ᠵᠠᠩ ᠬᠠᠢ ᠪᠦᠯᠬᠦᠮ ᠳᠠᠭᠠᠭᠤᠯᠤᠨ  ᠬᠦᠴᠢᠷ ᠲᠠᠢ  ᠠᠷᠠᠳ ᠲᠦᠮᠡᠨ  ᠢ ᠲᠣᠬᠤᠨᠢᠭᠤᠯᠪᠠ
ᠨᠡᠶᠢᠲᠡᠯᠡᠭᠰᠡᠨ ᠴᠠᠭ᠄
2022/1/30
       1 ᠰᠠᠷ᠎ᠠ ᠶᠢᠨ 20 ᠤ ᠡᠳᠦᠷ ᠤᠨ ᠦᠳᠡ ᠶᠢᠨ ᠡᠮᠦᠨ᠎ᠡ᠂ ᠵᠠᠩ ᠬᠠᠢ ᠪᠦᠯᠬᠦᠮ ᠳᠠᠭᠠᠭᠤᠯᠤᠨ ᠬᠦᠴᠢᠷᠳᠡᠯᠲᠡᠢ ᠣᠯᠠᠨ ᠲᠦᠮᠡᠨ ᠢ ᠲᠣᠬᠤᠨᠢᠭᠤᠯᠵᠤ᠂ ᠲᠡᠳᠡᠨ ᠳᠤ ᠲᠣᠬᠤᠨᠢᠭᠤᠯᠬᠤ ᠮᠥᠩᠭᠦ ᠪᠠ ᠲᠣᠬᠤᠨᠢᠭᠤᠯᠬᠤ ᠪᠣᠳᠠᠰ ᠬᠦᠷᠭᠡᠭᠰᠡᠨ ᠪᠥᠭᠡᠳ ᠲᠣᠭᠤᠷᠢᠭ ᠤᠨ ᠳᠥᠷᠪᠡᠨ ᠶᠡᠭᠡ ᠪᠠᠭ ᠤᠨ ᠡᠮᠦᠨ᠎ᠡ ᠠᠴᠠ ᠲᠡᠳᠡᠨ ᠳᠤ ᠴᠠᠭᠠᠨ ᠰᠠᠷ᠎ᠠ ᠶᠢᠨ ᠰᠠᠶᠢᠨ ᠰᠠᠶᠢᠬᠠᠨ ᠢᠷᠦᠭᠡᠯ ᠳᠡᠪᠰᠢᠭᠦᠯᠵᠡᠢ᠃ ᠲᠣᠭᠤᠷᠢᠭ ᠤᠨ ᠳᠡᠳ᠋ ᠳᠠᠷᠤᠭ᠎ᠠ ᠭᠤᠤ ᠹᠧᠢ᠂ ᠳ᠋ᠠ ᠹᠠ ᠵᠡᠭᠡᠯᠢ ᠭᠤᠳᠤᠮᠵᠢ᠂ ᠳ᠋ᠠ ᠳᠤ ᠾᠧᠩ ᠵᠡᠭᠡᠯᠢ ᠭᠤᠳᠤᠮᠵᠢ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠯᠪᠠᠨ ᠭᠡᠷ᠂ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ ᠪᠣᠯᠣᠨ ᠲᠣᠭᠤᠷᠢᠭ ᠤᠨ ᠪᠣᠭᠤᠮᠲᠠ ᠶᠢᠨ ᠠᠵᠢᠯ ᠤᠨ ᠵᠥᠪᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠲᠣᠭᠤᠷᠢᠨ ᠦᠵᠡᠵᠦ ᠲᠣᠬᠤᠨᠢᠭᠤᠯᠬᠤ ᠳᠤ ᠣᠷᠣᠯᠴᠠᠪᠠ᠃

      52 ᠨᠠᠰᠤᠲᠠᠢ ᠳᠠᠭᠠᠨ ᠳᠥᠷᠪᠡᠨ ᠳᠡᠰ ᠤᠨ ᠵᠡᠮᠳᠡᠭ᠂ ᠰᠠᠪᠠ ᠶᠢᠨ ᠬᠦᠵᠦᠭᠦᠨ ᠤ ᠥᠮᠡᠨ ᠳᠤ ᠨᠡᠷᠪᠡᠭᠳᠡᠭᠰᠡᠨ

ᠸᠠᠩ ᠵᠢᠶᠦ᠋ᠨ ᠮᠧᠶ ᠶᠢᠨ ᠭᠡᠷ ᠲᠤ ᠵᠠᠩ ᠬᠠᠢ ᠸᠠᠩ ᠵᠢᠶᠦ᠋ᠨ ᠮᠧᠶ ᠶᠢᠨ ᠪᠡᠶ᠎ᠡ ᠶᠢᠨ ᠪᠠᠶᠢᠳᠠᠯ ᠪᠠ ᠠᠮᠢᠳᠤᠷᠠᠯ ᠤᠨ

ᠪᠠᠶᠢᠳᠠᠯ ᠢ ᠬᠠᠯᠠᠮᠵᠢᠯᠠᠨ ᠠᠰᠠᠭᠤᠵᠤ᠂ ᠲᠡᠭᠦᠨ ᠤ ᠭᠡᠷ ᠨᠢ ᠴᠡᠪᠡᠷ ᠴᠡᠮᠴᠡᠭᠡᠷ᠂ ᠰᠡᠳᠬᠢᠯ ᠰᠠᠨᠠᠭ᠎ᠠ ᠨᠢ ᠪᠠᠶᠠᠰᠤᠩᠭᠤᠢ

ᠪᠥᠭᠡᠳ ᠢᠳᠡᠪᠬᠢᠲᠡᠢ ᠪᠠᠶᠢᠬᠤ ᠶᠢ ᠬᠠᠷᠠᠭᠠᠳ ᠵᠠᠩ ᠬᠠᠢ ᠲᠤᠶᠢᠯ ᠢᠶᠠᠷ ᠪᠠᠶᠠᠷᠯᠠᠵᠤ᠂ ᠳᠠᠭᠠᠵᠤ ᠶᠠᠪᠤᠭ᠎ᠠ ᠰᠠᠯᠠᠭ᠎ᠠ

ᠮᠥᠴᠢᠷ ᠤᠨ ᠬᠢᠨ ᠢ ᠬᠦᠴᠢᠷᠳᠡᠯᠲᠡᠢ ᠣᠯᠠᠨ ᠲᠦᠮᠡᠨ ᠤ ᠠᠮᠤᠷ ᠲᠦᠪᠰᠢᠨ ᠪᠠ ᠠᠶᠤᠯ ᠲᠦᠭᠰᠢᠭᠦᠷᠢ ᠶᠢ ᠴᠠᠭ

ᠢᠮᠠᠭᠲᠠ ᠰᠡᠳᠬᠢᠯ ᠳᠡᠭᠡᠨ ᠪᠤᠳᠤᠵᠤ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠴᠢᠳᠠᠯ ᠤᠨ ᠬᠢᠷᠢ ᠪᠠᠷ ᠢᠶᠠᠨ

ᠬᠠᠪᠰᠤᠷᠤᠯᠭ᠎ᠠ ᠦᠵᠡᠭᠦᠯᠵᠦ᠂ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠥᠷᠭᠡᠨ ᠣᠯᠠᠨ ᠠᠷᠠᠳ

ᠲᠦᠮᠡᠨ ᠤ ᠰᠡᠳᠬᠢᠯ ᠳᠤ ᠦᠨᠡᠨ ᠬᠦ ᠬᠦᠷᠭᠡᠵᠦ᠂ ᠲᠡᠳᠡᠨ ᠢ ᠪᠠᠶᠠᠷ ᠬᠥᠷ ᠲᠠᠢ᠂ ᠥᠯᠵᠡᠢ ᠪᠡᠯᠭᠡ ᠲᠠᠢ ᠴᠠᠭᠠᠨ

ᠰᠠᠷ᠎ᠠ ᠶᠢ ᠥᠩᠭᠡᠷᠡᠭᠦᠯᠬᠦ ᠬᠡᠷᠡᠭᠲᠡᠢ ᠭᠡᠵᠦ ᠱᠠᠭᠠᠷᠳᠠᠪᠠ᠃

      10 ᠨᠠᠰᠤᠲᠠᠢ ᠪᠢᠴᠢᠬᠠᠨ ᠥᠬᠢᠨ ᠴᠧᠨ ᠣᠪᠣᠭᠲᠤ᠂ ᠵᠢᠶᠦ᠋ᠨ ᠰᠢᠸ ᠬᠥᠭᠡᠷᠦᠬᠦᠨ ᠪᠣᠯᠪᠠᠴᠤ

ᠲᠥᠷᠥᠯᠬᠢ ᠶᠢᠨ ᠨᠢᠭᠡᠳᠦᠭᠡᠷ ᠳᠡᠰ ᠤᠨ ᠰᠣᠨᠣᠷ ᠤᠨ ᠵᠡᠮᠳᠡᠭ ᠪᠣᠯᠬᠤᠷ ᠵᠥᠪᠬᠡᠨ ᠰᠣᠨᠣᠷ ᠲᠤᠳᠤᠤᠡᠬᠠᠭᠤᠷ ᠢᠶᠠᠷ

ᠭᠠᠳᠠᠭᠠᠳᠤ ᠶᠢᠷᠲᠢᠨᠴᠦ ᠲᠠᠢ ᠬᠠᠷᠢᠯᠴᠠᠵᠤ᠂ ᠰᠤᠷᠭᠠᠭᠤᠯᠢ ᠳᠤ ᠪᠠᠶᠢᠬᠤ ᠬᠤᠭᠤᠴᠠᠭᠠᠨ ᠳᠠᠭᠠᠨ ᠪᠠᠰᠠ ᠭᠡᠷ ᠤᠨ

ᠬᠥᠮᠥᠰ ᠢᠶᠠᠷ ᠢᠶᠠᠨ ᠲᠡᠭᠦᠨ ᠤ ᠰᠤᠷᠤᠯᠭ᠎ᠠ ᠶᠢ ᠨᠢ ᠬᠠᠪᠰᠤᠷᠤᠨ ᠲᠡᠭᠦᠰᠬᠡᠵᠦ᠂ ᠭᠡᠷ ᠤᠨ ᠬᠥᠮᠥᠰ ᠢᠶᠠᠷ ᠢᠶᠠᠨ ᠵᠥᠪᠬᠡᠨ

ᠡᠴᠢᠭᠡ ᠶᠢᠨ ᠢᠶᠠᠨ ᠠᠷᠰᠠᠷ ᠠᠵᠢᠯ ᠬᠢᠭᠰᠡᠨ ᠥᠴᠥᠬᠡᠨ ᠣᠷᠣᠯᠭ᠎ᠠ ᠪᠠᠷ ᠢᠶᠠᠨ ᠡᠳᠦᠷ ᠬᠤᠨᠤᠭ ᠢ ᠥᠩᠭᠡᠷᠡᠭᠡᠳᠡᠭ᠃

ᠵᠠᠩ ᠬᠠᠢ ᠨᠠᠷ ᠴᠧᠨ ᠣᠪᠣᠭᠲᠤ ᠶᠢᠨ ᠭᠡᠷ ᠲᠤ ᠬᠦᠷᠴᠦ᠂ ᠬᠡᠦᠬᠡᠳ ᠤᠨ ᠢᠶᠠᠨ ᠡᠪᠡᠳᠴᠢᠨ ᠤ ᠪᠠᠶᠢᠳᠠᠯ ᠪᠠ ᠭᠡᠷ

ᠪᠦᠯᠢ ᠶᠢᠨ ᠣᠷᠣᠯᠭ᠎ᠠ ᠵᠢᠴᠢ ᠠᠵᠤ ᠠᠬᠤᠢ ᠶᠢᠨ ᠪᠠᠶᠢᠳᠠᠯ ᠢ ᠨᠠᠷᠢᠨ ᠠᠰᠠᠭᠤᠵᠤ᠂ ᠲᠡᠳᠡᠨ ᠤ ᠭᠡᠷ ᠪᠦᠯᠢ ᠶᠢᠨ ᠬᠢᠨ ᠢ

ᠢᠲᠡᠭᠡᠯ ᠵᠣᠷᠢᠭ ᠲᠠᠢ ᠪᠠᠶᠢᠵᠤ᠂ ᠨᠢᠳᠦᠨ ᠡᠮᠦᠨᠡᠬᠢ ᠬᠦᠴᠢᠷᠳᠡᠯ ᠢᠶᠠᠨ ᠢᠯᠠᠨ ᠳᠠᠪᠠᠵᠤ᠂ ᠠᠮᠢᠳᠤᠷᠠᠯ ᠳᠠᠭᠠᠨ

ᠪᠠᠶᠠᠰᠤᠩᠭᠤᠢ ᠬᠠᠨᠳᠤᠵᠤ᠂ ᠠᠮᠢᠳᠤᠷᠠᠯ ᠢᠶᠠᠨ ᠤᠯᠠᠮ ᠰᠠᠶᠢᠵᠢᠷᠠᠭᠤᠯᠬᠤ ᠶᠢ ᠵᠣᠷᠢᠭᠵᠢᠭᠤᠯᠵᠠᠢ᠃ ᠡᠭᠦᠨ ᠤ ᠵᠡᠷᠭᠡ ᠳᠤ

ᠲᠡᠷᠡ ᠪᠠᠰᠠ ᠴᠢᠬᠤᠯᠠᠴᠢᠯᠠᠭᠰᠠᠨ ᠨᠢ᠂ ᠬᠡᠦᠬᠡᠳ ᠪᠣᠯ ᠡᠬᠡ ᠤᠯᠤᠰ ᠤᠨ ᠴᠡᠴᠡᠭ ᠮᠥᠨ᠂ ᠨᠢᠭᠡᠨ ᠭᠡᠷ ᠪᠦᠯᠢ ᠶᠢᠨ

ᠢᠷᠡᠭᠡᠳᠦᠢ ᠮᠥᠨ᠂ ᠵᠡᠮᠳᠡᠭ ᠬᠡᠦᠬᠡᠳ ᠲᠤ ᠨᠡᠩ ᠴᠤ ᠪᠦᠬᠦ ᠨᠡᠶᠢᠭᠡᠮ ᠤᠨ ᠨᠡᠩ ᠣᠯᠠᠨ ᠬᠠᠶᠢᠷ᠎ᠠ ᠬᠠᠯᠠᠮᠵᠢ ᠪᠠ

ᠬᠠᠪᠰᠤᠷᠤᠯᠭ᠎ᠠ ᠬᠡᠷᠡᠭᠲᠡᠢ᠂ ᠲᠡᠷᠡ ᠲᠣᠰᠬᠤᠨ ᠤ ᠺᠠᠳ᠋ᠷ᠂ ᠵᠡᠭᠡᠯᠢ ᠭᠤᠳᠤᠮᠵᠢ ᠶᠢᠨ ᠠᠵᠢᠯᠲᠠᠨ ᠵᠢᠴᠢ ᠬᠤᠯᠪᠣᠭᠳᠠᠯ

ᠪᠦᠬᠦᠢ ᠰᠠᠯᠠᠭ᠎ᠠ ᠮᠥᠴᠢᠷ ᠤᠨ ᠬᠢᠨ᠂ ᠵᠡᠮᠳᠡᠭ ᠬᠡᠦᠬᠡᠳ ᠤᠨ ᠭᠡᠷ ᠪᠦᠯᠢ ᠶᠢ ᠬᠠᠯᠠᠮᠵᠢᠯᠠᠨ ᠳᠡᠮᠵᠢᠬᠦ ᠡᠷᠴᠢᠮ ᠢᠶᠠᠨ

ᠴᠢᠩᠭᠠᠷᠠᠭᠤᠯᠵᠤ᠂ ᠬᠤᠯᠪᠣᠭᠳᠠᠯ ᠪᠦᠬᠦᠢ ᠲᠦᠷᠦ ᠶᠢᠨ ᠪᠣᠳᠣᠯᠭ᠎ᠠ ᠶᠢ ᠭᠦᠢᠴᠡᠳ ᠪᠥᠭᠡᠳ ᠠᠮᠢᠳᠤᠯᠢᠭ ᠢᠶᠠᠷ ᠬᠡᠷᠡᠭᠯᠡᠵᠦ᠂

ᠦᠨᠡᠨ ᠬᠦ ᠬᠠᠶᠢᠷ᠎ᠠ ᠰᠡᠳᠬᠢᠯᠭᠡ ᠶᠢᠨ ᠲᠠᠯ᠎ᠠ ᠪᠠᠷ ᠬᠦᠴᠢᠷᠳᠡᠯᠲᠡᠢ ᠤᠯᠠᠨ ᠲᠦᠮᠡᠨ ᠲᠠᠢ ᠣᠶᠢᠷᠠᠳᠴᠤ᠂ ᠦᠢᠯᠡ

ᠠᠵᠢᠯᠯᠠᠭ᠎ᠠ ᠶᠢᠨ ᠲᠠᠯ᠎ᠠ ᠪᠠᠷ ᠬᠦᠴᠢᠷᠳᠡᠯᠲᠡᠢ ᠤᠯᠠᠨ ᠲᠦᠮᠡᠨ ᠤ ᠳᠤᠮᠳᠠ ᠭᠦᠨᠵᠡᠭᠡᠶᠢᠷᠡᠵᠦ᠂ ᠠᠰᠢᠭ ᠲᠤᠰᠠ ᠶᠢᠨ

ᠲᠠᠯ᠎ᠠ ᠪᠠᠷ ᠬᠦᠴᠢᠷᠳᠡᠯᠲᠡᠢ ᠤᠯᠠᠨ ᠲᠦᠮᠡᠨ ᠢ ᠬᠠᠮᠠᠭᠠᠯᠠᠵᠤ᠂ ᠨᠡᠩ ᠤᠯᠠᠨ ᠵᠡᠮᠳᠡᠭ ᠬᠡᠦᠬᠡᠳ ᠢ ᠵᠣᠯ ᠵᠢᠷᠭᠠᠯ ᠲᠠᠢ

ᠰᠠᠶᠢᠨ ᠰᠠᠶᠢᠬᠠᠨ ᠠᠮᠢᠳᠤᠷᠠᠯ ᠲᠠᠢ ᠪᠣᠯᠭᠠᠬᠤ ᠬᠡᠷᠡᠭᠲᠡᠢ ᠭᠡᠵᠦ ᠵᠠᠬᠢᠪᠠ᠃

 
ᠢᠷᠡᠯᠲᠡ᠄ ᠰᠢᠭᠤᠶᠢᠲᠤ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号