠢᠨ ᠭᠠᠯ ᠤᠨ ᠠᠶᠤᠯ ᠢ ᠬᠡᠷᠬᠢᠨ ᠨᠥᠬᠦᠪᠦᠷᠢᠯᠡᠬᠦ ᠵᠢᠴᠢ ︽ᠳᠥᠷᠪᠡᠨ ᠴᠢᠳᠠᠪᠤᠷᠢ︾ ᠶᠢᠨ ᠮᠡᠳᠡᠯᠭᠡ | ᠶᠢ ᠡᠵᠡᠮᠰᠢᠭᠰᠡᠨ ᠪᠠᠶᠢᠳᠠᠯ ᠢ ᠲᠤᠬᠠᠢ ᠶᠢᠨ ᠭᠠᠵᠠᠷ ᠲᠤᠨᠢ ᠰᠣᠩᠭᠤᠨ ᠪᠠᠶᠢᠴᠠᠭᠠᠨ᠎ᠠ᠃ᠠᠵᠢᠯᠲᠠᠳ ᠠᠴᠠ ᠠᠵᠢᠯ | ᠲᠦᠷᠦᠯ ᠤᠨ ᠲᠠᠯᠠᠪᠤᠷ ᠤᠨ ᠬᠠᠷᠢᠭᠤᠴᠠᠯᠭᠠᠲᠠᠨ ᠢ ᠡᠷᠬᠡᠪᠰᠢ ᠭᠠᠯ ᠤᠨᠲᠠᠷᠠᠭᠠᠬᠤ ᠠᠮᠤᠷ ᠲᠦᠪᠰᠢᠨ ᠤ ᠭᠤᠣᠯ | ᠴᠣᠭᠴᠠ ᠶᠢᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠵᠤ᠂ ᠲᠣᠭᠤᠷᠢᠨ ᠪᠠᠶᠢᠴᠠᠭᠠᠬᠤ ᠪᠠᠨ | ᠴᠢᠩᠭᠠᠳᠬᠠᠵᠤ᠂ ᠭᠠᠯ ᠤᠨᠲᠠᠷᠠᠭᠠᠬᠤ ᠪᠣᠯᠪᠠᠰᠤᠷᠠᠯ ᠢ ᠥᠷᠨᠢᠭᠦᠯᠵᠦ᠂ ᠥᠪᠡᠷ ᠢ ᠪᠠᠨ ᠰᠡᠷᠭᠡᠶᠢᠯᠡᠵᠦ ᠥᠪᠡᠷ ᠢ ᠪᠠᠨ | ᠠᠪᠤᠷᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠠᠮᠤᠷ ᠲᠦᠪᠰᠢᠨ ᠤ ᠬᠤᠷᠢᠭ᠎ᠠ ᠱᠤᠭᠤᠮ ᠢ ᠴᠢᠩᠭ᠎ᠠ ᠠᠩᠬᠠᠷᠴᠤ᠂ | ᠠᠮᠤᠷ ᠲᠦᠪᠰᠢᠨ ᠤ ᠬᠡᠮ ᠰᠣᠭᠤᠭ ᠢ ᠪᠦᠬᠦ ᠬᠦᠴᠦᠨ ᠢᠶᠠᠷ ᠢᠶᠠᠨ ᠠᠷᠢᠯᠭᠠᠵᠤ᠂ ᠡᠯ᠎ᠡ ᠲᠦᠷᠦᠯ ᠤᠨ ᠠᠮᠤᠷ | ᠲᠦᠪᠰᠢᠨ ᠤ ᠠᠳᠡᠯ ᠭᠠᠷᠬᠤ ᠶᠢ ᠰᠡᠷᠭᠡᠶᠢᠯᠡᠬᠦ ᠪᠠ ᠬᠤᠷᠢᠭᠯᠠᠬᠤ ᠬᠡᠷᠡᠭᠲᠡᠢ ᠭᠡᠵᠦ ᠱᠠᠭᠠᠷᠳᠠᠪᠠ᠃ | ᠲᠣᠰ ᠤᠳᠠᠭᠠᠨ ᠤ ᠪᠠᠶᠠᠷ ᠤᠨ ᠡᠳᠦᠷ ᠠᠴᠠ ᠡᠮᠦᠨᠡᠬᠢ ᠪᠠᠶᠢᠴᠠᠭᠠᠯᠲᠠ ᠪᠠᠷ ᠳᠡᠮᠵᠢᠨ᠂ ᠬᠠᠷᠢᠶᠠᠲᠤ | ᠣᠷᠣᠨ ᠤ ᠡᠯ᠎ᠡ ᠲᠠᠯᠠᠪᠤᠷ ᠭᠠᠵᠠᠷ᠂ ᠨᠢᠭᠡᠴᠡ ᠶᠢᠨ ᠠᠮᠤᠷ ᠢ ᠬᠠᠮᠠᠭᠠᠯᠠᠬᠤ ᠰᠡᠷᠭᠡᠶᠢᠯᠡᠯᠲᠡ ᠶᠢᠨ ᠠᠵᠢᠯ ᠪᠠ ᠭᠠᠯ | ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠶᠢ ᠳᠠᠬᠢᠨᠲᠠ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ᠬᠠᠮᠢᠶᠠᠷᠤᠯᠲᠠ ᠪᠠᠨ ᠵᠢᠷᠤᠮᠵᠢᠭᠤᠯᠤᠨ᠂ ᠥᠪᠡᠷ ᠢ ᠪᠠᠨ ᠰᠡᠷᠭᠡᠶᠢᠯᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠡᠯ᠎ᠡ | ᠲᠥᠷᠥᠯ ᠤᠨ ᠠᠮᠤᠷ ᠲᠦᠪᠰᠢᠨ ᠤ ᠬᠡᠮ ᠰᠣᠭᠤᠭ ᠢ ᠠᠷᠢᠯᠭᠠᠪᠠ᠃ᠬᠠᠷᠢᠶᠠᠲᠤ ᠣᠷᠣᠨ ᠤ ᠰᠠᠭᠤᠭᠠᠯᠢ ᠠᠷᠠᠳ ᠤᠨ | ᠪᠠᠶᠠᠷ ᠬᠥᠷ ᠲᠠᠢ ᠥᠯᠵᠡᠢ ᠪᠡᠯᠭᠡ ᠲᠠᠢ ᠠᠮᠤᠷ ᠲᠦᠪᠰᠢᠨ ᠴᠠᠭᠠᠨ ᠰᠠᠷ᠎ᠠ ᠪᠠᠨ ᠥᠩᠭᠡᠷᠡᠭᠦᠯᠬᠦ ᠶᠢ ᠦᠨᠡᠨ ᠬᠦ | ᠪᠠᠲᠤᠯᠠᠬᠤ ᠬᠡᠷᠡᠭᠲᠡᠢ᠃ | |